︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠨ᠎ᠡ︾ ᠨᠠᠮ ᠤᠨ ᠪᠠᠶᠢᠭᠤᠯᠤᠯᠲᠠ ᠶᠢᠨ ᠬᠠᠮᠲᠤᠷᠠᠯ ᠤᠨ ᠬᠦᠴᠦᠨ ᠢ ᠬᠦᠳᠦᠯᠦᠨ ᠳᠠᠭᠠᠭᠤᠯᠬᠤ  ᠪᠠᠭᠠᠴᠣᠣᠯ ᠵᠠᠮ ᠤᠨ ᠬᠡᠷᠡᠭ ᠡᠷᠬᠢᠯᠡᠬᠦ ᠭᠠᠵᠠᠷ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠨᠳᠥᠷ ᠪᠦᠲᠦᠮᠵᠢᠲᠡᠢ ᠪᠠᠷ ᠪᠡᠶᠡᠯᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2022/3/3
     ᠬᠥᠨᠳᠡᠯᠡᠨ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠢ ᠡᠬᠢᠯᠡᠭᠦᠯᠦᠭᠰᠡᠨ ᠠᠴᠠ ᠨᠠᠰᠢ᠂ ᠪᠠᠭᠠᠴᠣᠣᠯ ᠵᠠᠮ ᠤᠨ ᠨᠠᠮ ᠤᠨ ᠠᠵᠢᠯᠯᠠᠬᠤ ᠬᠤᠷᠢᠶ᠎ᠠ ᠵᠠᠷᠯᠢᠭ ᠢ ᠰᠣᠨᠣᠰᠮᠡᠭᠴᠡ ᠬᠦᠳᠠᠯᠤᠯᠴᠡᠵᠣ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠲᠠᠷᠤᠶᠢᠬᠠᠨ 11 ᠲᠦᠷ ᠴᠠᠭ ᠤᠨ ᠨᠠᠮ ᠤᠨ ᠡᠭᠦᠷ ᠢ ᠪᠠᠶᠢᠭᠤᠯᠵᠤ᠂ 9 ᠨᠠᠮ ᠤᠨ ᠭᠡᠰᠢᠭᠦᠨ ᠤ ᠬᠤᠰᠢᠭᠤᠴᠢ ᠠᠩᠬᠢ ᠶᠢ ᠪᠠᠶᠢᠭᠤᠯᠵᠤ᠂ ᠪᠠᠭᠠᠴᠣᠣᠯ ᠵᠠᠮ ᠤᠨ ᠬᠡᠷᠡᠭ ᠡᠷᠬᠢᠯᠡᠬᠦ ᠭᠠᠵᠠᠷ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠡᠭᠦᠷᠭᠡ ᠶᠢ ᠥᠨᠳᠥᠷ ᠪᠦᠲᠦᠮᠵᠢᠲᠡᠢ ᠪᠠᠷ ᠪᠡᠶᠡᠯᠡᠭᠦᠯᠬᠦ ᠶᠢ ᠠᠬᠢᠭᠤᠯᠪᠠ᠃    ᠰᠦᠨᠢ ᠢᠶᠠᠷ ᠬᠦᠳᠠᠯᠣᠯᠴᠡᠵᠦ ᠪᠠᠴᠢᠮ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠡᠳ᠋ ᠪᠣᠳᠠᠰ ᠢ ᠲᠤᠬᠠᠶ ᠶᠢᠨ ᠲᠠᠯᠠᠪᠤᠷ ᠲᠤ ᠪᠠᠶᠢᠷᠢᠯᠠᠭᠤᠯᠬᠤ᠂ ᠠᠵᠢᠯᠳᠠᠨ ᠲᠣᠬᠢᠷᠠᠭᠤᠯᠵᠤ᠂ ᠪᠠᠶᠢᠴᠠᠭᠠᠨ ᠰᠢᠯᠭᠠᠬᠤ ᠶᠠᠪᠤᠴᠠ ᠵᠡᠷᠭᠡ ᠨᠠᠷᠢᠨ ᠵᠦᠢᠯᠡᠰ ᠤᠨ ᠲᠤᠬᠠᠶ ᠪᠠᠶᠢᠷᠢᠯᠠᠭᠤᠯᠵᠤ᠂ ᠨᠢᠭᠡᠳᠦᠯᠲᠡᠶ ᠵᠢᠯᠣᠭᠤᠳᠣᠨ ︽ᠨᠢᠭᠡ ᠬᠥᠯᠭᠡ ᠰᠢᠳᠡᠷ᠎ᠠ︾᠎ ᠤᠨ ᠠᠵᠢᠯ ᠤᠨ ᠪᠠᠶᠢᠷᠢᠰᠢᠯ ᠢ ᠪᠦᠷᠢᠯᠳᠦᠭᠦᠯᠪᠡ᠃ ᠬᠤᠷᠠᠯ ᠤᠨ ᠳᠠᠷᠠᠭ᠎ᠠ ᠡᠯ᠎ᠡ ᠤᠳᠤᠷᠢᠳᠤᠯᠭ᠎ᠠ ᠳᠠᠷᠤᠭ᠎ᠠ ᠦᠳᠲᠡᠷ ᠲᠦᠷᠭᠡᠨ ᠬᠥᠳᠡᠯᠦᠯᠴᠡᠨ ᠦᠯᠢᠭᠡᠷ ᠠᠪᠬᠤ ᠴᠡᠭ ᠲᠤ ᠬᠦᠷᠴᠦ᠂ ᠡᠯ᠎ᠡ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ ᠪᠠᠶᠢᠴᠠᠭᠠᠨ ᠰᠢᠯᠭᠠᠬᠤ ᠶᠠᠪᠤᠴᠠ ᠪᠣᠯᠤᠨ ᠠᠵᠢᠯᠲᠠᠨ ᠤ ᠲᠣᠬᠢᠷᠠᠭᠤᠯᠤᠯᠲᠠ ᠶᠢ ᠳᠠᠬᠢᠨ ᠰᠢᠯᠢᠳᠡᠭᠵᠢᠭᠦᠯᠵᠦ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠡᠭ ᠨᠢᠭᠡᠪᠦᠷᠢ ᠳᠤ ᠲᠤᠰᠬᠠᠶ ᠠᠩᠭᠢ ᠪᠠᠶᠢᠭᠤᠯᠵᠤ
᠂ ᠦᠢᠯᠡᠴᠢᠯᠡᠭᠡ ᠬᠠᠩᠭᠠᠬᠤ ᠶᠢ ᠵᠡᠷᠭᠡᠪᠡᠷ ᠪᠠᠲᠣᠯᠠᠨ᠎ᠠ᠃
     ᠥᠷᠭᠡᠨ ᠢᠶᠠᠷ ᠳᠠᠶᠢᠴᠢᠯᠠᠵᠤ᠂ ᠪᠦᠬᠦ ᠲᠠᠯ᠎ᠠ ᠪᠠᠷ ᠤᠬᠠᠭᠤᠯᠤᠨ᠎ᠡ᠃ ︽ᠨᠠᠮ ᠤᠨ ᠪᠠᠶᠢᠭᠤᠯᠤᠯᠲᠠ + ᠲᠤᠤᠷᠵᠢᠭᠤᠯᠤᠯᠳᠠ︾ ᠲᠣᠭᠲᠠᠴᠠ ᠳᠤ ᠲᠦᠰᠢᠭᠯᠡᠨ᠂ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾᠎ ᠶᠢᠨ ᠪᠦᠬᠦᠨ ᠢ ᠬᠠᠮᠤᠷᠬᠤ ᠵᠠᠭᠪᠤᠷ ᠢ ᠬᠡᠷᠡᠭᠯᠡᠵᠦ᠂ ᠰᠦᠯᠵᠢᠶᠡᠨ ᠳᠡᠭᠡᠷ᠎ᠡ ᠰᠠᠭᠤᠭᠠᠯᠢ ᠠᠷᠠᠳ ᠤᠨ ᠸᠢᠴᠠᠲ ᠤᠨ ᠪᠦᠯᠦᠭ᠂ ᠨᠠᠶᠢᠵᠠ ᠶᠢᠨ ᠲᠣᠭᠤᠷᠢᠭ ᠪᠠ ᠤᠲᠠᠰᠤ ᠪᠠᠷ ᠪᠠᠶᠢᠴᠠᠭᠠᠨ ᠰᠢᠯᠭᠠᠬᠤ ᠴᠠᠭ᠂ ᠭᠠᠵᠠᠷ᠂ ᠠᠩᠬᠠᠷᠬᠤ ᠵᠣᠶᠢᠯᠡᠰ ᠢ ᠨᠠᠷᠢᠨ ᠲᠣᠳᠣᠷᠬᠠᠶ ᠮᠡᠳᠡᠭᠳᠡᠨ᠎ᠡ᠃ ᠰᠦᠯᠵᠢᠶᠡᠨ ᠭᠠᠳᠠᠨ᠎ᠠ ᠨᠠᠮ ᠤᠨ ᠭᠡᠰᠢᠭᠦᠨ ᠤ ᠬᠥᠳᠡᠯᠦᠩᠭᠦᠶ ᠳᠤᠭᠤᠶᠢᠯᠠᠩ ᠪᠠᠶᠢᠭᠤᠯᠵᠤ᠂ ᠤᠲᠠᠰᠤ ᠪᠠ ᠸᠢᠴᠠᠲ ᠢᠶᠠᠷ ᠬᠠᠷᠢᠴᠠᠵᠦ ᠳᠡᠶᠢᠯᠬᠦ ᠥᠬᠡᠶ ᠬᠥᠮᠦᠰ ᠲᠤ ᠭᠡᠷ ᠲᠤ ᠨᠢ
ᠭᠦᠷᠴᠦ ᠮᠡᠳᠡᠭᠳᠡᠵᠦ᠂ ᠣᠯᠠᠨ ᠲᠦᠮᠡᠨ ᠤ ᠳᠡᠮᠵᠢᠯᠭᠡ ᠪᠠ ᠣᠶᠢᠯᠠᠭᠠᠯᠲᠠ ᠶᠢ ᠣᠯᠪᠠ᠃
     ᠠᠵᠢᠯ ᠢᠶᠠᠨ ᠵᠦᠢ ᠵᠣᠬᠢᠰᠲᠠᠶ ᠬᠤᠪᠢᠶᠠᠷᠢᠯᠠᠵᠤ᠂ ᠡᠮᠬᠢ ᠵᠠᠮᠪᠠᠷᠠᠭ᠎ᠠ ᠲᠠᠢ ᠪᠠᠶᠢᠬᠤ ᠶᠢ ᠪᠠᠲᠣᠯᠠᠨ᠎ᠠ᠃ ᠪᠠᠭᠠᠴᠣᠣᠯ ᠵᠠᠮ ᠤᠨ ᠬᠡᠷᠡᠭ ᠡᠷᠬᠢᠯᠡᠬᠦ ᠭᠠᠵᠠᠷ ᠤᠨ ᠨᠠᠮ ᠵᠠᠰᠠᠭ ᠤᠨ ᠤᠳᠤᠷᠢᠳᠤᠯᠭ᠎ᠠ ᠲᠦᠷᠦᠭᠦᠯᠡᠨ ᠡᠮᠦᠨ᠎ᠡ ᠹᠷᠣᠨᠲ ᠲᠤ ᠣᠴᠢᠵᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠢ ᠵᠢᠯᠣᠭᠤᠳᠴᠤ᠂ ᠳᠡᠭᠡᠳᠦ ᠱᠠᠳᠤ ᠨᠢ ᠲᠤᠤᠷᠠᠳᠦ ᠱᠠᠳᠤ ᠪᠠᠨ ᠳᠠᠭᠠᠭᠤᠯᠤᠨ ᠪᠦᠷᠢᠨ ᠪᠦᠲᠣᠭᠦᠨ ᠵᠢᠯᠣᠭᠤᠳᠬᠤ ᠰᠢᠰᠲ᠋ᠧᠮ ᠢ ᠪᠠᠶᠢᠭᠤᠯᠪᠠ᠃ ᠪᠠᠶᠢᠴᠠᠭᠠᠨ ᠰᠢᠯᠭᠠᠬᠤ ᠳᠤᠮᠳᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠶᠠᠪᠣᠴᠠ ᠶᠢᠨ ᠡᠮᠬᠢ ᠳᠢᠭᠯᠢᠮ ᠢ ᠴᠢᠩᠭᠠᠳᠬᠠᠵᠤ᠂ ᠤᠯᠠᠨ ᠲᠦᠮᠡᠨ ᠳᠤ ᠬᠤᠷᠠᠨ ᠴᠤᠭᠯᠠᠷᠠᠬᠤ ᠶᠢ ᠰᠡᠷᠭᠡᠶᠢᠯᠡᠬᠦ ᠶᠢ ᠰᠠᠨᠠᠭᠤᠯᠵᠣ᠂ ᠤᠬᠠᠮᠰᠠᠷ ᠠᠴᠠ ᠪᠠᠨ 1.5 ᠮᠧᠲᠷ ᠤᠨ ᠰᠡᠷᠭᠡᠶᠢᠯᠡᠯᠲᠡ ᠶᠢᠨ ᠱᠤᠭᠤᠮ ᠤᠨ ᠵᠠᠢ ᠲᠠᠢ ᠮᠦᠷᠯᠡᠬᠦ  ᠶᠢ ᠱᠠᠭᠠᠷᠳᠠᠪᠠ᠃ ᠡᠯ᠎ᠡ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠥᠯᠢᠭᠡᠷ ᠠᠪᠬᠤ ᠴᠡᠭ ᠨᠢ ᠳᠤᠯᠠᠭᠠᠨ ᠢ ᠬᠡᠮᠵᠢᠬᠦ᠂ ᠮᠡᠳᠡᠭᠡ ᠵᠠᠩᠭᠢ ᠳᠠᠩᠰᠠᠯᠠᠬᠤ᠂ ᠥᠯᠢᠭᠡᠷ ᠠᠪᠬᠤ ᠪᠠ ᠬᠦᠷᠭᠡᠵᠦ ᠪᠠᠶᠢᠴᠠᠭᠠᠬᠤ ᠵᠡᠷᠭᠡ ᠠᠵᠢᠯ ᠤᠨ ᠴᠤᠪᠤᠷᠠᠯ ᠤᠨ ᠶᠣᠰᠣᠭᠠᠷ ᠡᠮᠬᠢ ᠵᠢᠷᠤᠮ ᠲᠠᠢ ᠪᠠᠷ ᠠᠵᠢᠯ ᠢᠶᠠᠨ ᠥᠷᠨᠢᠭᠦᠯᠦᠨ᠎ᠡ᠃ ᠡᠮᠴᠢ ᠰᠤᠪᠢᠯᠠᠭᠴᠢᠳ ᠵᠠᠷᠢᠮ ᠣᠨᠴᠠᠭᠠᠶ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠪᠠ ᠨᠢᠯᠬ᠎ᠠ ᠬᠡᠦᠬᠡᠳ ᠲᠤ ᠬᠡᠷ ᠲᠤᠨᠢ ᠬᠦᠷᠴᠦ ᠦᠯᠢᠭᠡᠷ ᠠᠪᠴᠤ᠂ ᠪᠦᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠦᠬᠦᠨ ᠢ ᠬᠢᠵᠤ  ᠳᠠᠭᠤᠰᠬᠠᠬᠤ ᠶᠢ ᠪᠠᠲᠣᠯᠠᠪᠠ᠃
     ᠨᠠᠮ ᠪᠠ ᠠᠷᠠᠳ ᠲᠦᠮᠡᠨ ᠬᠦᠴᠦ ᠪᠠᠨ ᠬᠠᠮᠲᠤᠳᠬᠠᠨ ᠬᠢᠵᠢᠭ ᠤᠨ ᠪᠠᠶᠢᠳᠠᠯ ᠢ ᠡᠰᠡᠷᠭᠦᠴᠡᠨ᠎ᠡ᠃ ᠪᠦᠬᠦ ᠬᠠᠷᠢᠶ᠎ᠠ ᠲᠣᠭᠤᠷᠢᠭ ᠤᠨ ᠨᠠᠮ ᠤᠨ ᠭᠡᠰᠢᠭᠦᠨ ᠺᠠᠳᠡᠷᠴᠣᠳ ᠰᠠᠬᠢᠯᠭ᠎ᠠ ᠪᠠᠲᠤ ᠢ ᠵᠢᠷᠤᠮᠯᠠᠨ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠨᠡᠶᠢᠭᠡᠮ ᠲᠣᠭᠤᠷᠢᠭ ᠤᠨ ᠪᠠᠶᠢᠴᠠᠭᠠᠨ ᠰᠢᠯᠭᠠᠬᠤ ᠴᠡᠭ ᠲᠤ ᠬᠦᠷᠴᠦ ᠦᠯᠢᠭᠡᠷ ᠠᠪᠬᠤ ᠶᠢ ᠪᠠᠲᠣᠯᠠᠪᠠ︔ ᠥᠷᠭᠡᠨ ᠣᠯᠠᠨ ᠠᠷᠠᠳ ᠲᠦᠮᠡᠨ ᠢᠳᠡᠪᠬᠢᠲᠡᠶ ᠬᠠᠮᠵᠢᠯᠴᠠᠨ᠂ ᠬᠤᠪᠢ ᠬᠥᠮᠦᠨ ᠤ ᠮᠡᠳᠡᠭᠡ ᠵᠠᠩᠭᠢ ᠪᠠᠨ ᠤᠷᠢᠳᠴᠢᠯᠠᠨ ᠪᠡᠯᠡᠳᠬᠡᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠵᠢᠯᠣᠭᠤᠳᠣᠯᠭ᠎ᠠ ᠳᠣᠤᠷ᠎ᠠ ᠪᠡᠶ᠎ᠡ ᠶᠢᠨ ᠳᠤᠯᠠᠭᠠᠨ ᠤ ᠬᠡᠮᠵᠢᠯᠲᠡ ᠪᠠ ᠮᠡᠳᠡᠭᠡ ᠵᠠᠩᠭᠢ ᠶᠢᠨ ᠳᠡᠩᠰᠡᠯᠡᠯᠲᠡ ᠬᠢᠵᠦ᠂ ᠡᠮᠬᠢ ᠵᠢᠷᠤᠮ ᠲᠠᠢ ᠪᠠᠷ ᠪᠠᠶᠢᠴᠠᠭᠠᠯᠲᠠ ᠳᠤ ᠣᠷᠣᠯᠴᠠᠪᠠ︔ ᠨᠡᠶᠢᠭᠡᠮ ᠲᠣᠭᠤᠷᠢᠭ ᠲᠤ ᠪᠠᠭᠤᠭᠰᠠᠨ ᠪᠤᠢ ᠪᠦᠬᠦᠢ ᠪᠠᠶᠢᠭᠤᠯᠭ᠎ᠠ ᠶᠢᠨ ᠺᠠᠳ᠋ᠷᠴᠤᠳ ᠠᠵᠢᠯ ᠤᠨ ᠬᠤᠪᠢᠶᠠᠷᠢᠯᠠᠯ ᠶᠣᠰᠣᠭᠠᠷ ᠨᠡᠶᠢᠭᠡᠮ ᠲᠣᠭᠤᠷᠢᠭ ᠤᠨ ᠠᠵᠢᠯ ᠳᠤ ᠢᠳᠡᠪᠬᠢᠲᠡᠶ ᠬᠠᠮᠵᠢᠯᠴᠠᠠ ᠰᠠᠭᠤᠭᠠᠯᠢ ᠠᠷᠠᠳ ᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠪᠠᠲᠤᠯᠠᠪᠡ︔ ᠪᠥᠭᠡᠮ ᠬᠦᠴᠢᠯ ᠤᠨ ᠥᠯᠢᠭᠡᠷ ᠡᠳ᠋ ᠠᠪᠬᠤ ᠶᠢ ᠬᠠᠷᠢᠭᠤᠴᠠᠵᠤ ᠪᠠᠶᠢᠭ᠎ᠠ ᠡᠮᠨᠡᠯᠭᠡ ᠶᠢᠨ ᠠᠵᠢᠯᠲᠠᠳ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠠᠵᠢᠯ ᠤᠨ ᠪᠠᠶᠢᠷᠢ ᠪᠠᠨ ᠰᠠᠬᠢᠠ ᠪᠠᠶᠢᠴᠠᠭᠠᠨ ᠰᠢᠯᠭᠠᠭᠰᠠᠨ ᠦᠷ᠎ᠡ ᠳ᠋ᠦᠩ ᠤᠨ ᠵᠥᠪ ᠣᠨᠣᠪᠴᠢᠲᠠᠶ ᠪᠠᠶᠢᠬᠤ ᠶᠢ ᠪᠠᠲᠤᠯᠠᠨ᠎ᠠ︔ ᠡᠯ᠎ᠡ ᠲᠥᠷᠥᠯ ᠤᠨ ᠰᠠᠶᠢᠨ ᠳᠤᠷ᠎ᠠ ᠶᠢᠨ ᠠᠵᠢᠯᠳᠠᠳ ᠤᠨ ᠠᠵᠢᠯ ᠤᠨ ᠬᠤᠪᠢᠶᠠᠷᠢᠯᠠᠯ ᠲᠣᠳᠣᠷᠬᠠᠶ ᠪᠠᠶᠢᠵᠤ᠂ ᠬᠠᠷᠢᠶ᠎ᠠ ᠲᠣᠭᠤᠷᠢᠭ ᠤᠨ ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠠᠵᠢᠯᠲᠠᠳ ᠢᠶᠠᠨ ᠨᠡᠶᠢᠭᠡᠮ ᠲᠣᠭᠤᠷᠢᠭ ᠲᠤ ᠤᠴᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠵᠢᠯ ᠳᠤ ᠣᠷᠣᠯᠴᠠᠬᠤ ᠶᠢ ᠤᠷᠢᠶᠠᠯᠠᠬᠤ ᠶᠢᠨ ᠬᠠᠮᠲᠤ ᠠᠮᠠᠪᠴᠢ᠂ ᠠᠷᠢᠭᠤᠳᠬᠠᠬᠤ ᠤᠰᠤ ᠵᠡᠷᠭᠡ ᠡᠳ᠋ ᠪᠣᠳᠠᠰ ᠬᠠᠨᠳᠢᠪᠯᠠᠪᠠ︔ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠳᠠᠨ᠂ ᠰᠠᠶᠢᠨ ᠳᠤᠷ᠎ᠠ ᠶᠢᠨ ᠠᠵᠢᠯᠳᠠᠨ ᠵᠢᠴᠢ ᠬᠠᠷᠢᠶ᠎ᠠ ᠲᠣᠭᠤᠷᠢᠭ ᠤᠨ ᠬᠠᠮᠳᠤᠷᠠᠨ ᠪᠠᠶᠢᠭᠤᠯᠬᠤ ᠨᠢᠭᠡᠴᠢ ᠦᠢᠯᠡ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠮᠠᠨ ᠤ ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠥᠨᠳᠥᠷ ᠨᠠᠮᠢᠷᠠᠭᠤᠯᠪᠠ᠃︵ᠢᠷᠡᠯᠲᠡ᠄ ᠪᠠᠭᠠᠴᠣᠣᠯ ᠵᠠᠮ ᠤᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号