︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠨ᠎ᠡ︾ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠪᠥᠬᠦ ᠬᠦᠴᠦᠨ ᠢᠶᠠᠷ ᠢᠶᠠᠨ ᠬᠢᠵᠢᠭ ᠢ ᠡᠰᠡᠷᠭᠦᠴᠡᠨ᠎ᠡ
ᠨᠡᠶᠢᠲᠡᠯᠡᠭᠰᠡᠨ ᠴᠠᠭ᠄
2022/2/28
     ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ᠂ ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠳᠠᠷᠤᠶ ᠬᠠᠷᠢᠭᠤᠴᠠᠯᠭ᠎ᠠ ᠮᠥᠨ᠃ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠪᠦᠬᠦ ᠲᠣᠭᠤᠷᠢᠭ ᠤᠨ ᠬᠤᠳᠠ᠂ ᠲᠣᠭᠤᠷᠢᠭ᠂ ᠪᠠᠯᠭᠠᠰᠤ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ︽ᠠᠷᠠᠳ ᠲᠦᠮᠡᠨ‌ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠲᠥᠯᠥᠭᠡᠯᠡᠭᠴᠢ ᠪᠣᠯᠬᠤ ᠨᠢ ᠠᠷᠠᠳ ᠲᠦᠮᠡᠨ ᠤ ᠲᠥᠯᠥᠭᠡ︾ ᠤᠢᠢᠯᠠᠭᠠᠭᠳᠠᠬᠤᠨ ᠢ ᠪᠠᠷᠢᠮᠲᠠᠯᠠᠵᠤ᠂ ᠦᠳᠲᠡᠷ ᠲᠦᠷᠭᠡᠨ ᠬᠥᠳᠡᠯᠦᠯᠴᠡᠵᠦ᠂ ᠡᠨᠡᠬᠦ ᠤᠲᠤᠭ᠎ᠠ ᠦᠬᠡᠢ ᠳᠠᠶᠢᠨ ᠳᠤ ᠣᠷᠣᠯᠴᠠᠵᠤ᠂ ᠪᠦᠬᠦ ᠲᠣᠭᠤᠷᠢᠭ ᠤᠨ ᠠᠷᠠᠳ ᠲᠦᠮᠡᠨ ᠤ ᠠᠮᠢ ᠨᠠᠰᠤ ᠡᠷᠡᠭᠦᠯ
ᠮᠡᠨᠳᠤ ᠶᠢᠨ ᠠᠮᠤᠷ ᠲᠦᠪᠰᠢᠨ ᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠦᠪᠠ᠃
     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠹᠦ᠋ ᠲᠢᠶᠧ ᠶᠤᠸᠠᠨ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠡᠦ ᠸᠧᠨ ᠱᠧᠩ ᠶᠦᠩ ᠱᠧᠩ ᠴᠧᠩ ᠶᠢᠨ ᠵᠣᠣ ᠶᠤᠸᠠᠨ ᠡᠮᠦᠨ᠎ᠡ ᠵᠠᠮ ᠤᠨ ᠬᠡᠳᠦ ᠳᠡᠯᠭᠡᠭᠦᠷ ᠤᠨ ᠳᠡᠯᠭᠡᠭᠦᠷ ᠤᠨ ᠳᠠᠷᠤᠭ᠎ᠠ ᠰᠢᠤᠢ ᠶᠠᠨ ᠲᠤᠤ ᠲᠠᠢ ᠬᠠᠮᠲᠤ᠂ ᠣᠯᠠᠨ ᠠᠷᠭ᠎ᠠ ᠵᠠᠮ ᠢᠶᠠᠷ ᠡᠳ᠋ ᠪᠣᠳᠠᠰ ᠪᠡᠯᠡᠳᠬᠡᠬᠦ ᠪᠠᠷ ᠳᠠᠮᠵᠢᠭᠤᠯᠤᠨ᠂ ᠬᠦᠨᠳᠡᠯᠡᠨ ᠪᠠᠯᠭᠠᠰᠤ᠂ ᠵᠣᠣ ᠶᠢᠨ ᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠲᠤᠨ ᠭᠤᠤᠯ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠣᠳᠠᠨ ᠰᠡᠭᠦᠳᠡᠷᠲᠣ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠥᠬᠦᠮ ᠭᠤᠯᠢᠷ᠂ ᠤᠰᠤ᠂ ᠲᠦᠷᠭᠡᠨ ᠬᠠᠯᠠᠭᠠᠬᠤ ᠪᠤᠳᠠᠭ᠎ᠠ ᠵᠡᠷᠭᠡ ᠪᠠᠴᠢᠮ ᠪᠠᠶᠢᠳᠠᠯ ᠢ ᠠᠷᠭᠠᠴᠠᠬᠤ ᠢᠳᠡᠭᠡᠨ ᠢ ᠬᠠᠨᠳᠢᠪᠯᠠᠵᠤ᠂ ᠥᠯᠢᠭᠡᠷ ᠠᠪᠬᠤ ᠴᠡᠭ ᠤᠨ ᠡᠳ᠋ ᠪᠣᠳᠠᠰ ᠤᠨ ᠬᠠᠩᠭᠠᠯᠭ᠎ᠠ ᠶᠢᠨ ᠭᠦᠢᠴᠡᠳ ᠪᠠᠶᠢᠬᠤ ᠶᠢ ᠪᠠᠲᠤᠯᠠᠪᠠ᠃ ᠦ᠋ ᠸᠧᠨ ᠱᠧᠩ᠂ ᠲᠣᠰ ᠤᠳᠠᠭᠠᠨ ᠤ ᠬᠠᠨᠳᠢᠪᠯᠠᠯ ᠨᠢ ᠡᠳ᠋ ᠪᠣᠳᠠᠰ ᠤᠨ ᠲᠠᠯ᠎ᠠ ᠪᠠᠷ ᠬᠢ ᠬᠠᠪᠰᠤᠷᠤᠯᠭ᠎ᠠ ᠪᠣᠯᠬᠤ ᠪᠠᠷ ᠪᠠᠷᠠᠬᠤ ᠥᠬᠡᠶ ᠨᠠᠩ ᠴᠤ ᠣᠶᠤᠨ ᠰᠠᠨᠠᠭᠠᠨ ᠤ ᠲᠠᠯ᠎ᠠ ᠪᠠᠷ ᠬᠢ ᠵᠣᠷᠢᠭᠵᠢᠭᠤᠯᠤᠯ ᠪᠠᠶᠢᠵᠣ᠂ ᠬᠠᠮᠲᠤ ᠪᠠᠷ ᠰᠡᠳᠬᠢᠯ ᠨᠢᠭᠡᠳᠦᠨ
ᠬᠦᠴᠦ ᠪᠠᠨ ᠬᠠᠮᠲᠤᠳᠬᠠᠵᠤ ᠪᠠᠶᠢᠭᠠᠳ ᠬᠢᠵᠢᠭ ᠢ ᠢᠯᠠᠨ ᠳᠠᠪᠠᠨ᠎ᠠ ᠭᠡᠵᠡᠶ᠃
     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠤᠭᠤᠳᠤ ᠶᠢᠨ ᠪᠦᠷᠢᠨ ᠪᠠᠷᠠᠭᠠᠳᠤ ᠬᠤᠳᠠᠯᠳᠤᠭᠠᠨ ᠤ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ ᠯᠦ ᠲᠢᠩ ᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠡᠶ᠎ᠡ ᠪᠠᠷ ᠢᠶᠠᠨ ᠳᠣᠭᠢᠷᠠᠭᠤᠯᠤᠨ ᠵᠢᠯᠣᠭᠤᠳᠴᠤ᠂ ᠪᠤᠭᠤᠳᠤ ᠶᠢᠨ ᠪᠦᠷᠢᠨ ᠪᠠᠷᠠᠭᠠᠳᠤ ᠬᠤᠳᠠᠯᠳᠤᠭᠠᠨ ᠤ ᠪᠦᠯᠦᠭᠯᠡᠯ ᠤᠨ ᠪᠥᠬᠦ ᠠᠵᠢᠯᠲᠠᠳ ᠢ ᠳᠠᠭᠠᠭᠤᠯᠤᠨ᠂ ᠪᠡᠷᠬᠡ ᠶᠢ ᠬᠠᠮᠲᠤ ᠪᠠᠷ ᠳᠤᠭᠤᠯᠵᠤ ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠪᠠ᠃ ᠣᠳᠣᠬᠠᠨ ᠳᠤ᠂ ᠪᠦᠦ ᠪᠠᠶ ᠬᠡᠲᠦ ᠳᠡᠯᠭᠡᠭᠦᠷ ᠲᠤ ᠲᠤᠲᠤᠷᠭ᠎ᠠ ᠪᠠ ᠭᠤᠯᠢᠷ ᠢ 100 ᠭᠠᠷᠤᠶ ᠲᠣᠨ᠂ ᠢᠳᠡᠰᠢᠨ ᠲᠣᠰᠣ ᠪᠠ ᠴᠠᠭᠠᠨ ᠢᠳᠡᠭᠡᠨ ᠢ 80 ᠲᠣᠨ ᠰᠢᠬᠠᠮ᠂ ᠲᠥᠬᠦᠮ ᠭᠤᠯᠢᠷ 50 ᠭᠠᠷᠤᠶ ᠲᠣᠨ ᠬᠠᠳᠠᠭᠠᠯᠠᠵᠤ᠂ ᠦᠬᠡᠷ ᠬᠤᠨᠢᠨ ᠮᠢᠬ᠎ᠠ ᠵᠡᠷᠭᠡ ᠡᠯ᠎ᠡ ᠲᠥᠷᠥᠯ ᠤᠨ ᠴᠢᠬᠤᠯᠠ ᠠᠮᠢᠳᠤᠷᠠᠯ ᠤᠨ ᠬᠡᠷᠡᠭᠴᠡᠭᠡᠨ ᠤ ᠵᠣᠶᠢᠯ ᠪᠠ ᠬᠢᠵᠢᠭ ᠢ ᠰᠡᠷᠭᠡᠶᠢᠯᠡᠬᠦ ᠡᠳ᠋ ᠪᠣᠳᠠᠰ  ᠤᠨ ᠢᠷᠡᠯᠲᠡ ᠭᠦᠢᠴᠡᠳ ᠪᠠᠶᠢᠨ᠎ᠠ᠃
     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠤᠭᠤᠲᠤ ᠬᠤᠲᠠ ᠶᠢᠨ ᠪᠤᠭᠤᠲᠤ ᠰᠡᠯᠡᠭᠦᠴᠡᠯ ᠲᠠᠷᠢᠶᠠᠯᠠᠩ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠫᠧᠩ ᠪᠤᠭᠤᠲᠤ ᠬᠤᠲᠠ ᠶᠢᠨ ᠵᠠᠯᠠᠭᠤ ᠠᠵᠤ ᠠᠬᠤᠶᠢᠯᠠᠯᠲᠠᠳ ᠤᠨ ᠬᠤᠳᠠᠯᠳᠤᠭᠠᠴᠢᠳ ᠤᠨ ᠡᠪᠯᠡᠯ ᠤᠨ ᠪᠡᠯᠡᠳᠭᠡᠬᠦ ᠳᠤᠭᠤᠶᠢᠯᠠᠩ ᠢ ᠳᠠᠭᠠᠭᠤᠯᠤᠨ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ᠂ ᠰᠠᠶᠢᠨ ᠳᠤᠷ᠎ᠠ ᠶᠢᠨ ᠠᠵᠢᠯᠲᠠᠳ ᠲᠤ ᠲᠥᠬᠦᠮ ᠭᠤᠯᠢᠷ᠂ ᠬᠢᠮ᠎ᠠ ᠪᠠ ᠤᠰᠤ ᠵᠡᠷᠭᠡ ᠠᠮᠢᠳᠤᠷᠠᠯ ᠤᠨ ᠡᠳ᠋ ᠪᠣᠳᠠᠰ ᠬᠠᠨᠳᠢᠪᠯᠠᠪᠠ᠃ ᠲᠡᠷᠡ ᠥᠪᠡᠷ ᠤᠨ ᠥᠴᠦᠬᠡᠨ ᠬᠦᠴᠦᠨ ᠴᠢᠳᠠᠯ ᠢᠶᠠᠷ ᠢᠶᠠᠨ ᠬᠠᠶᠢᠷ᠎ᠠ ᠬᠠᠯᠠᠮᠵᠢ ᠪᠠᠨ ᠳᠠᠮᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠬᠦ ᠶᠢ ᠬᠦᠰᠡᠵᠡᠶ᠃
     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠤᠤ ᠶᠢᠨ ᠲᠠᠯ᠎ᠠ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠤᠨ ᠱᠦᠵᠢ᠂ ᠰᠠᠯᠪᠤᠷᠢ ᠤᠨ ᠳᠠᠷᠤᠭ᠎ᠠ ᠨᠢ ᠲᠤᠤ ᠡᠨᠡᠬᠦ ᠤᠳᠠᠭᠠᠨ ᠤ ᠭᠡᠨᠡᠳᠲᠡ ᠶᠢᠨ ᠬᠢᠵᠢᠭ ᠤᠨ ᠪᠠᠶᠢᠳᠠᠯ ᠤᠨ ᠡᠮᠦᠨ᠎ᠡ᠂ ᠲᠡᠷᠡ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠣ᠂ ᠪᠥᠬᠦ ᠰᠠᠯᠪᠤᠷᠢ ᠤᠨ ᠠᠵᠢᠯᠳᠠᠨ ᠲᠤᠰᠠᠯᠠᠬᠤ ᠴᠠᠭᠳᠠᠭ᠎ᠠ ᠶᠢ ᠳᠠᠭᠠᠭᠤᠯᠤᠨ᠂ ᠤᠷᠢᠳᠴᠢᠯᠠᠨ ᠲᠣᠭᠲᠠᠭᠠᠭᠰᠠᠨ ᠲᠥᠰᠦᠯ ᠶᠣᠰᠣᠭᠠᠷ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠢ ᠪᠠᠲᠤ ᠰᠠᠬᠢᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠤᠨ ᠲᠤᠬᠠᠶ ᠶᠢᠨ ᠲᠠᠯᠠᠪᠤᠷ ᠤᠨ ᠬᠠᠮᠢᠶᠠᠷᠤᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠬᠢᠵᠢᠭ ᠢ ᠡᠰᠡᠷᠭᠦᠴᠡᠬᠦ ᠲᠡᠶᠢᠨ ᠤ ︽ᠰᠡᠷᠭᠡᠶᠢᠯᠡᠨ ᠬᠠᠮᠠᠭᠠᠯᠠᠬᠤ ᠲᠣᠤᠷ︾ ᠢ ᠨᠢᠭᠲᠠ ᠰᠦᠯᠵᠢᠪᠡ᠃
     ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠦᠩ ᠬᠦᠢ ᠯᠢ ᠰᠢᠶᠠᠩ ᠲᠦᠷᠦᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠪᠤᠭᠤᠲᠤ ᠳᠠᠬᠢ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ ᠶᠢᠨ ᠱᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠡᠳᠦᠷ ᠰᠥᠨᠢ ᠦᠭᠡᠢ ᠠᠵᠢᠯ ᠤᠨ ᠪᠠᠶᠢᠷᠢ ᠪᠠᠨ ᠰᠠᠬᠢᠵᠤ᠂ ᠨᠡᠶᠢᠭᠡᠮ ᠲᠣᠭᠤᠷᠢᠭ ᠤᠨ ᠪᠠᠶᠢᠳᠠᠯ ᠢ ᠣᠶᠢᠯᠠᠭᠠᠪᠠ᠃ ᠲᠡᠷᠡ᠂ ᠬᠢᠵᠢᠭ ᠢ ᠢᠯᠠᠵᠤ ᠳᠡᠶᠢᠯᠳᠡᠭ ᠯᠡ ᠶᠤᠮ ᠪᠣᠯ ᠬᠡᠳᠦᠶ ᠶᠠᠳᠠᠷᠠᠭᠰᠠᠨ ᠴᠤ ᠦᠨ᠎ᠡ ᠦᠷᠳᠡᠭ ᠲᠠᠢ ᠶᠤᠮ ᠭᠡᠵᠡᠶ᠃
     ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠤᠭᠤᠲᠤ ᠬᠤᠲᠠ ᠶᠢᠨ ᠠᠯᠪᠠᠨ ᠵᠢᠷᠤᠮ ᠤᠨ ᠠᠵᠢᠯᠲᠠᠨ ᠤ ᠬᠤᠯᠪᠣᠭᠠᠲᠤ ᠬᠤᠷᠠᠯ ᠤᠨ ᠭᠦᠢᠴᠡᠳᠭᠡᠬᠦ ᠳᠠᠷᠤᠭ᠎ᠠ ᠸᠠᠩ ᠱᠣᠤ ᠵᠢᠶᠦ᠋ᠨ ᠲᠣᠰ ᠪᠡᠶ᠎ᠡ ᠶᠢᠨ ᠠᠵᠢᠯ ᠤᠨ ᠳᠠᠪᠠᠭᠤᠯᠢᠭ ᠢᠶᠠᠨ ᠠᠰᠢᠭᠯᠠᠨ᠂ 700 ᠭᠠᠷᠤᠶ ᠰᠠᠶᠢᠨ ᠳᠤᠷ᠎ᠠ ᠶᠢᠨ ᠠᠵᠢᠯᠲᠠᠨ ᠢ ᠵᠣᠯᠭᠠᠭᠤᠯᠤᠨ ᠵᠣᠬᠢᠴᠠᠭᠤᠯᠵᠤ᠂ ᠨᠡᠶᠢᠭᠡᠮ ᠲᠣᠭᠤᠷᠢᠭ ᠲᠠᠢ ᠬᠠᠮᠵᠢᠯᠴᠠᠨ ᠳ᠋ᠢᠶᠠᠩᠬᠤᠸᠠ ᠪᠠᠷ ᠵᠢᠭᠰᠠᠭᠠᠨ ᠪᠠᠶᠢᠴᠠᠭᠠᠬᠤ᠂ ᠬᠤᠷᠢᠶ᠎ᠠ ᠴᠡᠭ ᠢ ᠪᠢᠲᠡᠭᠦᠮᠵᠢᠯᠡᠨ ᠡᠵᠡᠮᠳᠡᠬᠦ᠂ ᠡᠳ᠋ ᠪᠣᠳᠠᠰ ᠵᠥᠭᠡᠭᠡᠪᠦᠷᠢᠯᠡᠬᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠵᠡᠷᠭᠡ ᠡᠯ᠎ᠡ ᠵᠣᠶᠢᠯ ᠤᠨ ᠠᠵᠢᠯ ᠢ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠨᠡᠶᠢᠲᠡ 7000 ᠭᠠᠷᠤᠶ ᠴᠠᠭ ᠦᠷᠭᠦᠯᠵᠢᠯᠡᠭᠦᠯᠵᠡᠶ᠃      ᠡᠨᠡ ᠣᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠳᠤ ᠢᠳᠡᠪᠬᠢᠲᠡᠢ ᠣᠷᠣᠯᠴᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡᠯᠡᠯ ᠪᠠ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃ ︵ᠢᠷᠡᠯᠲᠡ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号