ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠬᠤᠲᠠ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠦᠯᠦᠭᠡ᠂ | ᠮᠠᠨ ᠤ ᠲᠣᠭᠤᠷᠢᠭ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠵᠠᠬ᠎ᠠ ᠳᠡᠯᠭᠡᠭᠦᠷᠴᠢᠯᠡᠯᠲᠡ ᠤᠨ | ᠠᠵᠢᠯᠯᠠᠬᠤ ᠵᠠᠭᠪᠤᠷ ᠢ ᠬᠡᠷᠡᠭᠵᠢᠭᠦᠯᠵᠦ᠂ ︽ᠠᠵᠢᠯ ᠦᠢᠯᠡᠰ ᠠᠵᠤ ᠠᠬᠤᠶᠢᠯᠠᠯ ᠢ ᠰᠠᠯᠭᠠᠬᠤ᠂ ᠬᠠᠮᠢᠶᠠᠷᠬᠤ ᠪᠠ | ᠺᠠᠳ᠋ᠷ ᠢ ᠰᠠᠯᠭᠠᠬᠤ᠂ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ᠂ ᠵᠠᠬ᠎ᠠ ᠳᠡᠯᠭᠡᠭᠦᠷ ᠢᠶᠠᠷ ᠠᠵᠢᠯᠯᠠᠬᠤ︾ ᠶᠢ | ᠬᠡᠷᠡᠭᠵᠢᠭᠦᠯᠦᠨ ᠨᠢᠭᠡᠳᠦᠯᠲᠡᠶ ᠬᠠᠮᠢᠶᠠᠷᠬᠤ ᠪᠠ ᠲᠤᠰᠬᠠᠶ ᠡᠵᠡᠩᠨᠡᠬᠦ ᠠᠵᠢᠯᠯᠠᠭᠠᠨ ᠤ ᠲᠣᠭᠲᠠᠴᠠ ᠶᠢ ᠪᠣᠶ ᠪᠣᠯᠭᠠᠨ᠎ᠠ᠃ | 2 ᠰᠠᠷ᠎ᠠ ᠶᠢᠨ 23 ᠤ ᠡᠳᠦᠷ᠂ ᠢᠯᠡ ᠪᠠᠷ ᠳᠠᠭᠠᠭᠠᠴᠢᠯᠠᠯᠲᠠ ᠵᠠᠷᠯᠠᠬᠤ ᠪᠠᠷ ᠳᠡᠮᠵᠢᠨ᠂ ᠭᠦᠸᠧ ᠲᠧᠦ ᠰᠢᠨ ᠺᠠᠶ | ᠱᠦᠶ ᠣᠷᠴᠢᠨ ᠲᠣᠭᠤᠷᠢᠨ ᠤ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ︵ᠬᠤᠯᠪᠣᠭᠠᠲᠤ ᠴᠣᠭᠴᠠ ᠶᠢᠨ | ᠪᠦᠷᠢᠯᠳᠦᠬᠦᠨ ᠨᠢ ᠫᠦ᠋ ᠮᠢᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ᠂ ᠪᠡᠭᠡᠵᠢᠩ ᠤᠨ ᠯᠦᠩ ᠶᠤᠸᠠᠢ ᠯᠢ ᠬᠤᠸᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ︶ ᠡᠴᠦᠰ ᠲᠡᠭᠡᠨ ᠳᠠᠭᠠᠭᠠᠴᠢᠯᠠᠯᠲᠠ ᠤᠯᠪᠠ᠃ ᠲᠠᠷᠠᠭᠠᠴᠢ ᠶᠢᠨ ᠠᠯᠬᠤᠮ ᠳᠤ᠂ ᠬᠤᠶᠠᠷ | ᠲᠠᠯ᠎ᠠ ᠪᠠᠷ ᠢᠶᠠᠨ ᠭᠡᠷ᠎ᠡ ᠲᠣᠭᠲᠠᠬᠤ ᠪᠠ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠵᠡᠷᠭᠡ ᠰᠡᠭᠦᠯᠴᠢ ᠶᠢᠨ | ᠠᠵᠢᠯ ᠢ ᠲᠦᠷᠭᠡᠳᠬᠡᠨ ᠠᠬᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠵᠠᠬ᠎ᠠ | ᠳᠡᠯᠭᠡᠭᠦᠷᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ︵ᠬᠠᠤᠯᠢ ᠬᠡᠷᠡᠭᠵᠢᠭᠦᠯᠬᠦ ᠲᠣᠪᠴᠢᠶ᠎ᠠ︶ |