︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠨ᠎ᠡ︾  ᠬᠥᠨᠳᠡᠯᠡᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠥᠷᠪᠡᠨ ︽ᠬᠠᠮᠤᠭ ᠤᠨ ᠲᠡᠷᠢᠭᠦᠨ ᠳᠤ︾ ᠶᠢ ᠠᠳᠬᠤᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2022/2/27
     ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠳᠠᠷᠤᠶ ᠬᠠᠷᠢᠭᠤᠴᠠᠯᠭ᠎ᠠ ᠮᠥᠨ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠪᠡᠯ ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠴᠢᠬᠤᠯᠠ ᠪᠠᠶᠢᠷᠢᠯᠠᠭᠤᠯᠤᠯᠲᠠ ᠪᠣᠯᠤᠨ ᠬᠠᠮᠤᠭ ᠰᠢᠨ᠎ᠡ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠵᠤ᠂ ᠲᠦᠷᠪᠡᠨ ︽ᠬᠠᠮᠤᠭ ᠤᠨ ᠲᠡᠷᠢᠭᠦᠨ ᠳᠤ︾ ᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠷᠮᠠᠶᠢᠨ ᠡᠭᠦᠷᠭᠡᠯᠡᠨ᠎ᠠ᠃
     ᠬᠠᠮᠤᠭ ᠤᠨ ᠲᠡᠷᠢᠭᠦᠨ ᠳᠤ ᠬᠢᠵᠢᠭ ᠢ ᠰᠡᠷᠭᠡᠶᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ᠃ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠲᠣᠭᠤᠷᠢᠭ ᠤᠨ ᠣᠳᠣᠬᠠᠨ ᠤ ᠬᠢᠵᠢᠭ ᠤᠨ ᠬᠥᠭᠵᠢᠯᠲᠡ ᠶᠢᠨ ᠪᠠᠶᠢᠳᠠᠯ ᠵᠢᠴᠢ ᠪᠣᠳᠠᠲᠠᠶ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠳᠤ ᠭᠦᠨᠵᠡᠭᠡᠶᠢᠷᠡᠨ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠵᠤ᠂ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠵᠡᠷᠭᠡ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠵᠦ᠂ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃      ᠬᠠᠮᠤᠭ ᠤᠨ ᠲᠡᠷᠢᠭᠦᠨ ᠳᠤ ᠦᠵᠡᠯ ᠰᠠᠨᠠᠭ᠎ᠠ ᠨᠢᠭᠡᠲᠦᠯ ᠲᠠᠢ ᠪᠠᠶᠢᠬᠤ ᠶᠢ ᠤᠬᠠᠭᠤᠯᠥᠨ᠎ᠠ᠃ ᠸᠢᠴᠠᠲ ᠤᠨ ᠪᠦᠯᠦᠭ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠮᠠᠶ᠋ᠢᠭ ᠢ ᠭᠦᠢᠴᠡᠳ ᠬᠡᠷᠡᠭᠯᠡᠨ᠂ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠵᠤ᠂ ᠪᠥᠬᠦ ᠺᠠᠳ᠋ᠷ ᠠᠵᠢᠯᠲᠠᠣᠨ ᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠨᠢᠭᠡᠳᠬᠡᠵᠦ᠂ ᠨᠢᠭᠡᠳᠦᠯᠲᠡᠶ ᠲᠣᠬᠢᠷᠠᠭᠤᠯᠬᠤ ᠪᠠ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃ ᠬᠢᠵᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠴᠢᠩᠭ᠎ᠠ ᠠᠳᠬᠤᠵᠤ᠂ ︽ᠠᠶᠤᠵᠤ ᠰᠠᠨᠳᠤᠷᠬᠤ ᠦᠭᠡᠢ᠂ ᠬᠥᠩᠭᠡᠪᠴᠢᠯᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠤᠷᠢᠳᠴᠢᠯᠠᠨ ᠰᠡᠷᠭᠡᠶᠢᠯᠡᠬᠦ ᠪᠠ ᠰᠡᠷᠭᠡᠶᠢᠯᠡᠨ ᠡᠵᠡᠮᠳᠡᠬᠦ ᠶᠢ ᠴᠢᠬᠤᠯᠠᠴᠢᠯᠠᠬᠤ᠂ ᠰᠢᠢᠳᠪᠦᠷᠢᠯᠡᠬᠦ ᠶᠢ ᠴᠢᠬᠤᠯᠠᠴᠢᠯᠠᠬᠤ︾ ᠶᠢ ᠳᠣᠷᠠᠳᠬᠤ ᠶᠢᠨ ᠬᠠᠮᠲᠤ ᠤᠯᠠᠨ ᠲᠦᠮᠡᠨ ᠢ ᠵᠢᠯᠣᠭᠤᠳᠴᠤ ᠬᠢᠬᠦ ᠶᠢ ᠪᠠᠳᠣᠯᠠᠪᠠ᠂ ᠡᠭᠦᠨ ᠠᠴᠠ ᠭᠠᠳᠠᠨ᠎ᠠ ᠬᠦᠮᠦᠰ ᠲᠤ ᠬᠢᠵᠢᠭ ᠤᠨ ᠪᠠᠶᠢᠳᠠᠯ ᠢ ᠣᠶᠤᠨᠴᠢ ᠪᠠᠷ ᠲᠠᠨᠢᠭᠤᠯᠵᠤ᠂ ᠰᠡᠷᠭᠡᠶᠢᠯᠡᠨ ᠡᠵᠡᠮᠳᠡᠬᠦ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠶᠠᠷᠢᠶ᠎ᠠ ᠬᠡᠯᠡᠯᠴᠡᠭᠡᠨ ᠤ ᠰᠠᠭᠤᠷᠢ ᠶᠢ ᠲᠠᠯᠪᠢᠵᠤ ᠦᠭᠴᠡᠢ᠃
     ᠬᠠᠮᠤᠭ ᠤᠨ ᠲᠡᠷᠢᠭᠦᠨ ᠳᠤ ᠨᠡᠶᠢᠭᠡᠮ ᠲᠣᠭᠤᠷᠢᠭ ᠲᠤ ᠬᠦᠷᠴᠣ ᠰᠡᠷᠭᠡᠶᠢᠯᠡᠨ ᠡᠵᠡᠮᠳᠡᠬᠦ ᠠᠵᠢᠯ ᠢ ᠬᠠᠮᠵᠢᠯᠴᠠᠨ᠎ᠠ ᠃ ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ 2 ᠰᠠᠷ᠎ᠠ ᠶᠢᠨ 20 ᠤ ᠡᠳᠦᠷ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠲᠡ 135 ᠺᠠᠳ᠋ᠷ ᠠᠵᠢᠯᠲᠠᠣᠨ ᠵᠣᠣ ᠶᠢᠨ ᠲᠠᠯ᠎ᠠ ᠤᠨ ᠬᠡᠷᠡᠭ ᠡᠷᠬᠢᠯᠡᠬᠦ ᠭᠠᠵᠠᠷ ᠤᠨ ᠡᠯ᠎ᠡ ᠨᠡᠶᠢᠭᠡᠮ ᠲᠣᠭᠤᠷᠢᠭ ᠲᠤ ᠬᠦᠷᠴᠣ᠂ ᠬᠠᠮᠤᠭ ᠤᠨ ᠲᠡᠷᠢᠭᠦᠨ ᠳᠤ ᠭᠤᠤᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠢ ᠬᠠᠮᠵᠢᠯᠴᠠᠨ ᠥᠷᠨᠢᠭᠦᠯᠵᠦ᠂ ᠮᠡᠳᠡᠭᠡ ᠵᠠᠩᠭᠢ ᠶᠢ ᠳᠠᠩᠰᠠᠯᠠᠬᠤ᠂ ᠡᠮᠬᠢ ᠵᠢᠷᠤᠮ ᠢ ᠪᠠᠳᠣᠯᠠᠬᠤ ᠵᠡᠷᠭᠡ ᠠᠵᠢᠯ ᠢ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠪᠡ᠃      ᠬᠠᠮᠤᠭ ᠤᠨ ᠲᠡᠷᠢᠭᠦᠨ ᠳᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠨ᠎ᠠ ᠃ ᠪᠦᠬᠦ ᠺᠠᠳ᠋ᠷ ᠠᠵᠢᠯᠲᠠᠣᠨ ᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠵᠤ᠂ ᠪᠦᠬᠦ ᠲᠣᠭᠤᠷᠢᠭ ᠤᠨ ︽ᠨᠢᠭᠡ ᠬᠥᠯᠭᠡ ᠰᠢᠲᠠᠷ᠎ᠠ︾ ᠶᠢᠨ ᠶᠡᠭᠡ ᠲᠠᠯ᠎ᠠ ᠶᠢᠨ ᠤᠬᠠᠮᠰᠠᠷ ᠢ ᠪᠤᠶ ᠪᠣᠯᠭᠠᠵᠤ᠂ ᠶᠡᠷᠦ ᠪᠤᠰᠤ ᠶᠢᠨ ᠴᠠᠭ ᠦᠶ᠎ᠡ ᠳᠤ ᠶᠡᠷᠦ ᠪᠤᠰᠤ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠠᠩᠭᠢᠯᠠᠭ᠎ᠠ ᠶᠢᠨ ᠴᠠᠭ ᠦᠶ᠎ᠡ ᠳᠤ ᠵᠠᠩᠭᠢᠯᠠᠭ᠎ᠠ ᠶᠢᠨ ᠬᠦᠴᠦᠨ ᠢᠶᠠᠨ ᠪᠠᠳᠠᠷᠠᠭᠤᠯᠵᠤ᠂ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠤᠨ ᠲᠤᠬᠢᠷᠠᠭᠤᠯᠤᠯᠳᠠ ᠶᠢ ᠳᠠᠭᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠳ ᠬᠡᠷᠡᠮ ᠲᠡᠮᠣᠷ ᠬᠠᠨ᠎ᠠ ᠶᠢ ᠪᠠᠲᠤ ᠴᠣᠭᠴᠠᠯᠠᠬᠤ ᠬᠡᠷᠡᠭᠲᠡᠢ᠃ ︵ᠢᠷᠡᠯᠲᠡ᠄ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号