︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠨ᠎ᠠ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠤᠨ ᠳᠠᠶᠢᠯᠠᠯᠳᠤᠭᠠᠨ ᠢ ᠢᠯᠠᠨ᠎ᠠ︕
ᠨᠡᠶᠢᠲᠡᠯᠡᠭᠰᠡᠨ ᠴᠠᠭ᠄
2022/2/28
     ᠬᠢᠵᠢᠭ ᠤᠨ ᠪᠠᠴᠢᠮ ᠪᠠᠶᠢᠳᠠᠯ ᠢ ᠬᠤᠶᠢᠰᠢᠯᠠᠭᠤᠯᠵᠤ ᠪᠣᠯᠬᠤ ᠦᠭᠡᠢ᠂ ᠡᠨᠡᠬᠦ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ ᠪᠠᠶᠢᠨ᠎ᠠ᠃ ᠤᠢᠢᠷ᠎ᠠ ᠶᠢᠨ ᠡᠳᠦᠷ ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠯᠭᠡᠲᠣ ᠵᠣᠷᠢᠭ ᠰᠠᠨᠠᠭ᠎ᠠ ᠪᠠᠷ ᠤᠷᠢᠶᠠᠯᠠᠭ᠎ᠠ ᠬᠢᠵᠦ᠂ ᠢᠳᠡᠪᠬᠢᠲᠡᠢ ᠪᠠᠷ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠬᠢᠵᠢᠭ ᠢ ᠡᠰᠡᠷᠭᠦᠴᠡᠬᠦ ᠬᠤᠰᠢᠭᠤᠴᠢ ᠪᠤᠯᠵᠤ᠂ ᠪᠦᠬᠦ ᠨᠡᠶᠢᠭᠡᠮ ᠬᠠᠮᠲᠤᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠤᠨ ᠳᠠᠶᠢᠯᠠᠯᠳᠤᠭᠠᠨ ᠳᠤ ᠣᠷᠣᠯᠴᠠᠪᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠬᠢᠵᠢᠭ ᠢ ᠡᠰᠡᠷᠭᠦᠴᠡᠬᠦ ᠠᠵᠢᠯ ᠢ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠦᠢᠯᠡᠳᠦᠯ ᠢᠶᠠᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠬᠤ ᠬᠤᠷᠠᠯ ᠢ ᠬᠤᠷᠠᠯᠳᠤᠵᠤ᠂ ᠠᠵᠢᠯ ᠤᠨ ᠵᠢᠷᠭᠢᠶ᠎ᠡ ᠴᠣᠭᠯᠠᠷᠠᠯ ᠵᠡᠷᠭᠡ ᠠᠷᠭ᠎ᠠ ᠬᠡᠯᠪᠡᠷᠢ ᠪᠠᠷ ᠥᠷᠭᠡᠨ ᠤᠯᠠᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠰᠠᠨᠠᠭᠠᠴᠢᠯᠠᠭ᠎ᠠ ᠶᠢᠨ ᠪᠢᠴᠢᠭ ᠪᠠᠭᠤᠯᠭᠠᠵᠤ᠂ ᠠᠵᠤ ᠠᠬᠤᠶᠢᠯᠠᠯᠲᠠᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠦᠬᠦ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠪᠠ᠃ ᠲᠤᠰᠬᠠᠶ ᠠᠵᠢᠯ ᠤᠨ ᠵᠢᠷᠭᠢᠶ᠎ᠡ ᠴᠣᠭᠯᠠᠷᠠᠯ ᠢ ᠪᠠᠶᠢᠭᠤᠯᠵᠣ᠂ ᠨᠡᠶᠢᠭᠡᠮ ᠲᠣᠭᠤᠷᠢᠭ ᠲᠠᠢ ᠬᠠᠷᠢᠴᠠᠵᠣ ᠡᠳ᠋ ᠪᠣᠳᠠᠰ ᠤᠨ ᠱᠠᠭᠠᠷᠳᠠᠯᠭ᠎ᠠ ᠶᠢ ᠣᠶᠢᠯᠠᠭᠠᠵᠤ ᠂ ︽ᠰᠡᠷᠭᠡᠶᠢᠯᠡᠨ ᠬᠠᠮᠠᠭᠠᠯᠠᠬᠤ ᠦᠢᠯᠡᠳᠬᠦᠨ ᠤ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾ ᠶᠢ ᠲᠣᠭᠲᠠᠭᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠪᠠᠴᠢᠮ ᠬᠡᠷᠡᠭᠴᠡᠭᠡ ᠲᠠᠢ ᠡᠳ᠋ ᠪᠠᠷᠠᠭ᠎ᠠ ᠶᠢ ᠴᠠᠭ ᠲᠤᠬᠠᠶ ᠳᠤᠨᠢ ᠬᠦᠷᠭᠡᠵᠡᠢ᠃      ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠤᠷᠢᠶᠠᠯᠠᠭ᠎ᠠ ᠳᠣᠣᠷ᠎ᠠ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠵᠣᠭᠤᠰ ᠮᠥᠩᠭᠦ ᠪᠠ ᠡᠳ᠋ ᠪᠣᠳᠠᠰ ᠬᠠᠨᠳᠢᠪᠯᠠᠬᠤ᠂ ᠦᠢᠯᠡᠴᠢᠯᠡᠭᠡ ᠬᠠᠩᠭᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠤᠨ
ᠳᠠᠶᠢᠯᠠᠯᠳᠤᠭᠠᠨ ᠳᠤ ᠣᠷᠣᠯᠴᠠᠭᠰᠠᠨ ᠪᠠᠶᠢᠨ᠎ᠠ᠃
     ᠸᠧᠨᠵᠸᠤ ᠶᠢᠨ ᠬᠤᠳᠠᠯᠳᠤᠭᠠᠴᠢᠳ ᠤᠨ ᠡᠪᠯᠡᠯ ᠤᠨ ᠨᠠᠮ ᠤᠨ ᠡᠭᠦᠷ ᠤᠨ ᠨᠠᠮ ᠤᠨ ᠭᠡᠰᠢᠭᠦᠨ᠂ ᠪᠤᠯᠤᠳ ᠲᠡᠮᠤᠷ 32 ᠳ᠋ᠤᠭᠠᠷ ᠬᠥᠷᠰᠢ ᠵᠡᠷᠭᠡᠯᠡᠳᠡᠭᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠲᠤᠬᠠᠢ ᠶᠢᠨ ᠲᠠᠯᠠᠪᠠᠢ ᠳᠤ ᠬᠦᠷᠴᠦ᠂ ᠡᠮᠨᠡᠯᠭᠡ ᠶᠢᠨ ᠠᠵᠢᠯᠳᠠᠨ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠭᠠᠷ ᠬᠤᠯᠪᠣᠨ ᠮᠥᠷᠥ ᠵᠡᠷᠭᠡᠴᠡᠵᠦ᠂ ᠪᠦᠬᠦ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠤᠨ ᠠᠵᠢᠯ ᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠪᠡᠶᠡᠯᠡᠭᠦᠯᠬᠦ ᠳᠤ ᠬᠦᠴᠣᠨ ᠨᠡᠮᠡᠷᠢᠯᠡᠭᠰᠡᠨ ᠪᠠᠶᠢᠨ᠎ᠠ᠃ ᠪᠣᠳᠠᠲᠤ ᠠᠵᠢᠯᠯᠠᠭ᠎ᠠ ᠪᠠᠷ ᠢᠶᠠᠨ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠷᠢᠯᠴᠠᠬᠤ᠂ ᠬᠠᠷᠢᠯᠴᠠᠨ ᠬᠠᠪᠰᠤᠷᠤᠯᠴᠠᠵᠤ᠂ ᠬᠠᠮᠲᠣ ᠪᠠᠷ ᠲᠠᠪᠰᠢᠬᠤ︾ ᠰᠠᠶᠢᠨ ᠳᠤᠷ᠎ᠠ ᠶᠢᠨ ᠠᠵᠢᠯᠲᠠᠨ ᠤ ᠵᠣᠷᠢᠭ ᠰᠠᠨᠠᠭ᠎ᠠ ᠶᠢ ᠢᠯᠡᠷᠡᠭᠦᠯᠵᠣ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ ᠂ ᠨᠢᠭᠲᠠᠷᠠᠯ ᠤᠨ ᠬᠦᠴᠦᠨ ᠪᠠ ᠪᠦᠬᠦ ᠠᠷᠠᠳ ᠤᠨ ᠬᠢᠵᠢᠭ ᠢ ᠡᠰᠡᠷᠭᠦᠴᠡᠬᠦ ᠲᠠᠶᠢᠴᠢᠨ ᠬᠦᠴᠦᠨ ᠢ ᠴᠢᠩᠭᠠᠷᠠᠭᠤᠯᠪᠠ᠃
     ᠢ ᠯᠦᠩ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠨᠢ ᠡᠮᠴᠢ᠂ ᠰᠤᠪᠢᠯᠠᠭᠴᠢ ᠶᠢᠨ ᠪᠦᠯᠬᠦᠮ ᠢᠶᠠᠷ ᠪᠦᠷᠢᠯᠳᠦᠭᠰᠡᠨ ᠢ ᠯᠦᠩ ᠠᠮᠠᠨ ᠬᠥᠨᠳᠡᠢ ᠶᠢᠨ ᠬᠢᠵᠢᠭ ᠢ ᠰᠡᠷᠭᠡᠶᠢᠯᠡᠬᠦ ᠲᠤᠰᠠᠯᠠᠭᠴᠢ ᠶᠢᠨ ᠡᠩᠨᠡᠭᠡ ᠶᠢ ᠪᠠᠶᠢᠭᠤᠯᠵᠤ᠂ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠲᠤ ᠬᠦᠷᠴᠦ᠂ ᠪᠦᠬᠦ ᠬᠤᠲᠠ ᠶᠢᠨ ᠨᠡᠶᠢᠭᠡᠮ ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠤᠨ ᠠᠵᠢᠯ ᠳᠤ ᠣᠷᠣᠯᠴᠠᠵᠤ᠂ 6 ᠨᠡᠶᠢᠭᠡᠮ ᠲᠣᠭᠤᠷᠢᠭ ᠲᠤ 20 ᠭᠠᠷᠤᠢ ᠡᠮᠨᠡᠯᠭᠡ ᠶᠢᠨ ᠬᠤᠷᠢᠶᠠᠨ ᠤ ᠠᠵᠢᠯᠲᠠᠨ ᠢ ᠲᠤᠬᠢᠷᠠᠭᠤᠯᠤᠨ ᠪᠥᠭᠡᠮ ᠬᠦᠴᠢᠯ ᠤᠨ ᠦᠯᠢᠭᠡᠷ ᠠᠪᠴᠣ᠂ ᠨᠠᠶᠢᠳᠠ 8000 ᠭᠠᠷᠤᠢ ᠬᠤᠪᠢ ᠪᠥᠭᠡᠮ ᠬᠦᠴᠢᠯ ᠤᠨ ᠦᠯᠢᠭᠡᠷ ᠠᠪᠴᠠᠢ᠃      ᠥᠪᠥᠷ ᠮᠣᠩᠭᠤᠯ ᠤᠨ ᠵᠢᠩ ᠼᠣᠣ ᠳ᠋ᠢ ᠠᠵᠤ ᠦᠢᠯᠡᠰ ᠤᠨ ᠬᠢᠵᠠᠭᠠᠷᠲᠤ ᠺᠣᠮᠫᠠᠨᠢ ᠬᠦᠨᠳᠦᠯᠡᠨ ᠭᠤᠣᠯ ᠪᠠᠯᠭᠠᠰᠤ ᠶᠢᠨ ᠬᠦᠨᠳᠦᠯᠡᠨ ᠭᠤᠣᠯ ᠤᠨ ᠪᠠᠷᠠᠭᠤᠨ ᠡᠷᠭᠢ ᠨᠡᠶᠢᠭᠡᠮ ᠲᠣᠭᠤᠷᠢᠭ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠲᠤ ᠬᠠᠶᠢᠷ᠎ᠠ ᠬᠠᠯᠠᠮᠵᠢ ᠬᠦᠷᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠴᠢᠳᠠᠯ ᠢᠶᠠᠨ ᠡᠷᠭᠦᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ  ᠪᠠᠨ ᠢᠯᠡᠷᠡᠭᠦᠯᠪᠡ᠃
     ᠵᠢᠦ ᠶᠤᠸᠠᠢ ᠢᠳᠡᠭᠡᠨ ᠤᠮᠳᠠᠭᠠᠨ 2 ᠰᠠᠷ᠎ᠠ ᠶᠢᠨ 19 ᠤ ᠡᠳᠦᠷ ᠠᠴᠠ ᠨᠠᠰᠢ᠂ ᠡᠳᠦᠷ ᠪᠦᠷᠢ ᠬᠦᠨᠳᠡᠯᠡᠨ ᠲᠣᠭᠤᠷᠢᠭ ᠤᠨ ᠨᠡᠶᠢᠭᠡᠮ ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠳᠡ ᠤᠨ ᠥᠷᠲᠡᠭᠡᠨ ᠤ ᠡᠮᠴᠢ ᠰᠤᠪᠢᠯᠠᠭᠴᠢ ᠪᠣᠯᠤᠨ ᠰᠠᠶᠢᠨ ᠳᠤᠷ᠎ᠠ ᠶᠢᠨ ᠠᠵᠢᠯᠲᠠᠳ ᠲᠤ 150 ᠬᠤᠪᠢ ᠠᠵᠢᠯ ᠤᠨ ᠬᠤᠭᠤᠯᠠ ᠬᠦᠷᠭᠡᠵᠦ᠂ ᠬᠢᠵᠢᠭ ᠢ ᠡᠰᠡᠷᠭᠦᠴᠡᠬᠦ ᠳᠤ ᠦᠷᠭᠦᠯᠵᠢᠯᠡᠨ ᠬᠤᠪᠢ ᠨᠡᠮᠡᠷᠢ ᠦᠵᠡᠭᠦᠯᠵᠦ ᠪᠠᠶᠢᠨ᠎ᠠ᠃      12 ᠠᠵᠤ ᠠᠬᠤᠶᠢᠯᠠᠯᠲᠠᠨ 12 ᠲᠦᠮᠡᠨ ᠲᠥᠭᠦᠷᠢᠭ ᠤᠨ ᠪᠠᠯᠠ ᠮᠥᠩᠭᠦ ᠭᠠᠷᠭᠠᠵᠤ᠂ ᠪᠤᠭᠤᠲᠤ ᠬᠤᠲᠠ ᠶᠢᠨ ᠬᠡᠤᠬᠡᠳ ᠤᠨ ᠡᠮᠨᠡᠯᠭᠡ ᠶᠢᠨ ᠬᠤᠷᠢᠶᠠᠨ ᠳᠤ ᠤᠯᠤᠰ ᠤᠨ ᠡᠮ ᠤᠨ ᠪᠦᠯᠦᠭᠯᠡᠯ ᠤᠨ ᠬᠠᠶ ᠡᠯ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠬᠤᠳᠠᠯᠳᠤᠨ ᠠᠪᠣᠨ ᠦᠭᠴᠦ᠂ ᠬᠡᠤᠬᠡᠳ ᠤᠨ ᠲᠤᠰᠠᠭᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠪᠠᠶᠢᠭᠤᠯᠵᠤ᠂ ᠬᠢᠵᠢᠭ ᠢ ᠡᠰᠡᠷᠭᠦᠴᠡᠬᠦ ᠠᠵᠢᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃     ᠬᠥᠨᠳᠡᠯᠡᠨ ᠲᠣᠭᠤᠷᠢᠭ ᠤᠨ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠰᠠᠯᠬᠢ ᠪᠣᠷᠣᠭᠠᠨ ᠠᠴᠠ ᠠᠶᠤᠬᠤ ᠦᠭᠡᠢ᠂ ᠢᠳᠡᠪᠬᠢᠲᠡᠢ ᠪᠠᠷ ᠬᠤᠪᠢ ᠨᠡᠮᠡᠷᠢ ᠦᠵᠡᠭᠦᠯᠬᠦ ᠬᠦᠴᠦᠲᠦ ᠤᠷᠤᠰᠬᠠᠯ ᠪᠤᠯᠵᠤ᠂ ᠡᠨᠡᠬᠦ ᠭᠡᠨᠡᠳᠲᠡ ᠢᠶᠠᠷ ᠢᠷᠡᠭᠰᠡᠨ ︽ᠬᠢᠵᠢᠭ︾ ᠢ ᠡᠰᠡᠷᠭᠦᠴᠡᠬᠦ ᠳᠠᠶᠢᠯᠠᠯᠳᠤᠭᠠᠨ ᠤ ᠳᠤᠮᠳᠠ ᠡᠷᠡᠯᠬᠡᠭ ᠪᠠᠭᠠᠲᠤᠷᠯᠢᠭ ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号