ᠣᠶᠢᠷ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ | ᠲᠠᠪᠤᠳᠤᠭᠠᠷ ᠪᠦᠯᠦᠭ ᠤᠨ ᠤᠯᠤᠰ ᠤᠨ ᠲᠠᠰ ᠤᠨ ᠭᠦᠢᠴᠡᠳ ᠠᠵᠢᠯ ᠣᠯᠭᠤᠯᠲᠠ ᠶᠢᠨ ᠨᠡᠶᠢᠭᠡᠮ ᠲᠣᠭᠤᠷᠢᠭ ᠤᠨ | ᠨᠡᠷ᠎ᠡ ᠶᠢᠨ ᠵᠢᠭᠰᠠᠭᠠᠯᠲᠠ ᠢ ᠨᠡᠶᠢᠲᠡᠯᠡᠪᠡ᠂ ᠬᠦᠨᠳᠡᠯᠡᠨ ᠲᠣᠭᠤᠷᠢᠭ ᠤᠨ ᠨᠥᠬᠦᠷᠯᠡᠯ ᠵᠡᠭᠡᠯᠢ ᠭᠤᠳᠤᠮᠵᠢ ᠶᠢᠨ ᠪᠣᠯᠣᠳ | 38 ᠳ᠋ᠣᠭᠠᠷ ᠨᠡᠶᠢᠭᠡᠮ ᠲᠣᠭᠤᠷᠢᠭ ᠵᠠᠷᠯᠠᠯ ᠳᠤ ᠨᠡᠷ᠎ᠡ ᠲᠠᠢ᠃ ᠮᠠᠨ ᠤ ᠲᠣᠭᠤᠷᠢᠭ ᠨᠢᠭᠡᠨᠲᠡ 3 ᠤᠯᠤᠰ ᠤᠨ ᠲᠠᠰ ᠤᠨ | ᠭᠦᠢᠴᠡᠳ ᠠᠵᠢᠯ ᠣᠯᠭᠤᠬᠤ ᠨᠡᠶᠢᠭᠡᠮ ᠲᠣᠭᠤᠷᠢᠭ᠂ 5 ᠮᠤᠵᠢ ᠶᠢᠨ ᠲᠠᠰ ᠤᠨ ᠭᠦᠢᠴᠡᠳ ᠠᠵᠢᠯ ᠣᠯᠭᠤᠬᠤ | ᠨᠡᠶᠢᠭᠡᠮ ᠲᠣᠭᠤᠷᠢᠭ ︵ᠲᠣᠰᠬᠤᠨ︶ ᠪᠠ 56 ᠬᠤᠲᠠ ᠶᠢᠨ ᠲᠠᠰ ᠤᠨ ᠭᠦᠢᠴᠡᠳ ᠠᠵᠢᠯ ᠣᠯᠭᠤᠬᠤ ᠨᠡᠶᠢᠭᠡᠮ | ᠲᠣᠭᠤᠷᠢᠭ ︵ᠲᠣᠰᠬᠤᠨ︶ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠡᠨᠡ ᠵᠢᠯ ᠣᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ | ᠠᠵᠢᠯ ᠣᠯᠭᠤᠯᠲᠠ ᠶᠢᠨ ᠦᠢᠯᠡᠴᠢᠯᠡᠭᠡ ᠶᠢ ᠤᠶᠤᠨᠵᠢᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠤᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠰᠢᠯᠵᠢᠮᠡᠯ ᠬᠤᠯᠪᠣᠭᠠᠨ ᠤ ᠦᠵᠦᠭᠦᠷ ᠲᠤ ᠰᠢᠯᠵᠢᠭᠦᠯᠵᠦ᠂ | ᠠᠦ᠋ᠲ᠋ᠣ᠋ ᠲᠠᠪᠴᠠᠩ ᠲᠡᠶᠢᠰᠢ ᠤᠷᠲᠤᠳᠬᠠᠵᠤ᠂ ᠲᠦᠷᠦ ᠶᠢᠨ ᠪᠤᠳᠤᠯᠭ᠎ᠠ ᠶᠢᠨ ᠲᠠᠶᠢᠯᠣᠮᠵᠢ ᠢ ᠪᠠᠶᠢᠭᠤᠯᠵᠦ᠂ | ᠲᠤᠬᠠᠶᠢᠯᠠᠭᠰᠠᠨ ᠠᠵᠢᠯ ᠢ ᠭᠦᠢᠴᠡᠳᠬᠡᠬᠦ ᠨᠢ ᠳᠠᠷᠣᠢ ᠨᠢᠭᠡ ᠴᠤᠭᠴᠠᠵᠢᠭᠤᠯᠤᠭᠰᠠᠨ ᠬᠢᠮᠡᠯ ᠣᠶᠣᠨ ᠦᠢᠯᠡᠴᠢᠯᠡᠭᠡᠨ ᠤ | ᠮᠣᠲᠧᠯ ᠪᠣᠯᠵᠤ᠂ ︽ᠨᠢᠭᠡ ᠰᠦᠯᠵᠢᠶ᠎ᠡ ᠢᠶᠠᠷ ᠪᠦᠭᠦᠳ ᠢ ᠰᠢᠢᠳᠪᠦᠷᠢᠯᠡᠬᠦ︾ ᠦᠢᠯᠡᠴᠢᠯᠡᠭᠡᠨ ᠤ ᠵᠦᠢᠯᠡᠰ ᠢ ᠠᠯᠬᠤᠮ | ᠠᠯᠬᠤᠮ ᠢᠶᠠᠷ ᠪᠡᠶᠡᠯᠡᠭᠦᠯᠵᠦ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ | ᠨᠡᠮᠡᠭᠳᠡᠭᠦᠯᠦᠨ ᠴᠢᠨᠠᠷ ᠰᠠᠶᠢᠲᠠᠶ ᠠᠵᠢᠯ ᠣᠯᠭᠤᠯᠲᠠ ᠶᠢᠨ ᠬᠤᠳᠠ ᠪᠠ ᠲᠣᠭᠤᠷᠢᠭ ᠢ ᠪᠤᠢ ᠪᠣᠯᠭᠠᠨ᠎ᠠ᠃ | ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ |