2 ᠰᠠᠷ᠎ᠠ ᠶᠢᠨ 20 ᠤ ᠡᠳᠦᠷ ᠬᠦᠨᠳᠡᠯᠡᠨ ᠲᠣᠭᠤᠷᠢᠭ ᠭᠤᠤᠯᠳᠠᠯᠭ᠎ᠠ ᠲᠠᠢ ᠣᠷᠣᠨ ᠪᠦᠰᠡ ᠶᠢᠨ ᠬᠥᠮᠦᠰ ᠲᠤ ᠪᠥᠭᠡᠮ ᠬᠦᠴᠢᠯ ᠤᠨ ᠪᠠᠶᠢᠴᠠᠭᠠᠠ ᠬᠡᠮᠵᠢᠯᠲᠡ ᠬᠢᠪᠠ
ᠨᠡᠶᠢᠲᠡᠯᠡᠭᠰᠡᠨ ᠴᠠᠭ᠄
2022/3/18
     ᠡᠮᠴᠢ ᠰᠤᠪᠢᠯᠠᠭᠴᠢ᠂ ᠨᠡᠶᠢᠭᠡᠮ ᠲᠣᠭᠤᠷᠢᠭ ᠤᠨ ᠠᠵᠢᠯᠲᠠᠨ᠂ ᠠᠯᠪᠠᠨ ᠪᠠᠶᠢᠭᠤᠯᠭ᠎ᠠ ᠶᠢᠨ ᠺᠠᠳ᠋ᠷ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠲᠠᠨ ᠨᠡᠶᠢᠲᠡ 2.7 ᠲᠦᠮᠡᠨ ᠬᠥᠮᠦᠨ ᠬᠠᠮᠤᠭ ᠲᠡᠷᠢᠭᠦᠨ ᠳᠤ ᠪᠦᠬᠦ ᠲᠣᠭᠤᠷᠢᠭ ᠤᠨ 448 ᠪᠠᠶᠢᠴᠠᠭᠠᠨ ᠰᠢᠯᠭᠠᠬᠤ ᠴᠡᠭ᠂ 1079 ᠦᠯᠢᠭᠡᠷ ᠠᠪᠬᠤ ᠲᠠᠪᠴᠠᠩ ᠳᠤ ᠬᠦᠷᠴᠦ᠂ ᠬᠠᠮᠤᠭ ᠤᠯᠠᠨ ᠳᠤ ᠪᠠᠨ 70 ᠲᠦᠮᠡ ᠭᠠᠷᠤᠶ ᠬᠤᠪᠢ ᠡᠳᠦᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠠᠮᠤᠭ ᠤᠨ ᠶᠡᠭᠡ ᠬᠡᠮᠵᠢᠶ᠎ᠡ ᠶᠢ ᠪᠠᠲᠤᠯᠠᠵᠤ᠂ ᠪᠠᠶᠢᠴᠠᠭᠠᠨ ᠬᠡᠮᠵᠢᠯᠲᠡ ᠶᠢᠨ ᠠᠬᠢᠴᠠ ᠶᠢ ᠴᠠᠭ ᠲᠤᠬᠠᠶ ᠳᠤᠨᠢ ᠳᠠᠭᠠᠵᠤ ᠂ ᠬᠠᠮᠢᠶ᠎ᠠ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠵᠢᠯ ᠢ ᠠᠮᠤᠷ ᠲᠦᠪᠰᠢᠨ᠂ ᠡᠮᠬᠢ ᠵᠢᠷᠦᠮᠲᠠᠢ ᠪᠦᠭᠡᠳ ᠥᠨᠳᠥᠷ ᠪᠦᠲᠦᠮᠵᠢᠲᠡᠶ ᠪᠠᠷ ᠪᠡᠶᠡᠯᠡᠭᠦᠯᠦᠨ᠎ᠡ᠃ ᠡᠨᠡ ᠣᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ︽ᠬᠥᠨᠳᠡᠯᠡᠨ ᠲᠣᠭᠤᠷᠢᠭ ᠤᠨ ᠪᠥᠬᠦ ᠠᠵᠢᠯᠲᠠᠨ ︵ᠶᠡᠭᠡ ᠬᠡᠪᠴᠢᠶᠡᠨ ᠤ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠤᠨ ᠬᠤᠯᠪᠣᠭᠳᠠᠯ ᠪᠥᠬᠦᠶ ᠴᠤᠪᠤᠷᠠᠯ ᠪᠠ ᠱᠠᠭᠠᠷᠳᠠᠯᠭ᠎ᠠ ᠶᠣᠰᠣᠭᠠᠷ᠂ ︽ᠪᠥᠬᠦ ᠲᠣᠭᠤᠷᠢᠭ ᠢᠶᠠᠷ ᠢᠶᠠᠨ ᠨᠢᠭᠡᠳᠦᠯᠲᠡᠶ ᠲᠥᠯᠥᠪᠯᠡᠬᠦ᠂ ᠭᠤᠤᠯᠳᠠᠯᠭ᠎ᠠ ᠶᠢ ᠳᠣᠪᠤᠶᠢᠯᠭᠠᠬᠤ᠂ ᠪᠦᠯᠦᠭ ᠬᠤᠪᠢᠶᠠᠨ ᠬᠡᠷᠡᠭᠵᠢᠭᠦᠯᠬᠦ᠂ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ︾ ᠵᠠᠷᠴᠢᠮ ᠢ ᠪᠠᠷᠢᠮᠲᠠᠯᠠᠨ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠶ ᠲᠥᠯᠥᠪᠯᠡᠨ ᠡᠯ᠎ᠡ ᠵᠡᠭᠡᠯᠢ ᠪᠠᠯᠭᠠᠰᠤ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠣᠰ ᠤᠳᠠᠭᠠᠨ ᠤ ᠪᠠᠶᠢᠴᠠᠭᠠᠨ ᠰᠢᠯᠭᠠᠬᠤ ᠬᠡᠪᠴᠢᠶ᠎ᠡ ᠪᠣᠯ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠭᠰᠡᠨ ᠨᠡᠶᠢᠭᠡᠮ ᠲᠣᠭᠤᠷᠢᠭ᠂ ᠬᠥᠬᠡᠬᠤᠲᠠ ᠠᠴᠠ ᠪᠣᠭᠤᠲᠣ ᠳᠤ ᠪᠤᠴᠠᠨ ᠲᠥᠪᠯᠡᠷᠡᠭᠦᠯᠦᠨ ᠪᠠᠶᠢᠴᠠᠭᠠᠨ ᠬᠡᠮᠵᠢᠯᠲᠡ ᠬᠢᠭᠰᠡᠨ ᠬᠦᠮᠦᠰ ᠪᠠ 48 ᠴᠠᠭ ᠤᠨ ᠳᠣᠲᠣᠷ᠎ᠠ ᠸᠠᠺᠼᠢᠨ ᠤ ᠲᠠᠷᠢᠯᠭ᠎ᠠ ᠬᠢᠭᠰᠡᠨ ᠬᠥᠮᠦᠰ ᠠᠴᠠ ᠪᠤᠰᠤᠳ ᠪᠣᠶ ᠪᠥᠬᠦᠶ ᠬᠥᠮᠦᠰ ᠪᠣᠯᠤᠨ᠎ᠠ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号