ᠶᠢᠨ ᠶᠦᠩ ᠯᠢ ᠱᠦᠵᠢ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2022/12/28
  12 ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠱᠦᠵᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠯᠪᠣᠭᠳᠠᠯ ᠪᠥᠬᠦᠶ ᠶᠠᠪᠤᠳᠠᠯ ᠢ ᠰᠤᠳᠤᠯᠪᠠ᠃
  ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠶᠢᠨ ᠶᠦᠩ ᠯᠢ᠂ ᠭᠤᠤᠯᠳᠠᠯᠭ᠎ᠠ ᠲᠠᠢ ᠠᠵᠤ ᠦᠶᠯᠡᠰ ᠤᠨ ᠲᠥᠷᠥᠯ ᠵᠦᠶᠯ ᠪᠣᠯ ᠴᠢᠨᠠᠷ ᠰᠠᠶᠢᠲᠠᠶ ᠬᠥᠭᠵᠢᠯᠲᠡ ᠶᠢᠨ ᠡᠬᠢ ᠪᠤᠯᠠᠭ ᠮᠥᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠭᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠰᠤᠯᠠᠷᠠᠭᠤᠯᠤᠯ ᠥᠬᠡᠶ ᠪᠠᠷᠢᠮᠲᠠᠯᠠᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠵᠢᠭᠦᠯᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠠᠩᠭᠢ ᠶᠢ ᠱᠠᠯᠠᠪᠳᠠᠨ ᠪᠠᠶᠢᠭᠤᠯᠵᠤ᠂ ᠳᠠᠷᠤᠶ ᠲᠦᠷᠭᠡᠨ ᠬᠥᠳᠡᠯᠦᠯᠴᠡᠵᠦ᠂ ᠥᠷᠯᠥᠭᠡ ᠦᠳᠡᠰᠢ ᠶᠢ ᠲᠡᠮᠡᠴᠡᠨ᠂ ᠪᠥᠬᠦ ᠬᠦᠴᠦᠨ ᠢᠶᠠᠷ ᠢᠶᠠᠨ ᠰᠢᠨ᠎ᠡ ᠨᠡᠮᠡᠭᠳᠡᠯ ᠤᠨ ᠬᠡᠮᠵᠢᠶ᠎ᠡ ᠶᠢ ᠪᠤᠶᠢᠵᠢᠭᠤᠯᠵᠤ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ᠂ ᠰᠢᠨ᠎ᠡ ︽ᠰᠢᠯᠭᠠᠯᠲᠠ ᠳᠤ ᠣᠷᠣᠯᠴᠠᠬᠤ︾ ᠵᠠᠮ ᠳᠡᠭᠡᠷ᠎ᠡ ᠴᠢᠨᠠᠷ ᠰᠠᠶᠢᠲᠠᠶ ᠬᠥᠭᠵᠢᠯᠲᠡ ᠶᠢᠨ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠪᠡ᠃      ᠶᠢᠨ ᠶᠦᠩ ᠯᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠂ ᠨᠠᠷᠢᠨ ᠲᠠᠩᠰᠠ ᠶᠢᠨ ᠬᠡᠯᠪᠡᠷᠢ ᠪᠠᠷ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠴᠠᠭ ᠤᠨ ᠵᠠᠩᠬᠢᠯᠭ᠎ᠠ ᠶᠢᠨ ᠴᠡᠭ ᠶᠣᠰᠣᠭᠠᠷ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠠᠵᠢᠯ ᠤᠨ ᠠᠬᠢᠴᠠ ᠳᠤ ᠭᠠᠷᠠᠭ ᠪᠦᠷᠢ ᠲᠤᠬᠢᠷᠠᠭᠤᠯᠤᠯᠲᠠ ᠬᠢᠵᠦ᠂ ᠡᠳᠦᠷ ᠪᠦᠷᠢ ᠠᠬᠢᠭᠤᠯᠵᠤ᠂ ᠴᠠᠭ ᠲᠤᠬᠠᠢ ᠳᠤᠨᠢ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ ᠶᠢᠨ ᠠᠯᠬᠤᠮ ᠨᠢᠬᠡᠪᠦᠷᠢ᠂ ᠭᠤᠬᠴᠤᠭ᠎ᠠ ᠨᠢᠬᠡᠪᠦᠷᠢ ᠶᠢ ᠪᠣᠳᠠᠲᠠᠢ ᠠᠳᠬᠤᠬᠤ ᠬᠡᠷᠡᠭᠲᠡᠢ᠃ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠵᠣᠬᠢᠴᠠᠯᠳᠤᠨ ᠨᠡᠪᠲᠡᠷᠡᠯᠴᠡᠬᠦ ᠪᠠ ᠬᠠᠮᠵᠢᠯᠴᠠᠬᠤ ᠶᠢ ᠴᠢᠩᠭᠠᠳᠬᠠᠨ᠂ ᠠᠵᠢᠯ ᠤᠨ ᠬᠠᠮᠳᠤᠷᠠᠯ ᠬᠦᠴᠦᠨ ᠢ ᠨᠢᠭᠲᠠᠷᠠᠭᠤᠯᠵᠤ ᠪᠣᠳᠠᠲᠤ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠪᠠᠲᠤᠯᠠᠵᠤ᠂ ᠪᠡᠯᠡ ᠮᠥᠩᠭᠦ᠂ ᠬᠥᠮᠦᠨ ᠤ ᠬᠦᠴᠦᠨ᠂ ᠭᠠᠵᠠᠷ ᠰᠢᠷᠣᠢ ᠵᠡᠷᠭᠡ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠬᠦᠢᠴᠡᠳᠬᠡᠬᠦᠯᠬᠦ ᠶᠢ ᠴᠢᠩᠭᠠᠳᠬᠠᠵᠤ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠠᠮᠤᠭ ᠤᠨ ᠲᠦᠷᠭᠡᠨ ᠬᠤᠷᠳᠤᠴᠠ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ  ᠬᠡᠵᠡᠢ᠃    ᠲᠤᠭᠤᠷᠢᠭ ᠤᠨ ᠤᠳᠤᠷᠢᠳᠤᠯᠭ᠎ᠠ ᠯᠢ ᠵᠦᠩ᠂ ᠵᠠᠢ ᠶᠦᠨ ᡂᠢ᠂ ᠢᠦᠢ ᠷᠦᠢ ᠴᠢᠩ᠂ ᠦ᠋ ᠱᠧᠨ ᠮᠦᠸᠧ᠂ ᠵᠧᠦ ᠬᠠᠢ ᠹᠸᠢ ᠬᠤᠷᠠᠯ ᠳᠤ ᠣᠷᠣᠯᠴᠠᠪᠠ᠃ ︵ᠰᠤᠷᠪᠤᠯᠵᠢᠯᠠᠭᠴᠢ᠄ ᠹᠧᠩ ᠰᠢᠤᠸᠠᠢ  ᠬᠢᠨᠠᠨ ᠬᠠᠷᠭᠤᠭᠤᠯᠤᠬᠰᠠᠨ ᠨᠢ ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号