ᠡᠮᠬᠢ ᠵᠢᠷᠤᠮ ᠲᠠᠢ᠂ ᠬᠤᠷᠳᠤᠴᠠ ᠲᠠᠢ᠂ ᠬᠠᠶᠢᠷ᠎ᠠ ᠬᠠᠯᠠᠮᠵᠢ ᠲᠠᠢ ᠬᠥᠨᠳᠡᠯᠡᠨ ᠲᠣᠭᠤᠷᠢᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠪᠥᠬᠦ ᠠᠷᠠᠳ ᠤᠨ ᠭᠤᠷᠪᠠᠳᠤᠭᠠᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠵᠢᠯ ᠢ ᠤᠷᠤᠭᠰᠢᠲᠠᠶ ᠶᠠᠪᠣᠭᠳᠠᠭᠤᠯᠪᠠ
ᠨᠡᠶᠢᠲᠡᠯᠡᠭᠰᠡᠨ ᠴᠠᠭ᠄
2022/3/1
     ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠬᠡᠯᠬᠢᠶ᠎ᠡ ᠪᠠ ᠠᠷᠭ᠎ᠠ ᠵᠠᠮ ᠢ ᠲᠡᠰᠦᠯᠵᠦ᠂ ᠪᠥᠬᠦ ᠲᠣᠭᠤᠷᠢᠭ ᠤᠨ ᠠᠷᠠᠳ ᠲᠦᠮᠡᠨ ᠤ ᠠᠮᠢ ᠨᠠᠰᠤᠨ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠬᠥᠨᠳᠡᠯᠡᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ 2022 ᠣᠨ ᠤ 2 ᠰᠠᠷ᠎ᠠ ᠶᠢᠨ 25 ᠤ ᠡᠳᠦᠷ ᠭᠤᠤᠯᠳᠠᠯᠭ᠎ᠠ ᠲᠠᠢ ᠣᠷᠣᠨ ᠪᠦᠰᠡ  ᠤᠨ ᠭᠤᠷᠪᠠᠳᠤᠭᠠᠷ ᠡᠭᠡᠯᠵᠢ ᠶᠢᠨ ᠪᠥᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠶᠠᠪᠣᠭᠳᠠᠭᠤᠯᠬᠤ ᠪᠠᠷ ᠲᠣᠭᠲᠠᠪᠠ᠃      ᠰᠤᠷᠪᠤᠯᠵᠢᠯᠠᠭᠴᠢ ᠣᠳᠠᠨ ᠰᠡᠭᠦᠳᠡᠷᠲᠣ ᠵᠠᠮ ᠤᠨ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠤᠨ ᠪᠤᠭᠤᠲᠤ ᠪᠤᠯᠤᠳ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢᠨ ᠪᠠᠶᠢᠴᠠᠭᠠᠨ ᠬᠡᠮᠵᠢᠬᠦ ᠴᠡᠭ ᠲᠤ᠂ ᠲᠦᠷ ᠴᠠᠭ ᠤᠨ ᠮᠠᠶᠢᠬᠠᠨ᠂ ᠦᠯᠢᠭᠡᠷ ᠠᠪᠬᠤ ᠲᠠᠪᠴᠠᠩ᠂ ᠦᠯᠢᠭᠡᠷ ᠠᠪᠬᠤ ᠲᠥᠬᠦᠭᠡᠷᠦᠮᠵᠢ ᠪᠠ ᠨᠢᠭᠡ ᠮᠧᠲᠷ ᠤᠨ ᠱᠤᠭᠤᠮ ᠤᠨ ᠲᠡᠮᠳᠡᠭ ᠢ ᠪᠡᠯᠡᠳᠬᠡᠵᠦ ᠳᠠᠭᠤᠰᠴᠤ᠂ ᠡᠮᠴᠢ ᠰᠤᠪᠢᠯᠠᠭᠴᠢ᠂ ᠰᠠᠶᠢᠨ ᠳᠤᠷ᠎ᠠ ᠶᠢᠨ ᠠᠵᠢᠯᠲᠠᠳ ᠨᠢᠭᠡᠨᠲᠡ ᠲᠣᠰᠢᠶᠠᠯ ᠳᠠᠭᠠᠨ ᠭᠠᠷᠪᠠ᠂ ᠬᠡᠳᠦ᠋ᠢᠪᠡᠷ ᠠᠭᠤᠷ ᠠᠮᠢᠰᠬᠤᠯ ᠮᠠᠰᠢ ᠬᠦᠢᠳᠡᠨ ᠪᠣᠯᠪᠠᠴᠤ ᠲᠡᠳᠡ ᠬᠤᠶᠢᠰᠢ ᠤᠬᠤᠷᠢᠭᠰᠠᠨ ᠦᠭᠡᠢ᠃
    ᠰᠠᠭᠤᠭᠠᠯᠢ ᠠᠷᠠᠳ ᠰᠦᠯᠵᠢᠶᠡᠨ ᠳᠡᠭᠡᠷᠡᠬᠢ ᠥᠮᠴᠢᠲᠡᠨ ᠤ ᠪᠦᠯᠦᠭᠯᠡᠯ ᠪᠠ ᠰᠦᠯᠵᠢᠶᠡᠨ ᠠᠴᠠ ᠭᠠᠳᠠᠭᠤᠷ ᠲᠤᠮᠤ ᠪᠦᠷᠢᠶ᠎ᠡ ᠪᠠᠷ ᠳᠠᠮᠵᠢᠨ ᠡᠮᠬᠢ ᠵᠢᠷᠤᠮ ᠲᠠᠢ ᠪᠠᠷ ᠠᠰᠠᠷ ᠠᠴᠠ ᠪᠠᠭᠤᠵᠤ ᠮᠥᠷᠯᠡᠨ᠂ ᠺᠣᠳ᠋ ᠰᠢᠷᠪᠢᠵᠦ᠂ ᠳᠠᠩᠰᠠᠯᠠᠵᠤ᠂ ᠪᠠᠶᠢᠴᠠᠭᠠᠨ ᠬᠡᠮᠵᠢᠯᠲᠡ ᠬᠢᠨ᠎ᠡ᠃ ᠲᠤᠬᠠᠶ ᠶᠢᠨ ᠲᠠᠯᠠᠪᠤᠷ ᠲᠤ ᠪᠠᠰᠠ ᠰᠠᠭᠠᠳ ᠥᠬᠡᠶ ᠨᠡᠪᠲᠡᠷᠡᠬᠦ ᠵᠠᠮ ᠭᠠᠷᠭᠠᠵᠤ᠂ ᠨᠠᠰᠤᠲᠠᠶᠢᠴᠤᠳ᠂ ᠨᠢᠯᠬ᠎ᠠ ᠬᠡᠤᠬᠡᠳ ᠪᠠ ᠬᠥᠳᠡᠯᠵᠦ ᠪᠠᠷᠢᠬᠤ ᠳᠤ ᠳᠥᠭᠦᠮ ᠦᠭᠡᠢ ᠬᠥᠮᠦᠰ ᠲᠤ ᠬᠠᠷᠠᠭᠠᠯᠵᠠᠯ ᠦᠵᠡᠭᠦᠯᠵᠣ ᠤᠷᠢᠳ ᠢᠶᠠᠷ ᠥᠯᠢᠭᠡᠷ ᠡᠳ᠋ ᠠᠪᠴᠤ ᠪᠣᠯᠤᠨ᠎ᠠ᠃
    ︽ᠭᠤᠷᠪᠠᠳᠤᠭᠠᠷ ᠤᠳᠠᠭ᠎ᠠ ᠨᠢ ᠲᠦᠷᠦᠭᠦᠦ ᠬᠤᠶᠠᠷ ᠤᠳᠠᠭ᠎ᠠ ᠠᠴᠠ ᠨᠡᠩ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠪᠣᠯᠵᠤ᠂ ᠰᠠᠭᠤᠭᠠᠯᠢ ᠠᠷᠠᠳ ᠤᠨ ᠬᠠᠮᠵᠢᠯᠴᠠᠯᠭ᠎ᠠ ᠶᠢᠨ ᠬᠡᠮᠵᠢᠶ᠎ᠡ ᠴᠦ ᠨᠡᠩ ᠥᠨᠳᠥᠷ ᠪᠣᠯᠵᠠᠶ︾ ᠭᠡᠵᠦ ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠭᠤᠷᠪᠠ ᠤᠳᠠᠭ᠎ᠠ ᠣᠷᠣᠯᠴᠠᠭᠰᠠᠨ ᠪᠤᠭᠤᠲᠤ ᠶᠢᠨ ᠪᠠᠭᠠᠴᠤᠳ ᠤᠨ ᠣᠷᠳᠣᠨ ᠤ ᠪᠠᠭᠰᠢ ᠸᠠᠩ ᠯᠢ ᠯᠢ ᠰᠤᠷᠪᠤᠯᠵᠢᠯᠠᠭᠴᠢ ᠳᠤ ᠬᠡᠯᠡᠪᠡ᠃ ᠥᠷᠯᠥᠭᠡ ᠶᠢᠨ 5 ᠴᠠᠭ ᠭᠠᠷᠤᠢ ᠳᠤ᠂ ᠲᠡᠷᠡ ᠰᠠᠶᠢᠨ ᠳᠤᠷ᠎ᠠ ᠶᠢᠨ ᠠᠵᠢᠯᠲᠠᠳ ᠲᠠᠢ ᠬᠠᠮᠲᠤ ᠪᠠᠶᠢᠴᠠᠭᠠᠨ ᠬᠡᠮᠵᠢᠯᠲᠡ ᠤᠨ ᠭᠠᠵᠠᠷ ᠲᠤ ᠶᠠᠭᠠᠷᠠᠯᠳᠤᠵᠤ᠂ ᠪᠥᠭᠡᠮ ᠬᠦᠴᠢᠯ ᠤᠨ ᠪᠠᠶᠢᠴᠠᠭᠠᠨ
ᠬᠡᠮᠵᠢᠯᠲᠡ ᠳᠤ ᠬᠠᠪᠰᠤᠷᠴᠤ᠂ ᠰᠠᠭᠤᠭᠠᠯᠢ ᠠᠷᠠᠳ ᠲᠤ ᠦᠢᠯᠡᠴᠢᠯᠡᠪᠡ᠃
     ᠣᠳᠠᠨ ᠰᠡᠭᠦᠳᠡᠷᠲᠣ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠨ ᠸᠠᠩ ᠲᠤᠤ ᠶᠢᠨ ᠲᠠᠨᠢᠯᠴᠠᠭᠤᠯᠤᠭᠰᠠᠨ ᠢᠶᠠᠷ᠂ ᠡᠮᠦᠨ᠎ᠡ ᠬᠤᠶᠠᠷ ᠣᠳᠠᠭᠠᠨ ᠤ ᠪᠣᠳᠠᠲᠤ ᠪᠠᠶᠢᠯᠳᠤᠭᠠᠨ ᠳᠤ ᠲᠤᠷᠰᠢᠯᠭ᠎ᠠ ᠲᠠᠢ ᠪᠣᠯᠤᠭᠰᠠᠨ ᠠᠴᠠ ᠵᠡᠭᠡᠯᠢ ᠭᠤᠳᠤᠮᠵᠢ ᠶᠢᠨ ᠬᠢᠨ ᠪᠠᠶᠢᠴᠠᠭᠠᠨ ᠬᠡᠮᠵᠢᠯᠲᠡ ᠶᠢᠨ ᠲᠠᠯᠠᠪᠤᠷ ᠳᠠᠬᠢ ᠶᠠᠪᠤᠴᠠ ᠪᠠ ᠪᠠᠶᠢᠷᠢᠯᠠᠭᠤᠯᠤᠯᠲᠠ ᠶᠢ ᠳᠠᠬᠢᠨ ᠰᠢᠯᠢᠳᠡᠭᠵᠢᠭᠦᠯᠵᠦ᠂ ᠮᠡᠳᠡᠭᠡ ᠵᠠᠩᠭᠢᠴᠢ᠂ ᠳᠠᠩᠰᠠᠯᠠᠭᠴᠢ ᠶᠢᠨ ᠠᠵᠢᠯᠯᠠᠭ᠎ᠠ ᠨᠢ ᠴᠥᠮ ᠨᠠᠩ ᠪᠣᠯᠪᠠᠰᠤᠷᠠᠩᠭᠤᠶ ᠪᠣᠯᠵᠣ᠂ ᠬᠠᠷᠢᠶᠠᠲᠤ ᠲᠣᠭᠤᠷᠢᠭ ᠤᠨ ᠬᠥᠭᠰᠢᠨ ᠪᠠᠭᠤᠷᠠᠶ ᠡᠪᠡᠳᠴᠢᠨ ᠵᠡᠮᠳᠡᠭ ᠵᠢᠷᠮᠦᠰᠦᠨ ᠬᠥᠮᠦᠰ ᠲᠤ ᠬᠡᠷ ᠲᠤᠨᠢ ᠬᠦᠷᠴᠦ ᠪᠠᠶᠢᠴᠠᠭᠠᠨ ᠬᠡᠮᠵᠢᠬᠦ ᠡᠩᠨᠡᠭᠡ ᠨᠢ 1 ᠪᠠᠶᠢᠭᠰᠠᠨ ᠠᠴᠠ ᠪᠠᠨ 3 ᠪᠣᠯᠤᠨ ᠨᠡᠮᠡᠭᠳᠡᠵᠦ᠂ ᠪᠦᠬᠦᠶᠢᠯᠡ ᠦᠯᠢᠭᠡᠷ ᠠᠪᠬᠤ ᠬᠤᠷᠳᠤᠴᠠ ᠨᠢ ᠨᠠᠩ ᠲᠦᠷᠭᠡᠨ ᠪᠣᠯᠵᠣ᠂ ᠦᠷ᠎ᠡ ᠪᠦᠲᠦᠮᠵᠢ ᠨᠢ ᠴᠦ ᠨᠠᠩ ᠰᠠᠶᠢᠨ
ᠪᠣᠯᠤᠭᠰᠠᠨ ᠪᠠᠶᠢᠨ᠎ᠠ᠃
    ᠬᠦᠨᠳᠡᠯᠡᠨ ᠭᠤᠣᠯ ᠪᠠᠯᠭᠠᠰᠤᠨ ᠤ ᠵᠦᠩ ᠶᠧ ᠨᠡᠶᠢᠭᠡᠮ ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠴᠡᠭ ᠲᠤ᠂ ᠡᠩᠭᠡ ᠲᠠᠶᠢᠪᠤᠩ ᠪᠠᠭ᠎ᠠ ᠰᠤᠷᠭᠠᠭᠤᠯᠢ ᠶᠢᠨ ᠪᠠᠭᠰᠢ ᠴᠠᠩ ᠶᠠᠨ ᠪᠠᠰᠠ ᠭᠤᠣᠯᠳᠠᠯᠭ᠎ᠠ ᠲᠠᠢ ᠣᠷᠣᠨ ᠪᠦᠰᠡ ᠤᠨ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠭᠤᠷᠪᠠ ᠤᠳᠠᠭ᠎ᠠ ᠣᠷᠣᠯᠴᠠᠵᠤ᠂ ᠤᠳᠠᠭ᠎ᠠ ᠪᠦᠷᠢ ᠣᠷᠣᠯᠴᠠᠬᠤ ᠳᠠᠭᠠᠨ ᠬᠤᠭᠤᠯᠠ ᠤᠮᠳᠠ ᠢᠳᠡᠵᠦ ᠤᠤᠭᠤᠬᠤ ᠪᠠ ᠵᠣᠷᠯᠣᠩ ᠳᠤ ᠣᠴᠢᠬᠤ ᠠᠴᠠ ᠪᠠᠨ ᠠᠶᠤᠵᠤ᠂ ᠬᠠᠮᠠᠭᠠᠯᠠᠯᠲᠠ ᠶᠢᠨ ᠬᠤᠪᠴᠠᠰᠤ ᠶᠢ ᠪᠤᠵᠠᠷᠲᠤᠭᠤᠯᠬᠤ ᠠᠴᠠ ᠵᠢᠷᠦᠭᠡᠰᠢᠶᠡᠳᠡᠭ ᠪᠠᠶᠢᠪᠠ᠂ ᠲᠡᠷᠡ᠄ ︽ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠬᠢᠵᠢᠭ ᠢ ᠡᠰᠡᠷᠭᠦᠴᠡᠬᠦ ᠠᠵᠢᠯ ᠳᠤ ᠪᠠᠭ᠎ᠠ ᠴᠤ ᠭᠡᠰᠡᠨ ᠬᠤᠪᠢ ᠨᠡᠮᠡᠷᠢ ᠦᠵᠡᠭᠦᠯᠦᠭᠰᠡᠨ ᠳᠡᠭᠡᠨ ᠮᠠᠰᠢ ᠣᠮᠣᠭᠰᠢᠵᠤ ᠪᠠᠶᠢᠨ᠎ᠠ︾ ᠭᠡᠵᠦ ᠬᠡᠯᠡᠪᠡ
     ᠡᠯ᠎ᠡ ᠠᠵᠢᠯᠲᠠᠳ ᠤᠨ ᠰᠢᠷᠭᠠᠭᠤ ᠬᠦᠴᠦ ᠬᠥᠳᠡᠯᠮᠦᠷᠢ ᠨᠢ ᠬᠤᠲᠠ ᠶᠢᠨ ᠠᠷᠠᠳ ᠤᠯᠠᠨ ᠤ ᠬᠦᠨᠳᠦᠳᠬᠡᠯ ᠪᠠ ᠣᠶᠢᠯᠠᠭᠠᠯᠲᠠ ᠶᠢ ᠣᠯᠵᠤ᠂ ᠤᠯᠠᠨ ᠢᠶᠠᠷ ᠢᠶᠠᠨ ᠥᠪᠡᠷ ᠤᠨ ᠠᠷᠭ᠎ᠠ ᠬᠡᠯᠪᠡᠷᠢ ᠪᠠᠷ ᠢᠶᠠᠨ ᠬᠢᠵᠢᠭ ᠢ ᠡᠰᠡᠷᠭᠦᠴᠡᠬᠦ ᠶᠢ ᠳᠡᠮᠵᠢᠵᠦ᠂ ᠡᠨᠡᠬᠦ ᠬᠤᠲᠠ ᠪᠠᠨ ᠰᠠᠬᠢᠨ ᠬᠠᠮᠠᠭᠠᠯᠠᠵᠤ ᠪᠠᠶᠢᠨ᠎ᠠ᠃ ︽ᠪᠥᠭᠡᠮ ᠬᠦᠴᠢᠯ ᠤᠨ ᠪᠠᠶᠢᠴᠠᠭᠠᠨ ᠬᠢᠬᠦ ᠬᠤᠷᠳᠤᠴᠠ ᠨᠢ ᠤᠳᠠᠭ᠎ᠠ ᠤᠳᠠᠭ᠎ᠠ ᠠᠴᠠ ᠪᠠᠨ ᠲᠦᠷᠭᠡᠨ ᠪᠣᠯᠵᠤ᠂ ᠲᠤᠬᠠᠶ ᠶᠢᠨ ᠭᠠᠵᠠᠷ ᠤᠨ ᠡᠮᠬᠢ ᠵᠢᠷᠤᠮ ᠨᠢ ᠴᠦ ᠤᠯᠠᠮ ᠠᠴᠠ ᠤᠯᠠᠮ ᠰᠠᠶᠢᠵᠢᠷᠠᠵᠤ᠂ ᠡᠨᠡ ᠤᠳᠠᠭ᠎ᠠ ᠬᠡᠳᠦᠬᠡᠨ ᠮᠢᠨᠦ᠋ᠲ ᠤᠨ ᠳᠣᠲᠣᠷ᠎ᠠ ᠳᠠᠭᠤᠰᠴᠢᠬᠠᠵᠠᠢ︾᠃ ᠨᠥᠬᠦᠷᠯᠡᠯ 17 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠶᠠ ᠰᠢ ᠯᠧ ︽ᠰᠠᠭᠤᠭᠠᠯᠢ ᠠᠷᠠᠳ ᠪᠣᠯᠤᠭᠰᠠᠨ ᠤ ᠬᠤᠪᠢ ᠳᠤ᠂ ᠮᠢᠨᠦ ᠦᠵᠡᠬᠦ ᠪᠠᠷ ᠡᠮᠴᠢ ᠰᠤᠪᠢᠯᠠᠭᠴᠢ ᠪᠠ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠳᠤ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠡᠩ ᠤᠨ ᠦᠶ᠎ᠡ ᠶᠢᠨ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠠᠯᠢ ᠴᠢᠳᠠᠬᠤ ᠪᠠᠷ ᠭᠡᠷ ᠠᠴᠠ ᠪᠠᠨ ᠭᠠᠷᠬᠤ ᠥᠬᠡᠶ ᠪᠠᠶᠢᠵᠤ᠂ ᠬᠡᠷ ᠲᠡᠭᠡᠨ ᠰᠠᠨᠠᠭ᠎ᠠ ᠠᠮᠤᠷ ᠰᠠᠭᠤᠵᠤ᠂ ᠪᠤᠰᠤᠳ ᠲᠤ
ᠶᠠᠷᠰᠢᠭ ᠲᠠᠲᠠᠬᠤ ᠥᠬᠡᠶ ᠪᠠᠶᠢᠬᠤ ᠬᠡᠷᠡᠭᠲᠡᠶ︾ ᠭᠡᠵᠡᠶ᠃
     ᠬᠥᠨᠳᠡᠯᠡᠨ ᠲᠣᠭᠤᠷᠢᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠭᠤᠷᠪᠠᠳᠤᠭᠠᠷ ᠡᠭᠡᠯᠵᠢ ᠶᠢᠨ ᠪᠥᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠨᠡᠶᠢᠲᠡ 17 ᠪᠥᠭᠡᠮ ᠬᠦᠴᠢᠯ ᠤᠨ ᠥᠯᠢᠭᠡᠷ ᠠᠪᠬᠤ ᠨᠢᠭᠡᠴᠢ ᠶᠢ ᠵᠣᠬᠢᠶᠠᠨ ᠪᠠᠶᠢᠭᠤᠯᠵᠤ᠂ 482 ᠥᠯᠢᠭᠡᠷ ᠠᠪᠬᠤ ᠴᠡᠭ᠂ 1122 ᠥᠯᠢᠭᠡᠷ ᠠᠪᠬᠤ ᠲᠠᠪᠴᠠᠩ ᠭᠠᠷᠭᠠᠵᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠵᠢᠯᠯᠠᠭ᠎ᠠ ᠶᠢ ᠥᠷᠨᠢᠭᠦᠯᠪᠡ᠃ 2 ᠰᠠᠷ᠎ᠠ ᠶᠢᠨ 25 ᠤ ᠡᠳᠦᠷ ᠤᠨ 22᠄ 00 ᠪᠣᠯᠲᠠᠯ᠎ᠠ᠂ ᠨᠡᠶᠢᠲᠡ 664477 ᠬᠥᠮᠦᠨ ᠤ ᠦᠯᠢᠭᠡᠷ ᠠᠪᠬᠤ ᠶᠢ ᠪᠡᠶᠡᠯᠡᠭᠦᠯᠪᠡ᠃ ︵ᠰᠤᠷᠪᠤᠯᠵᠢᠯᠠᠭᠴᠢ᠄ ᠹᠸᠡᠭ ᠰᠢᠤᠸᠠᠢ᠂ ᠭᠤᠤ ᠰᠢᠤᠢ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号