ᠬᠥᠨᠳᠡᠯᠡᠨ ᠲᠣᠭᠤᠷᠢᠭ ᠤᠨ ᠣᠯᠠᠨ ᠰᠠᠯᠠᠭ᠎ᠠ ᠮᠥᠴᠢᠷ ᠬᠠᠮᠲᠤᠷᠠᠨ ᠠᠰᠠᠭᠤᠳᠠᠯ ᠲᠠᠢ ᠰᠦᠯᠵᠢᠶᠡᠨ ᠤ ᠴᠡᠭ ᠢ ᠪᠣᠯᠵᠣᠨ ᠶᠠᠷᠢᠯᠴᠠᠪᠠ
ᠨᠡᠶᠢᠲᠡᠯᠡᠭᠰᠡᠨ ᠴᠠᠭ᠄
2022/3/29
     3 ᠰᠠᠷ᠎ᠠ ᠶᠢᠨ 25 ᠤ ᠡᠳᠦᠷ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠬᠡᠷ ᠤᠨ ᠬᠠᠮᠲᠤᠷᠠᠭᠰᠠᠨ ᠲᠣᠭᠤᠷᠢᠭ ᠤᠨ ︽ᠱᠠᠯᠢᠭ ᠵᠦᠢᠯ ᠢ ᠱᠦᠭᠦᠷᠳᠡᠨ ᠬᠠᠤᠯᠢ ᠪᠤᠰᠤ ᠨᠣᠮ ᠬᠡᠪᠯᠡᠯ ᠢ ᠠᠷᠢᠯᠭᠠᠬᠤ︾ ᠠᠯᠪᠠᠨ ᠬᠡᠷ ᠪᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠷᠢᠶ᠎ᠠ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ 5 ᠰᠦᠯᠵᠢᠶᠡᠨ ᠤ ᠴᠡᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠬᠠᠤᠯᠢ ᠶᠣᠰᠣᠭᠠᠷ ᠪᠣᠯᠵᠣᠨ ᠶᠠᠷᠢᠯᠴᠠᠪᠠ᠃
     ICP ᠶᠢᠨ ︽ᠥᠷᠲᠡᠭ ᠨᠡᠮᠡᠭᠳᠡᠯ ᠤᠨ ᠴᠠᠬᠢᠯᠭᠠᠨ ᠬᠤᠯᠪᠣᠭᠠᠨ ᠤ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠤᠨ ᠳᠠᠩᠰᠠᠯᠠᠭᠰᠠᠨ ᠮᠡᠳᠡᠭᠡ ᠵᠠᠩᠭᠢ ᠨᠢ ᠠᠷᠠᠳ ᠢᠷᠭᠡᠳ ᠤᠨ ᠬᠡᠷᠡᠭᠯᠡᠵᠦ ᠪᠠᠶᠢᠭ᠎ᠠ ᠰᠦᠯᠵᠢᠶᠡᠨ ᠤ ᠴᠡᠭ ᠤᠨ ᠨᠧᠲ ᠤᠨ ᠬᠠᠶ᠋ᠢᠭ ᠤᠨ ᠰᠦᠯᠵᠢᠶᠡᠨ ᠳᠠᠬᠢ ︽ᠪᠡᠶ᠎ᠡ ᠶᠢᠨ ᠦᠨᠡᠮᠯᠡᠯ︾ ᠲᠠᠢ ᠠᠳᠠᠯᠢ ᠪᠠᠶᠢᠵᠤ᠂ ᠨᠧᠲ ᠤᠨ ᠬᠠᠶ᠋ᠢᠭ ᠤᠨ ᠬᠤᠭᠤᠴᠠᠭ᠎ᠠ ᠲᠤᠯᠪᠠᠯ ᠬᠡᠷᠡᠭᠯᠡᠬᠦ ᠥᠬᠡᠶ ᠪᠤᠶᠤ ᠬᠤᠪᠢᠷᠠᠭᠤᠯᠬᠤ ᠳᠤ ᠴᠥᠮ ᠤᠤᠯ ᠤᠨ ICP ᠶᠢᠨ ᠳᠠᠩᠰᠠᠯᠠᠭᠰᠠᠨ ᠮᠡᠳᠡᠭᠡ ᠵᠠᠩᠭᠢ ᠶᠢ ᠲᠠᠩᠰᠠᠨ ᠠᠴᠠ ᠬᠠᠰᠣᠬᠤ ᠬᠡᠷᠡᠭᠲᠡᠶ᠂ ᠴᠠᠭ ᠲᠤᠬᠠᠶ ᠳᠤᠨᠢ ᠭᠦᠢᠴᠡᠳᠭᠡᠭᠰᠡᠨ ᠥᠬᠡᠶ ᠲᠠᠩᠰᠠᠨ ᠠᠴᠠ ᠬᠠᠰᠣᠭᠰᠠᠨ ᠬᠠᠤᠯᠢ ᠴᠠᠭᠠᠵᠠ ᠶᠢᠨ ᠡᠭᠦᠷᠭᠡ ᠨᠢ ᠨᠧᠲ ᠤᠨ ᠬᠠᠶ᠋ᠢᠭ ᠶᠢ ᠵᠠᠪᠳᠤᠨ ᠲᠠᠩᠰᠠᠨ ᠠᠴᠠ ᠬᠠᠰᠣᠭᠰᠠᠨ ᠪᠠ ᠬᠠᠭᠤᠷᠮᠠᠭᠯᠠᠨ ᠬᠡᠷᠡᠭᠯᠡᠭᠰᠡᠨ ᠵᠡᠷᠭᠡ ᠦᠷ᠎ᠡ ᠳ᠋ᠦᠩ ᠭᠠᠷᠴᠤ ᠮᠡᠳᠡᠬᠦ ᠪᠥᠭᠡᠳ ᠤᠤᠯ ᠤᠨ ICP ᠳᠠᠩᠰᠠᠯᠠᠭᠰᠠᠨ ᠬᠥᠮᠦᠨ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠲᠣᠰ ᠣᠳᠠᠭᠠᠨ ᠤ ᠪᠣᠯᠵᠣᠨ ᠶᠠᠷᠢᠯᠴᠠᠭᠰᠠᠨ 5 ᠰᠦᠯᠵᠢᠶᠡᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠴᠥᠮ ᠰᠦᠯᠵᠢᠶᠡᠨ ᠤ ᠠᠮᠤᠷ ᠲᠦᠪᠰᠢᠨ ᠤ ᠪᠡᠶᠡᠴᠢ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠬᠡᠶ ᠠᠴᠠ ᠪᠣᠯᠵᠣ ICP ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠲᠠᠩᠰᠠᠨ ᠠᠴᠠ ᠬᠠᠰᠣᠵᠤ᠂ ᠰᠦᠯᠵᠢᠶᠡᠨ ᠤ ᠴᠡᠭ ᠤᠨ ᠨᠧᠲ ᠤᠨ ᠬᠠᠶ᠋ᠢᠭ ᠢ ᠵᠠᠪᠳᠤᠨ ᠲᠠᠩᠰᠠᠨ ᠠᠴᠠ ᠬᠠᠰᠣᠭᠰᠠᠨ ᠤ ᠳᠠᠷᠠᠭ᠎ᠠ ᠱᠠᠯᠢᠭ ᠵᠠᠪᠬᠠᠶ ᠵᠦᠢᠯᠡᠰ ᠪᠠ ᠵᠣᠭᠤᠰ ᠨᠠᠭᠠᠳᠬᠤ ᠠᠵᠢᠯᠯᠠᠭ᠎ᠠ ᠳᠤ ᠬᠤᠯᠪᠣᠭᠳᠠᠭᠰᠠᠨ ᠮᠡᠳᠡᠭᠡ ᠵᠠᠩᠭᠢ ᠶᠢ ᠨᠡᠶᠢᠲᠡᠯᠡᠬᠦ ᠳᠤ ᠬᠡᠷᠡᠭᠯᠡᠭᠰᠡᠨ ᠪᠠᠶᠢᠨ᠎ᠠ᠂ ᠡᠨᠡᠬᠦ ᠦᠢᠯᠡ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠶ ᠶᠢᠨ ᠵᠠᠰᠠᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠨ᠎ᠠ᠃
     ᠳᠡᠭᠡᠷᠡᠬᠢ ᠠᠰᠠᠭᠤᠳᠠᠯ ᠳᠤ ᠴᠢᠭᠯᠡᠭᠦᠯᠦᠨ᠂ ᠬᠠᠮᠲᠤᠷᠠᠨ ᠪᠣᠯᠵᠣᠨ ᠶᠠᠷᠢᠯᠴᠠᠬᠤ ᠳᠤᠭᠤᠶᠢᠯᠠᠩ ᠬᠠᠤᠯᠢ ᠲᠣᠭᠲᠠᠭᠠᠯ ᠠᠴᠠ ᠵᠥᠷᠢᠴᠡᠭᠰᠡᠨ 5 ᠰᠦᠯᠵᠢᠶᠡᠨ ᠥᠷᠲᠡᠭᠡ ᠳᠤ ︽  ᠵᠠᠰᠠᠨ ᠰᠠᠶᠢᠵᠢᠷᠠᠭᠤᠯᠬᠤ ᠪᠠᠷ ᠵᠠᠷᠯᠢᠭᠳᠠᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠰᠦᠯᠵᠢᠶᠡᠨ ᠤ ᠴᠡᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠢᠨᠲ᠋ᠧᠷ ᠰᠦᠯᠵᠢᠶᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠲᠣᠷ ᠰᠤᠷᠤᠯᠴᠠᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠶᠢ ᠢᠳᠡᠪᠬᠢᠲᠡᠶ ᠭᠦᠢᠴᠡᠳᠬᠡᠵᠦ᠂ ᠱᠠᠭᠠᠷᠳᠠᠯᠭ᠎ᠠ ᠶᠣᠰᠣᠭᠠᠷ ᠵᠠᠰᠠᠨ ᠰᠠᠶᠢᠵᠢᠷᠠᠭᠤᠯᠬᠤ ᠶᠢ ᠪᠡᠶᠡᠯᠡᠭᠦᠯᠪᠠ᠃ ᠬᠤᠯᠪᠣᠭᠳᠠᠯ ᠪᠥᠬᠦᠶ ᠰᠦᠯᠵᠢᠶᠡᠨ ᠤ ᠴᠡᠭ ᠤᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠪᠠᠷ ᠳᠠᠮᠵᠢᠭᠤᠯᠤᠨ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠳᠠᠷᠠᠭ᠎ᠠ ᠨᠢ ᠱᠠᠭᠠᠷᠳᠠᠯᠭ᠎ᠠ ᠶᠢ ᠵᠢᠷᠤᠮᠯᠠᠨ ᠳᠠᠩᠰᠠᠯᠠᠭᠰᠠᠨ ᠮᠡᠳᠡᠭᠡ ᠵᠠᠩᠭᠢ ᠪᠠᠨ ᠴᠠᠭ ᠲᠤᠬᠠᠶ ᠳᠤᠨᠢ ᠲᠠᠩᠰᠠᠨ ᠠᠴᠠ ᠬᠠᠰᠣᠬᠤ ᠶᠢᠨ ᠬᠠᠮᠲᠤ ᠢᠨᠲ᠋ᠧᠷ ᠰᠦᠯᠵᠢᠶᠡᠨ ᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠡᠮᠬᠢ ᠵᠢᠷᠤᠮ ᠲᠠᠢ ᠰᠦᠯᠵᠢᠶᠡᠨ ᠤ ᠣᠷᠴᠢᠨ ᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠨ᠎ᠠ ᠭᠡᠵᠦ ᠢᠯᠡᠷᠬᠡᠶᠢᠯᠡᠵᠡᠶ᠃
 ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ ICP ᠶᠢᠨ ᠳᠠᠩᠰᠠᠯᠠᠯᠲᠠ ᠶᠢ ᠴᠠᠭ ᠲᠤᠬᠠᠶ ᠳᠤᠨᠢ ᠲᠠᠩᠰᠠᠨ ᠠᠴᠠ ᠬᠠᠰᠣᠭᠰᠠᠨ ᠦᠭᠡᠶ ᠪᠣᠯ ᠨᠧᠲ ᠤᠨ ᠬᠠᠶ᠋ᠢᠭ ᠶᠢ ᠵᠠᠪᠳᠤᠨ ᠲᠠᠩᠰᠠᠨ ᠠᠴᠠ ᠬᠠᠰᠣᠭᠰᠠᠨ ᠤ ᠳᠠᠷᠠᠭ᠎ᠠ ᠬᠤᠣᠷ ᠬᠥᠨᠥᠭᠡᠯ ᠲᠠᠢ ᠮᠡᠳᠡᠭᠡ ᠵᠠᠩᠭᠢ ᠨᠡᠶᠢᠲᠡᠯᠡᠭᠰᠡᠨ ᠠᠴᠠ ᠪᠣᠯᠤᠭᠰᠠᠨ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠵᠦ ᠮᠡᠳᠡᠬᠦ ᠠᠴᠠ ᠭᠠᠳᠠᠨ᠎ᠠ ᠪᠠᠰᠠ ᠲᠤᠰ ᠨᠧᠲ ᠤᠨ ᠬᠠᠶ᠋ᠢᠭ ᠶᠢ ᠨᠡᠶᠢᠲᠡᠯᠡᠭᠰᠡᠨ ᠡᠷᠬᠡ ᠳᠤ ᠬᠠᠯᠳᠠᠭᠰᠠᠨ ᠮᠡᠳᠡᠭᠡ ᠵᠠᠩᠭᠢ ᠶᠢᠨ ᠢᠷᠭᠡᠨ ᠤ ᠬᠡᠷᠡᠭ ᠤᠨ ᠵᠠᠷᠭᠤ ᠪᠠ ᠲᠡᠭᠡᠳᠦ ᠬᠡᠮᠵᠢᠶ᠋ᠨᠨ ᠤ ᠲᠥᠯᠥᠪᠦᠷᠢ ᠶᠢ ᠡᠭᠦᠷᠭᠡᠯᠡᠵᠦ ᠮᠡᠳᠡᠨ᠎ᠡ᠃ ᠰᠦᠯᠵᠢᠶᠡᠨ ᠤ ᠠᠮᠤᠷ ᠲᠦᠪᠰᠢᠨ ᠤ ︽ᠬᠡᠨ ᠪᠠᠶᠢᠭᠤᠯᠪᠡᠯ ᠬᠡᠨ ᠬᠠᠷᠢᠭᠤᠴᠠᠬᠤ᠂ ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠢ ᠦᠨᠳᠦᠰᠦᠯᠡᠨ᠂ ᠰᠦᠯᠵᠢᠶᠡᠨ ᠤ ᠴᠡᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠳᠦᠷ ᠲᠤᠲᠤᠮ ᠤᠨ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠪᠠᠨ ᠴᠢᠩᠭᠠᠳᠬᠠᠨ ᠡᠵᠡᠩᠨᠡᠯᠲᠡ ᠶᠢᠨ ᠦᠢᠯᠡᠴᠢᠯᠡᠭᠡ ᠶᠢ ᠬᠠᠤᠯᠢ ᠶᠣᠰᠣᠭᠠᠷ ᠥᠷᠨᠢᠭᠦᠯᠵᠦ᠂ ᠰᠦᠯᠵᠢᠶᠡᠨ ᠤ ᠴᠡᠭ ᠶᠢ ᠬᠠᠤᠯᠢ ᠪᠤᠰᠤ ᠡᠲᠡᠭᠡᠳ ᠠᠰᠢᠭᠯᠠᠨ ᠬᠠᠤᠯᠢ ᠪᠤᠰᠤ ᠦᠢᠯᠡ ᠠᠵᠢᠯᠯᠠᠭ᠎ᠠ ᠬᠢᠬᠦ ᠠᠴᠠ ᠵᠠᠶᠢᠯᠠᠰᠬᠢᠨ᠎ᠠ︔ ᠥᠷᠭᠡᠨ ᠤᠯᠠᠨ ᠠᠷᠠᠳ ᠢᠷᠭᠡᠳ ᠬᠤᠪᠢ ᠬᠥᠮᠦᠨ ᠤ ᠮᠡᠳᠡᠭᠡ ᠵᠠᠩᠭᠢ ᠪᠠ ᠲᠠᠪᠴᠠᠩ ᠤᠨ ᠳᠠᠩᠰᠠᠨ ᠨᠣᠮᠧᠷ ᠤᠨ ᠬᠠᠮᠠᠭᠠᠯᠠᠯᠲᠠ ᠶᠢ ᠰᠠᠶᠢᠲᠤᠷ ᠠᠩᠬᠠᠷᠴᠤ᠂ ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠬᠤ ᠪᠠ ᠬᠠᠮᠲᠤᠪᠠᠷ ᠡᠳ᠋ᠯᠡᠬᠦ ᠪᠣᠬᠢᠷᠲᠤᠯ ᠦᠭᠡᠢ ᠰᠦᠯᠵᠢᠶᠡᠨ ᠤ ᠣᠷᠴᠢᠨ ᠶᠢ ᠪᠤᠢ ᠪᠣᠯᠭᠠᠬᠤ ᠬᠡᠷᠡᠭᠲᠡᠢ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号