ᠮᠠᠨ ᠤ ᠲᠣᠭᠤᠷᠢᠭ ᠤᠨ ︽ᠳᠥᠷᠪᠡ ᠶᠢ ᠬᠦᠴᠦᠲᠡᠶ ᠠᠳᠬᠤᠬᠤ︾ ᠴᠢᠬᠤᠯᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2022/3/18
     ᠨᠢᠭᠡ ᠳᠤ᠂ ᠳᠠᠭᠠᠭᠠᠴᠢᠯᠠᠨ ᠬᠤᠯᠪᠣᠭᠠᠯᠠᠵᠤ ᠲᠤᠬᠢᠷᠠᠭᠤᠯᠬᠤ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠠᠬᠢᠨᠲᠠ ᠲᠦᠷᠭᠡᠳᠬᠡᠪᠡ᠃ ︽ᠬᠦᠨᠳᠡᠯᠡᠨ ᠲᠣᠭᠤᠷᠢᠭ ᠤᠨ 2022 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠪᠣᠭᠤᠮᠲᠠ ᠰᠢᠪᠲᠤᠯᠬᠤ ᠲᠡᠶᠢᠨ ᠤ ᠠᠵᠢᠯ ᠤᠨ ᠲᠥᠰᠦᠯ︾ ᠶᠣᠰᠣᠭᠠᠷ᠂ ᠲᠥᠷᠥᠯ ᠵᠦᠢᠯ ᠨᠢᠭᠡᠪᠦᠷᠢ ᠳᠤ ᠠᠵᠢᠯ ᠤᠨ ᠡᠬᠡ ᠲᠠᠩᠰᠠ ᠪᠠᠶᠢᠭᠤᠯᠵᠤ᠂ ᠠᠰᠠᠭᠤᠳᠠᠯ ᠤᠨ ᠨᠠᠷᠢᠨ ᠲᠠᠩᠰᠠ ᠭᠠᠷᠭᠠᠨ᠂ ᠪᠣᠳᠠᠲᠠᠶ ᠬᠠᠷᠢᠭᠤᠴᠠᠯᠭᠠᠲᠠᠨ ᠢ ᠲᠣᠳᠣᠷᠬᠠᠶᠢᠯᠠᠨ ᠭᠠᠷᠠᠭ᠂ ᠰᠠᠷ᠎ᠠ ᠶᠢᠨ ᠳᠣᠭᠢᠷᠠᠭᠤᠯᠬᠤ ᠲᠣᠭᠲᠠᠴᠠ ᠶᠢ ᠦᠷᠭᠦᠯᠵᠢᠯᠡᠨ ᠴᠢᠩᠭᠠᠳᠬᠠᠵᠤ᠂ 10 ᠵᠦᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ 3 ᠰᠠᠷ᠎ᠠ ᠶᠢᠨ 15 ᠤ ᠡᠳᠦᠷ ᠪᠣᠯᠲᠠᠯ᠎ᠠ ᠭᠠᠷᠳᠠᠮ ᠢ ᠭᠦᠢᠴᠡᠳᠬᠡᠵᠤ ᠲᠠᠭᠤᠰᠬᠠᠬᠤ ᠶᠢ ᠪᠠᠲᠤᠯᠠᠨ᠎ᠠ᠃ ᠬᠤᠶᠠᠷ ᠲᠤ ᠡᠯᠧᠮᠧᠨ᠋ᠲ ᠤᠨ ᠪᠠᠲᠤᠯᠠᠭ᠎ᠠ ᠶᠢ ᠴᠢᠩᠭ᠎ᠠ ᠠᠳᠬᠤᠵᠤ᠂ ᠪᠡᠯᠡ ᠣᠷᠣᠭᠤᠯᠤᠯᠲᠠ ᠶᠢᠨ ᠵᠥᠭᠡᠯᠡᠨ ᠣᠷᠴᠢᠨ ᠢ ᠪᠤᠢ ᠪᠣᠯᠭᠠᠨ᠎ᠠ᠃ ᠲᠥᠷᠥᠯ ᠵᠦᠢᠯ ᠤᠨ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠰᠢᠲᠠᠮᠬᠠᠢ ᠬᠡᠶ ᠬᠡᠷᠡᠭᠯᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠵᠠᠮ ᠤᠨ ᠬᠤᠭᠤᠯᠠᠶ ᠶᠢᠨ ᠰᠦᠯᠵᠢᠶ᠎ᠡ᠂ ᠪᠠᠷᠢᠮᠵᠢᠶᠠᠵᠢᠯᠠᠰᠠᠨ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠥᠷᠥᠯ ᠵᠦᠢᠯ ᠤᠨ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠪᠠᠯᠠ ᠮᠥᠩᠭᠦ ᠪᠠ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠪᠠᠯᠠ ᠮᠥᠩᠭᠦ ᠶᠢ ᠴᠢᠩᠭ᠎ᠠ ᠠᠩᠬᠠᠷᠴᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠬᠦᠢᠴᠡᠳ ᠪᠠᠲᠤᠯᠠᠨ᠎ᠠ᠃ ᠭᠤᠷᠪᠠ ᠳᠤ᠂ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠠᠵᠢᠯ ᠢᠶᠠᠨ ᠡᠬᠢᠯᠡᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ 3 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠢᠶᠠᠨ ᠰᠡᠷᠭᠦᠭᠡᠬᠦ ᠶᠢ ᠪᠠᠲᠤᠯᠠᠵᠤ᠂ ᠭᠠᠷᠳᠠᠮ ᠭᠦᠢᠴᠡᠳᠬᠡᠬᠦ ᠶᠢ ᠳᠥᠯᠭᠢᠨ ᠠᠬᠢᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠬᠦ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠭᠰᠠᠨ ᠤᠷᠢᠲᠠᠯ ᠳᠣᠤᠷ᠎ᠠ᠂ ᠠᠵᠤ ᠠᠬᠤᠶᠢᠯᠠᠯ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠨᠢᠭᠡᠳᠦᠭᠡᠷ ᠤᠯᠠᠷᠢᠯ ᠳᠤ ᠪᠠᠯᠠ ᠣᠷᠣᠭᠤᠯᠤᠯᠲᠠ ᠶᠢᠨ ᠨᠣᠷᠮ᠎ᠠ ᠶᠢ 25% ᠠᠴᠠ ᠳᠡᠭᠡᠭᠰᠢ ᠪᠠᠶᠢᠯᠭᠠᠵᠦ᠂ ᠨᠢᠭᠡᠳᠦᠭᠡᠷ ᠤᠯᠠᠷᠢᠯ ᠳᠤ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠰᠡᠷᠭᠦᠭᠡᠬᠦ ᠳᠤ ᠰᠠᠭᠤᠷᠢ ᠲᠠᠯᠪᠢᠬᠤ ᠬᠡᠷᠡᠭᠲᠡᠶ᠃ ᠲᠦᠷᠪᠡ ᠳᠤ᠂ ᠬᠥᠮᠥᠷᠭᠡ ᠳᠤ ᠣᠷᠣᠭᠤᠯᠦᠨ ᠬᠤᠷᠢᠶᠠᠨ ᠪᠦᠷᠢᠳᠭᠡᠬᠦ ᠶᠢ ᠴᠢᠩᠭ᠎ᠠ ᠠᠳᠬᠤᠵᠤ᠂ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠠᠵᠢᠯ ᠵᠣᠭᠰᠣᠭᠰᠠᠨ ᠥᠬᠡᠶ 27 ᠭᠤᠤᠯᠳᠠᠯᠭ᠎ᠠ ᠲᠠᠢ ᠲᠥᠷᠥᠯ ᠵᠦᠢᠯ ᠳᠤ ᠴᠢᠭᠯᠡᠭᠦᠯᠦᠨ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ᠂ ᠨᠢᠭᠡᠳᠦᠭᠡᠷ ᠤᠯᠠᠷᠢᠯ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 21.12 ᠳ᠋ᠦᠩᠰᠢᠭᠤᠷ ᠲᠥᠭᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 53.1% ᠪᠠᠷ ᠨᠡᠮᠡᠭᠳᠡᠨ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠣᠯᠬᠤ ᠶᠢ ᠪᠡᠶᠡᠯᠡᠭᠦᠯᠬᠦ ᠳᠤ ᠰᠠᠭᠤᠷᠢ ᠲᠠᠯᠪᠢᠪᠡ᠃ ︵ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号