ᠪᠦᠬᠦ ᠲᠣᠭᠤᠷᠢᠭ ᠤᠨ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/3/29
     3 ᠰᠠᠷ᠎ᠠ ᠶᠢᠨ 25 ᠤ ᠡᠳᠦᠷ᠂ ᠬᠥᠨᠳᠡᠯᠡᠨ ᠲᠣᠭᠤᠷᠢᠭ ᠤᠨ ᠬᠢᠨ ᠪᠥᠬᠦ ᠲᠣᠭᠤᠷᠢᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠶᠠᠷᠢᠶ᠎ᠠ ᠪᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠳᠤ ᠠᠮᠤᠷ ᠲᠦᠪᠰᠢᠨ ᠪᠦᠭᠡᠳ ᠲᠣᠭᠲᠠᠭᠤᠨ ᠣᠷᠴᠢᠨ ᠲᠣᠭᠤᠷᠢᠨ ᠢ ᠬᠠᠩᠭᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠲᠢᠶᠠᠨ ᠬᠤᠩ ᠴᠧᠩ ᠶᠠᠷᠢᠶ᠎ᠠ ᠲᠠᠯᠪᠢᠵᠠᠢ᠃
     ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠨ ᠵᠦᠩ ᠬᠤᠷᠠᠯ ᠡᠷᠬᠢᠯᠡᠵᠦ᠂ ᠲᠣᠭᠤᠷᠢᠭ ᠤᠨ ᠤᠳᠤᠷᠢᠳᠤᠯᠭ᠎ᠠ ᠸᠠᠩ ᠴᠢᠶᠠᠩ᠂ ᠯᠢ ᠴᠠᠩ ᠮᠤᠤ᠂ ᠭᠠᠢ ᠢᠦᠢ᠂ ᠢᠦᠢ ᠵᠠᠨ ᠵᠢᠶᠠᠩ᠂ ᠦ᠋ ᠱᠧᠨ ᠮᠦᠸᠧ᠂ ᠸᠠᠩ ᠰᠢᠤ ᠵᠢᠤᠸᠠᠨ᠂ ᠵᠤᠤ ᠲᠠᠢ ᠰᠢᠶᠠᠨ᠂ ᠭᠤᠤ ᠮᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠪᠦᠬᠦ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠭᠡᠨᠡᠳᠡᠯ ᠤᠨ ᠪᠠᠶᠢᠳᠠᠯ ᠢ ᠮᠡᠳᠡᠭᠳᠡᠵᠦ᠂ ᠬᠤᠳᠠ ᠶᠢᠨ ᠨᠠᠮ ᠤᠨ ᠬᠤᠷᠢᠶᠠᠨ ᠤ ᠱᠦᠵᠢ ᠮᠧᠩ ᠹᠠᠨ ᠯᠢ ᠨᠥᠬᠦᠷ ᠤᠨ ᠬᠤᠯᠪᠣᠭᠳᠠᠯ ᠪᠦᠬᠦᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠪᠠ ᠨᠢᠭᠡᠴᠢ ᠦᠵᠡᠯ ᠰᠠᠨᠠᠭ᠎ᠠ ᠪᠠᠨ ᠢᠮᠠᠭᠲᠠ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠶᠠᠷᠢᠶ᠎ᠠ ᠪᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭᠠᠨ ᠳᠤ ᠨᠢᠭᠡᠳᠬᠡᠵᠦ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠡᠷᠭᠡᠭ ᠢᠶᠠᠷ ᠲᠠᠨᠢᠬᠤ ᠶᠢᠨ ᠬᠠᠮᠲᠣ ᠭᠦᠨᠵᠡᠭᠡᠶ ᠡᠷᠭᠢᠴᠡᠭᠦᠯᠦᠨ ᠪᠣᠳᠣᠯᠬᠢᠯᠠᠵᠤ᠂ ︽ᠠᠶᠤᠯᠭᠦᠶ ᠪᠠᠶᠢᠬᠤ ᠶᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠠᠷᠢᠮᠲᠠᠯᠠᠨ᠂ ᠰᠢᠯᠲᠠᠭᠠᠨ ᠢ ᠭᠦᠨᠵᠡᠭᠡᠶ ᠵᠠᠳᠠᠯᠵᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠨ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠᠨ ᠳᠡᠭᠡᠭᠰᠢᠯᠡᠭᠦᠯᠬᠦ ᠬᠡᠷᠡᠭᠲᠡᠶ᠃      ᠬᠤᠷᠠᠯ ᠠᠴᠠ᠂ ᠭᠡᠨᠡᠳᠡᠯ ᠠᠴᠠ ᠰᠤᠷᠭᠠᠮᠵᠢ ᠠᠪᠴᠤ᠂ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠬᠤ ᠬᠡᠷᠡᠭᠲᠡᠢ᠃ ᠭᠤᠣᠯᠳᠠᠯᠭ᠎ᠠ ᠲᠠᠢ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠨᠠᠷᠢᠨ ᠬᠢᠨᠠᠮᠠᠭᠠᠢ ᠬᠠᠷᠢᠭᠤᠴᠠᠡ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠴᠡᠭᠴᠡᠯᠡᠨ ᠰᠠᠶᠢᠵᠢᠷᠠᠭᠤᠯᠵᠤ᠂ ᠦᠢᠯᠡᠳᠪᠦᠷᠢᠯᠡᠯ ᠤᠨ ᠠᠶᠤᠯᠭᠦᠶ ᠶᠢᠨ ᠭᠡᠨᠡᠳᠡᠯ ᠭᠠᠷᠬᠤ ᠶᠢ ᠡᠷᠡᠰ ᠬᠤᠷᠢᠭᠯᠠᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠪᠠᠷᠢᠯᠭ᠎ᠠ ᠶᠢᠨ ᠠᠵᠢᠯ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠲᠡᠮᠦᠷᠯᠢᠭ ᠪᠣᠯᠪᠠᠰᠣᠷᠠᠭᠤᠯᠬᠤ ᠠᠵᠤ ᠦᠢᠯᠡᠳᠪᠦᠷᠢ ᠠᠷᠠᠯᠵᠢᠶ᠎ᠠ᠂ ᠠᠶᠤᠯᠲᠠᠢ ᠬᠢᠮᠢ ᠶᠢᠨ ᠪᠣᠳᠠᠰ ᠪᠠ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠶᠤᠯᠭᠦᠢ ᠬᠠᠮᠢᠶᠠᠷᠤᠯᠲᠠ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃      ᠬᠤᠷᠠᠯ ᠠᠴᠠ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠲᠦᠪ ᠴᠢᠩᠭ᠎ᠠ ᠪᠣᠯᠭᠠᠵᠦ᠂ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠲᠠ ᠬᠠᠮᠵᠢᠯᠴᠠᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠠ᠃ ᠠᠵᠤ ᠠᠬᠤᠶᠢᠯᠠᠯ ᠢ ᠰᠢᠪᠠᠲᠠᠨ ᠵᠢᠯᠣᠭᠤᠳᠴᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠠᠶᠤᠯ ᠲᠦᠭᠰᠢᠭᠦᠷᠢ ᠶᠢ ᠢᠯᠭᠠᠨ ᠲᠠᠨᠢᠵᠤ ᠦᠨᠡᠯᠡᠬᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠡᠷᠭᠡ ᠲᠠᠯ᠎ᠠ ᠶᠢᠨ ᠲᠦᠷᠢᠮ ᠤᠨ ᠰᠢᠰᠲ᠋ᠧᠮ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠪᠦᠷᠢᠨᠰᠢᠬᠦᠯᠤᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠪᠠ ᠢᠯᠡᠴᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠪᠣᠯᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠬᠠᠮᠢᠶᠠᠷᠬᠤ᠂ ᠴᠢᠩᠭ᠎ᠠ ᠲᠣᠷᠭᠠᠬᠤ ᠪᠠ ᠴᠢᠩᠭ᠎ᠠ ᠰᠢᠢᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ᠃ ︵ᠰᠤᠷᠪᠤᠯᠵᠢᠯᠠᠭᠴᠢ᠄ ᠭᠤᠤ ᠰᠢᠤᠢ    ᠬᠢᠨᠠᠨ ᠬᠠᠷᠭᠤᠭᠤᠯᠤᠭᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号