︽ᠣᠯᠠᠨ ᠢᠶᠠᠷ ᠢᠶᠠᠨ ︿ᠨᠢᠭᠡ ᠮᠧᠲᠷ ᠤᠨ ᠵᠠᠢ﹀ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠮᠬᠢ | ᠳᠠᠷᠠᠭ᠎ᠠ ᠲᠠᠢ ᠮᠥᠷᠯᠡᠵᠦ᠂ ᠠᠮᠠᠪᠴᠢ ᠪᠠᠨ ᠰᠠᠶᠢᠬᠠᠨ ᠵᠡᠭᠦᠭᠡᠷᠡᠶ ᠁︾ ᠭᠡᠵᠦ ᠬᠡᠯᠡᠪᠡ᠃ | ︽ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ ᠪᠠᠷᠠᠭᠰᠠᠨ ᠤ ᠳᠠᠷᠠᠭ᠎ᠠ ᠣᠯᠠᠨ ᠢᠶᠠᠷ ᠢᠶᠠᠨ ᠭᠡᠷ ᠲᠡᠭᠡᠨ | ᠬᠠᠷᠢᠵᠤ ᠠᠮᠠᠷᠠᠭᠠᠷᠠᠶ᠂ ᠪᠠᠶᠢᠴᠠᠭᠠᠯᠲᠠ ᠶᠢᠨ ᠭᠠᠵᠠᠷ ᠲᠤ ᠪᠢᠲᠡᠭᠡᠶ ᠦᠯᠡᠳᠡᠭᠡᠷᠡᠶ ᠁ ︾ ᠭᠡᠵᠦ ᠬᠡᠯᠡᠪᠡ᠃ | 2 ᠰᠠᠷ᠎ᠠ ᠶᠢᠨ 20 ᠤ ᠡᠳᠦᠷ᠂ ᠬᠥᠨᠳᠡᠯᠡᠨ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ | ᠬᠦᠴᠢᠯ ᠢ ᠪᠠᠶᠢᠴᠠᠭᠠᠨ ᠬᠡᠮᠵᠢᠬᠦ ᠰᠢᠭᠰᠢᠨ ᠪᠠᠶᠢᠴᠠᠭᠠᠬᠤ ︽ᠳᠣᠬᠢᠶᠠᠨ ᠤ ᠫᠤᠤ︾ ᠶᠢ ᠳᠤᠤᠭᠠᠷᠭᠠᠵᠤ᠂ ᠪᠦᠬᠦ | ᠲᠣᠭᠤᠷᠢᠭ ᠤᠨ 448 ᠪᠥᠭᠡᠮ ᠬᠦᠴᠢᠯ ᠤᠨ ᠦᠯᠢᠭᠡᠷ ᠠᠪᠬᠤ ᠴᠡᠭ ᠥᠷᠯᠥᠭᠡ ᠶᠢᠨ 5᠄ 30 ᠳᠤ | ᠪᠦᠬᠦᠨ ᠢᠶᠠᠷ ᠢᠶᠠᠨ ᠠᠵᠢᠯᠯᠠᠬᠤ ᠪᠠᠶᠢᠳᠠᠯ ᠳᠠᠭᠠᠨ ᠣᠷᠣᠪᠠ᠃ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠡᠮᠦᠨ᠎ᠡ ᠨᠢ ᠭᠠᠪᠰᠢᠭᠠᠶᠢᠯᠠᠬᠤ | ᠵᠣᠷᠢᠭ ᠰᠠᠨᠠᠭ᠎ᠠ ᠪᠠᠷ᠂ 30 ᠭᠠᠷᠤᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠵᠣᠬᠢᠶᠠᠨ | ᠪᠠᠶᠢᠭᠤᠯᠤᠨ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ | ᠠᠵᠢᠯ ᠤᠨ ᠡᠮᠦᠨ᠎ᠡ ᠹᠷᠣᠨᠲ ᠲᠤ ᠣᠷᠣᠯᠴᠠᠭᠤᠯᠵᠤ᠂ ᠡᠮᠦᠨ᠎ᠡ ᠹᠷᠣᠨᠲ ᠤᠨ ᠡᠮᠨᠡᠯᠭᠡ ᠶᠢᠨ ᠠᠵᠢᠯᠳᠠᠨ᠂ ᠦᠨᠳᠦᠰᠦᠨ | ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠠᠢ ᠮᠥᠷᠥ ᠵᠡᠷᠭᠡᠴᠡᠨ ᠪᠠᠶᠢᠯᠳᠤᠵᠤ᠂ ᠮᠡᠳᠡᠭᠡ ᠵᠠᠩᠭᠢ ᠲᠠᠩᠰᠠᠯᠠᠬᠤ᠂ | ᠵᠢᠭᠠᠨ ᠵᠢᠯᠣᠭᠤᠳᠬᠤ ᠪᠠ ᠡᠮᠬᠢ ᠳᠢᠭᠯᠢᠮ ᠢ ᠬᠠᠮᠠᠭᠠᠯᠠᠬᠤ ᠠᠵᠢᠯ ᠢ ᠬᠠᠮᠵᠢᠨ ᠬᠢᠵᠦ᠂ ᠭᠤᠣᠯᠳᠠᠯᠭ᠎ᠠ ᠲᠠᠢ ᠣᠷᠣᠨ | ᠪᠦᠰᠡ ᠶᠢᠨ ᠬᠥᠮᠦᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ | ᠬᠦᠴᠦᠨ ᠨᠡᠮᠡᠷᠢᠯᠡᠪᠡ᠃ | | | | | ᠤᠨᠢᠨ ᠳᠡᠭᠡᠷ᠎ᠡ ᠨᠢ ᠬᠢᠨᠠᠯᠲᠠ ᠲᠠᠯᠪᠢᠵᠤ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ | ᠣᠶᠢᠷ᠎ᠠ ᠳᠤ᠂ ᠮᠠᠨ ᠤ ᠬᠤᠲᠠ ᠭᠡᠨᠡᠳᠲᠡ ᠬᠢᠵᠢᠭ ᠳᠤ ᠳᠠᠭᠠᠷᠢᠭᠳᠠᠭᠰᠠᠨ ᠪᠠᠶᠢᠳᠠᠯ ᠤᠨ ᠡᠮᠦᠨ᠎ᠡ᠂ ᠬᠥᠨᠳᠡᠯᠡᠨ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠦ ᠬᠢᠨᠠᠯᠲᠠ ᠲᠠᠯᠪᠢᠬᠤ ᠠᠵᠢᠯ ᠢ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠪᠣᠳᠠᠲᠠᠢ ᠦᠢᠯᠡᠳᠦᠯᠭᠡ ᠶᠢᠨ ᠰᠢᠯᠭᠠᠯᠲᠠ ᠪᠣᠯᠭᠠᠵᠤ᠂ ᠵᠠᠷᠯᠢᠭ ᠢ ᠰᠣᠨᠣᠰᠤᠮᠠᠭᠴᠠ | ᠬᠥᠳᠡᠯᠦᠯᠴᠡᠨ᠂ ᠪᠦᠭᠦᠨ ᠢᠶᠠᠷ ᠢᠶᠠᠨ ᠪᠠᠶᠢᠯᠳᠤᠭᠠᠨ ᠳᠤ ᠣᠷᠣᠯᠴᠠᠵᠤ᠂ ᠡᠮᠦᠨ᠎ᠡ ᠹᠷᠣᠨᠲ ᠲᠤ ᠭᠦᠨᠵᠡᠭᠡᠶᠢᠷᠡᠵᠦ᠂ | ᠤᠨᠢᠨ ᠳᠡᠭᠡᠷ᠎ᠡ ᠨᠢ ᠬᠢᠨᠠᠯᠲᠠ ᠲᠠᠯᠪᠢᠬᠤ ᠪᠠ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠪᠠᠷ ᠬᠥᠨᠳᠡᠯᠡᠨ | ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠭᠤᠣᠯᠳᠠᠯᠭ᠎ᠠ ᠲᠠᠢ ᠣᠷᠣᠨ ᠪᠦᠰᠡ ᠶᠢᠨ | ᠬᠥᠮᠦᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠳᠤ ᠬᠠᠮᠠᠭᠠᠯᠠᠯᠲᠠ ᠬᠢᠪᠡ᠃ | ︽ᠡᠨᠡᠬᠦ ᠦᠯᠢᠭᠡᠷ ᠠᠪᠬᠤ ᠴᠡᠭ ᠤᠨ ᠠᠵᠢᠯᠲᠠᠨ ᠠᠵᠢᠯ ᠤᠨ ᠪᠠᠶᠢᠷᠢ ᠳᠤ ᠪᠠᠨ ᠭᠠᠷᠣᠭᠰᠠᠨ ᠤᠤ︖ ᠪᠥᠭᠡᠮ | ᠬᠦᠴᠢᠯ ᠢ ᠪᠠᠶᠢᠴᠠᠭᠠᠨ ᠬᠡᠮᠵᠢᠬᠦ ᠠᠵᠢᠯ ᠤᠨ ᠵᠢᠷᠤᠮ ᠢ ᠵᠢᠷᠤᠮᠵᠢᠭᠤᠯᠬᠤ ᠬᠡᠷᠡᠭᠲᠡᠶ ᠁︾ ᠭᠡᠵᠦ ᠬᠡᠯᠡᠪᠡ᠃ | ︽ᠬᠠᠶᠠᠭᠳᠠᠮᠠᠯ ᠡᠮ ᠡᠮᠨᠡᠯᠭᠡ ᠶᠢᠨ ᠬᠡᠷᠡᠭᠰᠡᠯ ᠢ ᠴᠠᠭ ᠲᠤᠬᠠᠶ ᠳᠤᠨᠢ ᠴᠡᠪᠡᠷᠯᠡᠵᠦ᠂ ᠬᠤᠶᠠᠳᠠᠬᠢ ᠤᠳᠠᠭᠠᠨ ᠤ | ᠪᠣᠬᠢᠷᠲᠤᠯ ᠡᠭᠦᠰᠬᠦ ᠠᠴᠠ ᠵᠠᠶᠢᠯᠠᠰᠬᠢᠨ᠎ᠡ ᠁︾ | 10 ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ᠂ 60 ᠭᠠᠷᠤᠶ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ᠂ 102 ᠭᠠᠴᠠᠭᠠᠨ ᠤ ᠺᠠᠳ᠋ᠷ︵ᠨᠡᠶᠢᠭᠡᠮ ᠲᠣᠭᠤᠷᠢᠭ︶᠂ ᠨᠠᠭᠠᠰᠢ ᠴᠠᠭᠠᠰᠢ ᠭᠦᠶᠦᠭᠰᠡᠨ ᠨᠢ | ᠬᠡᠳᠦᠨ ᠵᠠᠭᠤᠨ ᠺᠢᠯᠣᠮᠧᠲᠷ ᠲᠤ ᠬᠦᠷᠴᠡᠶ᠃ | | ᠲᠣᠭᠤᠷᠢᠭ ᠤᠨ ᠨᠠᠮ ᠤᠨ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠣᠯ ᠤᠳᠤᠷᠢᠳᠤᠯᠭ᠎ᠠ ᠲᠦᠷᠦᠭᠦᠯᠡᠨ | ᠳᠠᠭᠤᠷᠢᠶᠠᠯ ᠦᠵᠡᠭᠦᠯᠵᠦ᠂ ᠴᠡᠷᠢᠭ ᠳᠠᠭᠠᠭᠤᠯᠤᠨ ︽ᠠᠶᠠᠨ ᠳᠠᠶᠢᠨ ᠳᠤ ᠮᠣᠷᠳᠠᠵᠦ︾᠂ ᠪᠦᠬᠦ ᠲᠣᠭᠤᠷᠢᠭ ᠤᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ︽ᠪᠠᠶᠢᠯᠳᠤᠭᠠᠨ ᠳᠤ ᠣᠷᠣᠯᠴᠠᠵᠤ︾᠂ ᠴᠠᠭ ᠲᠠᠢ | ᠤᠷᠤᠯᠳᠤᠨ᠂ ᠬᠢᠵᠢᠭ ᠲᠠᠢ ᠡᠰᠡᠷᠭᠦᠴᠡᠯᠳᠦᠨ᠂ ᠭᠤᠤᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ | ᠬᠦᠴᠢᠯ ᠤᠨ ᠪᠠᠶᠢᠴᠠᠭᠠᠨ ᠬᠡᠮᠵᠢᠬᠦ ᠴᠡᠭ ᠲᠤ ᠭᠦᠨᠵᠡᠭᠡᠶᠢᠷᠡᠵᠦ᠂ ᠡᠮᠴᠢ ᠰᠤᠪᠢᠯᠠᠭᠴᠶ᠂ ᠨᠡᠶᠢᠭᠡᠮ ᠲᠣᠭᠤᠷᠢᠭ ᠂ | ᠪᠠᠶᠢᠭᠤᠯᠤᠯᠭ᠎ᠠ ᠶᠢᠨ ᠠᠵᠢᠯᠲᠠᠨ ᠤ ᠠᠵᠢᠯ ᠤᠨ ᠪᠠᠶᠢᠷᠢ ᠳᠤ ᠭᠠᠷᠤᠭᠰᠠᠨ ᠪᠠᠶᠢᠳᠠᠯ᠂ ᠥᠯᠢᠭᠡᠷ ᠠᠪᠬᠤ ᠴᠡᠭ ᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠥᠯᠢᠭᠡᠷ ᠠᠪᠬᠤ ᠲᠥᠬᠦᠭᠡᠷᠦᠮᠵᠢ ᠪᠠ | ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠤᠨ ᠪᠠᠲᠤᠯᠠᠭ᠎ᠠ᠂ ᠲᠤᠬᠠᠶ ᠶᠢᠨ ᠲᠠᠯᠠᠪᠤᠷ ᠤᠨ ᠡᠮᠬᠢ ᠵᠢᠷᠤᠮ ᠤᠨ | ᠬᠠᠮᠠᠭᠠᠯᠠᠯᠲᠠ ᠵᠡᠷᠭᠡ ᠪᠠᠶᠢᠳᠠᠯ ᠤᠨ ᠲᠣᠭᠤᠷᠢᠨ ᠳᠤ ᠲᠤᠬᠠᠶ ᠶᠢᠨ ᠲᠠᠯᠠᠪᠤᠷ ᠲᠤ ︽ᠣᠶᠢᠷᠠᠲᠤᠭᠤᠯᠬᠤ ᠮᠠᠶ᠋ᠢᠭ ᠤᠨ | ᠬᠢᠨᠠᠯᠲᠠ ᠲᠠᠯᠪᠢᠬᠤ︾᠂ ᠨᠠᠷᠢᠯᠢᠭ ᠣᠨᠣᠪᠴᠢᠲᠠᠢ ᠪᠠᠷ ︽ᠬᠠᠪᠰᠤᠷᠬᠤ ᠮᠠᠶ᠋ᠢᠭ ᠤᠨ ᠬᠢᠨᠠᠯᠲᠠ ᠲᠠᠯᠪᠢᠬᠤ︾ ᠠᠵᠢᠯ ᠢ | ᠭᠤᠤᠯᠳᠠᠯᠭ᠎ᠠ ᠲᠠᠢ ᠥᠷᠨᠢᠭᠦᠯᠦᠨ᠎ᠡ᠃ ᠴᠠᠭ ᠲᠤᠬᠠᠶ ᠳᠤᠨᠢ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠬᠡᠷᠡᠭᠯᠡᠨ | ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠬᠢᠨᠠᠯᠲᠠ ᠲᠠᠯᠪᠢᠵᠤ᠂ ᠲᠤᠬᠠᠶ ᠶᠢᠨ ᠲᠠᠯᠠᠪᠤᠷ ᠲᠤ ᠴᠡᠭᠴᠡᠯᠡᠨ | ᠦᠭᠡᠷᠡᠴᠢᠯᠡᠬᠦ ᠱᠠᠭᠠᠷᠳᠠᠯᠭ᠎ᠠ ᠶᠢ ᠲᠣᠳᠣᠷᠬᠠᠶᠢᠯᠠᠵᠤ᠂ ᠳᠠᠷᠦ᠋ᠢᠬᠠᠨ ᠴᠡᠭᠴᠡᠯᠡᠨ ᠦᠭᠡᠷᠡᠴᠢᠯᠡᠬᠦ ᠶᠢ ᠰᠢᠪᠠᠳᠠᠨ᠎ᠠ︔ | ᠡᠭᠦᠨ ᠤ ᠬᠠᠮᠲᠤ᠂ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠬᠤᠷᠢᠶᠠᠩᠭᠤᠶᠢᠯᠠᠵᠤ᠂ ᠬᠠᠭᠠᠰ ᠴᠠᠭ ᠪᠦᠷᠢ ᠳᠤ | ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠬᠠᠷᠢᠭᠤ ᠲᠤᠰᠬᠠᠵᠤ᠂ | ᠭᠤᠤᠯᠳᠠᠯᠭ᠎ᠠ ᠲᠠᠢ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠦᠭᠡᠷᠡᠴᠢᠯᠡᠨ᠎ᠡ᠃ ᠣᠳᠣ ᠪᠣᠯᠲᠠᠯ᠎ᠠ᠂ ᠨᠡᠶᠢᠲᠡ 4 | ᠲᠥᠷᠥᠯ ᠤᠨ 18 ᠵᠤᠷᠪᠤᠰ 121 ᠠᠰᠠᠭᠤᠳᠠᠯ ᠢ ᠢᠯᠡᠷᠡᠭᠦᠯᠵᠦ᠂ ᠪᠦᠬᠦᠨ ᠢ ᠬᠠᠷᠢᠭᠤ ᠲᠤᠰᠬᠠᠬᠤ ᠶᠢᠨ ᠬᠠᠮᠲᠤ | ᠴᠡᠭᠴᠡᠯᠡᠨ ᠦᠭᠡᠷᠡᠴᠢᠯᠡᠬᠦ ᠪᠠᠷ ᠱᠠᠭᠠᠷᠳᠠᠵᠤ ᠪᠠᠶᠢᠨ᠎ᠠ᠃ | | ᠡᠮᠦᠨ᠎ᠡ ᠹᠷᠣᠨᠲ ᠤᠨ ᠦᠢᠯᠡᠴᠢᠯᠡᠭᠡ ᠶᠢ ᠰᠠᠶᠢᠲᠣᠷ ᠰᠠᠬᠢᠨ᠎ᠠ | ︽ᠠᠮᠠᠪᠴᠢ ᠪᠠᠨ ᠰᠠᠶᠢᠬᠠᠨ ᠵᠡᠭᠦᠵᠦ᠂ ᠨᠢᠭᠡ ᠮᠧᠲᠷ ᠤᠨ ᠵᠠᠶ ᠶᠢ ᠪᠠᠲᠤᠯᠠᠨ᠎ᠠ︾ | ︽ᠲᠠ ᠪᠠᠶᠢᠴᠠᠭᠠᠨ ᠬᠡᠮᠵᠢᠯᠲᠡ ᠶᠢᠨ ᠺᠣᠳ᠋ ᠪᠤᠶᠤ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠦᠭᠡᠷᠡᠶ ᠁ | ︾ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠬᠤ | ᠶᠢ ᠰᠠᠶᠢᠲᠤᠷ ᠬᠢᠬᠦ ᠶᠢᠨ ᠬᠠᠮᠲᠤ᠂ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠢ | ᠪᠠᠶᠢᠴᠠᠭᠠᠨ ᠬᠡᠮᠵᠢᠬᠦ ︽ᠪᠠᠶᠢᠯᠳᠤᠭᠴᠢ︾ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ 5 ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠬᠢ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠤᠨ ᠪᠥᠭᠡᠮ | ᠬᠦᠴᠢᠯ ᠤᠨ ᠦᠯᠢᠭᠡᠷ ᠠᠪᠬᠤ ᠴᠡᠭ ᠲᠤ ᠬᠦᠷᠴᠣ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢᠨ ᠬᠠᠮᠲᠤ᠂ | ᠨᠢᠭᠡ ︽ᠬᠠᠲᠠᠭᠤ ᠴᠥᠮ᠎ᠡ︾ ᠶᠢᠨ ᠠᠩᠬᠢ ᠶᠢ ᠲᠣᠮᠢᠯᠠᠵᠤ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠢ ᠪᠠᠲᠤ | ᠰᠠᠬᠢᠪᠠ᠃ ᠬᠦᠢᠲᠡᠨ ᠰᠠᠯᠬᠢᠨ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ︽ᠴᠠᠭᠠᠨ | ᠠᠨᠴᠢᠯ︾ ᠪᠣᠯᠵᠤ᠂ ᠥᠷᠯᠥᠭᠡ ᠠᠴᠠ ᠦᠳᠡᠰᠢ ᠪᠣᠯᠲᠠᠯ᠎ᠠ᠂ ᠲᠦᠷ ᠴᠠᠭ ᠤᠨ ᠮᠠᠶᠢᠬᠠᠨ ᠠᠴᠠ ᠭᠠᠳᠠᠭᠰᠢ ᠭᠠᠷᠬᠤ ᠳᠤ | ᠳᠥᠭᠦᠮ ᠦᠭᠡᠢ ᠰᠠᠭᠤᠭᠠᠯᠢ ᠠᠷᠠᠳ ᠲᠤ ᠦᠢᠯᠡᠴᠢᠯᠡᠵᠦ᠂ ᠢᠳᠠᠪᠬᠢᠳᠡᠢ ᠠᠷᠭ᠎ᠠ ᠬᠡᠮᠵᠢᠶ᠎ᠡ ᠪᠠ ᠦᠢᠯᠡᠴᠢᠯᠡᠭᠡ ᠪᠠᠷ ︽ | ᠭᠡᠷ ᠪᠦᠯᠢ ᠶᠢᠨ ᠪᠦᠷᠢᠯᠳᠦᠬᠦᠨ︾ ᠨᠢᠭᠡᠪᠦᠷᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ | ᠪᠠᠲᠤᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠪᠣᠳᠠᠲᠤ ᠠᠵᠢᠯᠯᠠᠭ᠎ᠠ᠂ ᠵᠣᠷᠢᠭᠲᠠᠢ ᠪᠠᠷ | ᠳᠠᠶᠢᠯᠠᠯᠳᠤᠭᠠᠨ ᠬᠢᠬᠦ ᠰᠤᠷᠲᠠᠯ ᠪᠣᠯᠤᠨ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠷ ᠬᠥᠨᠳᠡᠯᠡᠨ | ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠪᠤᠯᠤᠳ ᠬᠡᠷᠡᠮ ᠲᠡᠮᠦᠷ ᠬᠠᠨ᠎ᠠ︾ ᠶᠢ ᠪᠠᠲᠤ | ᠴᠣᠭᠴᠠᠯᠠᠪᠠ᠃ | | ᠬᠠᠬᠢᠷ ᠡᠪᠦᠯ ᠦᠡᠭᠭᠡᠷᠡᠵᠤ᠂ ᠣᠷᠢᠬᠠᠨ ᠬᠠᠪᠤᠷ ᠢᠷᠡᠬᠦ ᠴᠠᠭ ᠲᠤ ᠬᠢᠵᠢᠭ ᠯᠠᠪᠳᠠᠢ ᠠᠷᠢᠯᠠᠬᠤ ᠶᠤᠮ᠃ ᠲᠤᠰ | ᠣᠳᠠᠭᠠᠨ ᠤ ᠲᠠᠶᠢᠯᠠᠯᠳᠤᠭᠠᠨ ᠳᠤ᠂ ᠬᠥᠨᠳᠡᠯᠡᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷ ᠬᠢᠨᠠᠯᠲᠠ ᠲᠠᠯᠪᠢᠬᠤ ᠶᠢ ᠪᠠᠲᠤᠯᠠᠵᠤ᠂ ᠦᠢᠯᠡᠴᠢᠯᠡᠭᠡ ᠪᠠᠷ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠰᠠᠬᠢᠨ | ᠰᠠᠭᠤᠬᠤ ᠪᠠᠷ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠰᠠᠬᠢᠯᠭ᠎ᠠ ᠪᠠᠲᠤ | ᠪᠠᠶᠢᠴᠠᠭᠠᠭᠴᠢ ᠶᠢᠨ ᠴᠤᠭ ᠵᠢᠪᠬᠤᠭ᠎ᠠ ᠶᠢ ᠴᠠᠭ ᠢᠮᠠᠭᠲᠠ ᠪᠠᠳᠠᠷᠠᠭᠤᠯᠵᠤ᠂ ᠴᠢᠩᠭ᠎ᠠ ᠪᠠᠲᠤ ᠬᠠᠷᠢᠭᠤᠴᠠᠯᠭ᠎ᠠ ᠪᠠᠷ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ᠃ | ︵ᠢᠷᠡᠯᠲᠡ᠄ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠤᠬᠠᠭᠤᠯᠬᠤ ᠬᠡᠯᠲᠡᠰ ᠤᠨ ᠠᠯᠪᠠᠨ ᠬᠡᠷ︶ |