︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠨ᠎ᠡ︾ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ︽ᠭᠤᠷᠪᠠᠨ ᠣᠨᠣᠪᠴᠢᠲᠠᠢ ᠭᠤᠷᠪᠠᠨ ᠪᠣᠳᠠᠲᠠᠢ︾ ᠠᠵᠢᠯᠯᠠᠭ᠎ᠠ ᠨᠢ ᠬᠢᠵᠢᠭ ᠢ ᠡᠰᠡᠷᠭᠦᠴᠡᠬᠦ ᠪᠠᠬᠢᠯᠡᠯᠲᠡ ᠶᠢ ᠬᠠᠮᠲᠤ ᠪᠠᠷ ᠪᠠᠶᠢᠭᠤᠯᠪᠠ
ᠨᠡᠶᠢᠲᠡᠯᠡᠭᠰᠡᠨ ᠴᠠᠭ᠄
2022/3/3
     ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠳᠠᠷᠤᠶ ᠬᠠᠷᠢᠭᠤᠴᠠᠯᠭ᠎ᠠ ᠮᠥᠨ᠃ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠪᠠᠶᠢᠭᠤᠯᠤᠮᠵᠢ ᠳᠡᠭᠡᠳᠦ ᠱᠠᠲᠤᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ︽ᠭᠤᠷᠪᠠᠨ ᠣᠨᠣᠪᠴᠢᠲᠠᠢ ᠭᠤᠷᠪᠠᠨ ᠪᠣᠳᠠᠲᠠᠢ︾ ᠠᠷᠭ᠎ᠠ ᠬᠡᠮᠵᠢᠶ᠎ᠡ ᠪᠠᠷ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠬᠢᠵᠢᠭᠦᠯᠬᠦ ᠳᠤ ᠬᠦᠴᠦ ᠪᠠᠨ ᠨᠡᠮᠡᠷᠢᠯᠡᠪᠡ᠃
     ᠬᠢᠵᠢᠭ ᠢ ᠰᠡᠷᠭᠡᠶᠢᠯᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠤᠨ᠎ᠠ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠣᠯᠤᠨ ᠡᠭᠦᠷᠭᠡ ᠶᠢ ᠭᠦᠢᠴᠡᠳ ᠲᠠᠨᠢᠵᠤ᠂ ︽ᠣᠨᠣᠪᠴᠢᠲᠠᠢ︾ ᠪᠠᠶᠢᠬᠤ ᠪᠠᠷ ᠭᠤᠣᠯᠳᠠᠯᠭ᠎ᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠲᠠᠯᠪᠢᠬᠤ ᠠᠵᠢᠯ ᠢ ᠪᠠᠶᠢᠷᠢᠯᠠᠭᠤᠯᠵᠦ᠂ ᠠᠷᠭ᠎ᠠ ᠪᠤᠳᠤᠯᠭ᠎ᠠ ᠶᠢ ᠣᠨᠣᠪᠴᠢᠲᠠᠶ ᠬᠡᠷᠡᠭᠵᠢᠭᠦᠯᠵᠤ ᠂ ᠲᠤᠰ ᠣᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ ︔ ︽ᠲᠦᠷᠭᠡᠨ︾᠎ ᠢᠶᠠᠷ ᠬᠦᠴᠦᠨ ᠨᠡᠮᠡᠷᠢᠯᠡᠵᠦ᠂ ᠬᠠᠮᠤᠭ ᠤᠨ ᠲᠦᠷᠭᠡᠨ ᠬᠤᠷᠳᠤᠴᠠ ᠪᠣᠯᠤᠨ ᠠᠵᠢᠯᠯᠠᠭ᠎ᠠ ᠪᠠᠷ ᠠᠵᠢᠯ ᠨᠢᠭᠡᠪᠦᠷᠢ ᠶᠢ ᠰᠠᠶᠢᠲᠤᠷ ᠬᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠷᠯᠢᠭ ᠢ ᠲᠠᠭᠠᠵᠦ᠂ ᠠᠯᠬᠤᠮ ᠪᠠᠨ ᠨᠢᠭᠡᠳᠭᠡᠨ᠎ᠡ︔ ︽ᠪᠣᠳᠠᠲᠠᠶ ︾᠎ ᠪᠠᠷ ᠦᠨᠳᠦᠰᠦᠨ ᠵᠦᠢᠯ ᠢ ᠪᠠᠲᠤᠯᠠᠵᠤ᠂ ᠠᠰᠠᠭᠤᠳᠠᠯ ᠂ ᠬᠠᠷᠠᠯᠲᠠ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠬᠤ ᠠᠵᠢᠯ ᠢ ᠨᠠᠷᠢᠨ ᠪᠣᠳᠠᠲᠠᠶ ᠪᠠᠷ ᠪᠡᠶᠡᠯᠡᠭᠦᠯᠵᠦ᠂ ᠴᠠᠭᠳᠠᠨ ᠪᠠᠶᠢᠴᠠᠭᠠᠬᠤ ᠺᠠᠳ᠋ᠷ ᠪᠣᠯᠤᠭᠰᠠᠨ ᠤ ᠬᠤᠪᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠣᠮᠳᠠᠬᠢ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠶ᠃
     ᠬᠢᠵᠢᠭ ᠢ ᠰᠡᠷᠭᠡᠶᠢᠯᠡᠬᠦ ᠠᠶᠤᠯ ᠲᠦᠭᠰᠢᠭᠦᠷᠢ ᠶᠢᠨ ᠴᠡᠭ ᠢ ᠰᠠᠶᠢᠲᠤᠷ ᠴᠢᠩᠭᠠᠳᠬᠠᠨ᠎ᠠ᠃ 2 ᠰᠠᠷ᠎ᠠ ᠶᠢᠨ 18᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠪᠠᠶᠢᠭᠤᠯᠤᠮᠵᠢ ᠬᠢᠵᠢᠭ ᠤᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠭᠴᠤᠭ᠎ᠠ ᠪᠠ ᠠᠰᠠᠭᠤᠳᠠᠯ ᠢ ᠨᠠᠷᠢᠨ ᠬᠢᠨᠠᠮᠠᠭᠠᠶ ᠵᠠᠳᠠᠯᠠᠪᠡ᠃ 2 ᠰᠠᠷ᠎ᠠ ᠶᠢᠨ 19᠎ ᠤ ᠡᠳᠦᠷ᠂ 3 ᠬᠢᠨᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠬᠤᠳᠠᠯᠳᠤᠭᠠᠨ ᠤ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠡᠮᠨᠡᠯᠭᠡ ᠶᠢᠨ ᠬᠤᠷᠢᠶ᠎ᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠵᠡᠷᠭᠡ ᠭᠤᠤᠯᠳᠠᠯᠭ᠎ᠠ ᠲᠠᠢ ᠠᠶᠤᠯ ᠲᠦᠭᠰᠢᠭᠦᠷᠢᠲᠡᠢ ᠲᠠᠯᠠᠪᠤᠷ ᠤᠨ ᠠᠷᠢᠭᠤᠳᠬᠠᠨ ᠴᠡᠪᠡᠷᠯᠡᠬᠦ᠂ ᠳᠤᠯᠠᠭᠠᠨ ᠤ ᠬᠡᠮᠵᠢᠯᠲᠡ ᠶᠢᠨ ᠳᠡᠩᠰᠡᠯᠡᠯᠲᠡ ᠬᠢᠬᠦ᠂ ᠠᠮᠠᠪᠴᠢ ᠵᠡᠭᠦᠬᠦ᠂ ᠬᠤᠷᠠᠨ ᠴᠣᠭᠯᠠᠷᠠᠬᠤ ᠵᠡᠷᠭᠡ ᠪᠠᠶᠢᠳᠠᠯ ᠳᠤ ᠪᠥᠬᠦ ᠲᠠᠯ᠎ᠠ ᠶᠢᠨ ᠬᠢᠨᠠᠨ ᠪᠠᠶᠢᠴᠠᠭᠠᠯᠲᠠ ᠬᠢᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠪᠠᠶᠢᠴᠠᠭᠠᠵᠤ ᠢᠯᠡᠷᠡᠭᠦᠯᠦᠨ ᠬᠠᠮᠢᠶᠠᠷᠤᠨ ᠡᠵᠡᠮᠳᠡᠵᠦ᠂ ᠳᠠᠮᠵᠢᠭᠤᠯᠭ᠎ᠠ ᠶᠢᠨ
ᠬᠡᠯᠬᠢᠶ᠎ᠡ ᠶᠢ ᠪᠦᠲᠦᠮᠵᠢᠲᠡᠶ ᠲᠡᠰᠦᠯᠪᠡ᠃
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭᠠᠳᠬᠠᠨ᠎ᠠ᠃ ᠬᠥᠨᠳᠡᠯᠡᠨ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠎ ᠤᠨ ᠠᠵᠢᠯ ᠢ ᠰᠠᠶᠢᠲᠤᠷ ᠬᠢᠬᠦ ᠶᠢ ᠪᠠᠲᠤᠯᠠᠬᠤ ᠶᠢᠨ ᠲᠥᠯᠥᠭᠡ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠺᠠᠳ᠋ᠷ ᠤᠬᠠᠮᠰᠠᠷ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠡᠭᠦᠷᠭᠡᠯᠡᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠳᠤ ᠬᠦᠴᠦ ᠨᠡᠮᠡᠷᠢᠯᠡᠪᠡ᠃ 4 ᠴᠠᠭᠳᠠᠨ ᠪᠠᠶᠢᠴᠠᠭᠠᠬᠤ ᠺᠠᠳ᠋ᠷ ᠢ ᠲᠣᠮᠢᠯᠠᠨ ᠪᠠᠭᠠᠴᠣᠣᠯ ᠵᠡᠭᠡᠯᠢ ᠭᠤᠳᠤᠮᠵᠢ ᠶᠢᠨ ᠪᠠᠭᠠᠴᠣᠣᠯ 22 ᠨᠡᠶᠢᠭᠡᠮ ᠲᠣᠭᠤᠷᠢᠭ ᠲᠤ ᠣᠴᠢᠭᠤᠯᠵᠤ᠂ ᠰᠠᠭᠤᠭᠠᠯᠢ ᠠᠷᠠᠳ ᠢ ᠬᠠᠪᠰᠣᠷᠣᠨ ᠮᠡᠳᠡᠭᠡ ᠵᠠᠩᠭᠢ ᠲᠡᠮᠳᠡᠭᠯᠡᠬᠦ ᠶᠢ ᠪᠡᠶᠡᠯᠡᠭᠦᠯᠵᠦ᠂ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠵᠤ᠂ ᠪᠠᠯᠠᠶ ᠣᠷᠣᠨ ᠢ ᠦᠯᠡᠳᠡᠭᠡᠬᠦ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ︾ ᠪᠠᠶᠢᠴᠠᠭᠠᠨ ᠬᠡᠮᠵᠢᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ 8 ᠴᠠᠭᠳᠠᠨ ᠪᠠᠶᠢᠴᠠᠭᠠᠬᠤ ᠺᠠᠳ᠋ᠷ ᠡᠮᠦᠨ᠎ᠡ ᠹᠷᠣᠨᠲ ᠲᠤ ᠬᠦᠷᠴᠣ ᠬᠢᠨᠠᠯᠲᠠ ᠲᠠᠯᠪᠢᠵᠤ᠂ 4 ᠪᠠᠶᠢᠴᠠᠭᠠᠬᠤ ᠳᠤᠭᠤᠶᠢᠯᠠᠩ ᠢ ᠪᠦᠷᠢᠯᠳᠦᠭᠦᠯᠤᠨ᠂ ᠬᠦᠨᠳᠡᠯᠡᠨ ᠭᠤᠣᠯ ᠪᠠᠯᠭᠠᠰᠤ᠂ ᠺᠦᠨ ᠪᠸᠢ᠂ ᠪᠡᠶᠡᠨ ᠣᠪᠣᠭ᠎ᠠ᠂ ᠨᠥᠬᠦᠷᠯᠡᠯ ᠵᠡᠷᠭᠡ 4 ᠵᠡᠭᠡᠯᠢ ᠪᠠᠯᠭᠠᠰᠤᠨ ᠳᠤ ᠪᠦᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠤᠨ ᠠᠵᠢᠯ ᠢ ᠥᠷᠨᠢᠭᠦᠯᠪᠡ᠃ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠵᠢᠯ ᠤᠨ ᠶᠠᠪᠤᠴᠠ ᠶᠢ ᠵᠢᠷᠤᠮᠵᠢᠭᠤᠯᠤᠭᠰᠠᠨ ᠪᠠᠶᠢᠳᠠᠯ᠂ ᠪᠠᠶᠢᠴᠠᠭᠠᠨ ᠬᠡᠮᠵᠢᠯᠲᠡ ᠶᠢᠨ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠤᠨ ᠪᠠᠶᠢᠳᠠᠯ᠂ ᠠᠵᠢᠯᠲᠠᠨ ᠤ ᠠᠵᠢᠯ ᠤᠨ ᠪᠠᠶᠢᠷᠢᠨ ᠳᠤ ᠪᠠᠨ ᠭᠠᠷᠣᠭᠰᠠᠨ ᠪᠠᠶᠢᠳᠠᠯ᠂ ᠪᠠᠶᠢᠭᠤᠯᠭ᠎ᠠ ᠶᠢᠨ ᠳᠣᠷᠣᠭᠰᠢ ᠲᠣᠮᠢᠯᠠᠭᠰᠠᠨ ᠠᠵᠢᠯᠲᠠᠨ ᠤ ᠦᠢᠯᠡᠳᠦᠯ ᠪᠠᠳᠠᠷᠠᠭᠤᠯᠤᠭᠰᠠᠨ ᠪᠠᠶᠢᠳᠠᠯ ᠵᠡᠷᠭᠡ 4 ᠲᠠᠯ᠎ᠠ ᠪᠠᠷ ᠭᠤᠤᠯᠳᠠᠯᠭ᠎ᠠ ᠲᠠᠢ ᠬᠢᠨᠠᠯᠲᠠ ᠲᠠᠯᠪᠢᠨ᠎ᠠ᠃ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ  ᠬᠤᠷᠢᠭᠯᠠᠵᠤ᠂ ᠤᠯᠤᠰ ᠲᠦᠷᠦ ᠶᠢᠨ ᠤᠬᠠᠮᠰᠠᠷ᠂ ᠴᠢᠩᠭ᠎ᠠ ᠡᠭᠦᠷᠭᠡ ᠬᠠᠷᠢᠭᠤᠴᠠᠯᠭ᠎ᠠ ᠪᠠ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠬᠥᠨᠳᠡᠯᠡᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠬᠦᠴᠦᠨ ᠨᠡᠮᠡᠷᠢᠯᠡᠵᠦ᠂ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠣᠮ ᠪᠣᠯᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号