ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠳᠠᠷᠤᠶ ᠬᠠᠷᠢᠭᠤᠴᠠᠯᠭ᠎ᠠ ᠮᠥᠨ᠃ | ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠪᠠᠶᠢᠭᠤᠯᠤᠮᠵᠢ ᠳᠡᠭᠡᠳᠦ ᠱᠠᠲᠤᠨ ᠤ | ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ | ᠂ ︽ᠭᠤᠷᠪᠠᠨ ᠣᠨᠣᠪᠴᠢᠲᠠᠢ ᠭᠤᠷᠪᠠᠨ ᠪᠣᠳᠠᠲᠠᠢ︾ ᠠᠷᠭ᠎ᠠ ᠬᠡᠮᠵᠢᠶ᠎ᠡ ᠪᠠᠷ ᠴᠠᠭᠳᠠᠨ ᠪᠠᠶᠢᠴᠠᠭᠠᠵᠤ ᠬᠢᠨᠠᠯᠲᠠ | ᠲᠠᠯᠪᠢᠬᠤ ᠦᠢᠯᠡᠳᠦᠯ ᠢ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠬᠢᠵᠢᠭᠦᠯᠬᠦ ᠳᠤ | ᠬᠦᠴᠦ ᠪᠠᠨ ᠨᠡᠮᠡᠷᠢᠯᠡᠪᠡ᠃ | | | | | ᠬᠢᠵᠢᠭ ᠢ ᠰᠡᠷᠭᠡᠶᠢᠯᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠤᠨ᠎ᠠ᠃ | ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠣᠯᠤᠨ ᠡᠭᠦᠷᠭᠡ ᠶᠢ ᠭᠦᠢᠴᠡᠳ ᠲᠠᠨᠢᠵᠤ᠂ ︽ | ᠣᠨᠣᠪᠴᠢᠲᠠᠢ︾ ᠪᠠᠶᠢᠬᠤ ᠪᠠᠷ ᠭᠤᠣᠯᠳᠠᠯᠭ᠎ᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ | ᠲᠠᠯᠪᠢᠬᠤ ᠠᠵᠢᠯ ᠢ ᠪᠠᠶᠢᠷᠢᠯᠠᠭᠤᠯᠵᠦ᠂ ᠠᠷᠭ᠎ᠠ ᠪᠤᠳᠤᠯᠭ᠎ᠠ ᠶᠢ ᠣᠨᠣᠪᠴᠢᠲᠠᠶ ᠬᠡᠷᠡᠭᠵᠢᠭᠦᠯᠵᠤ ᠂ ᠲᠤᠰ ᠣᠳᠠᠭᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ | ︔ ︽ᠲᠦᠷᠭᠡᠨ︾ ᠢᠶᠠᠷ ᠬᠦᠴᠦᠨ ᠨᠡᠮᠡᠷᠢᠯᠡᠵᠦ᠂ ᠬᠠᠮᠤᠭ ᠤᠨ ᠲᠦᠷᠭᠡᠨ ᠬᠤᠷᠳᠤᠴᠠ ᠪᠣᠯᠤᠨ ᠠᠵᠢᠯᠯᠠᠭ᠎ᠠ ᠪᠠᠷ | ᠠᠵᠢᠯ ᠨᠢᠭᠡᠪᠦᠷᠢ ᠶᠢ ᠰᠠᠶᠢᠲᠤᠷ ᠬᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠵᠠᠷᠯᠢᠭ ᠢ ᠲᠠᠭᠠᠵᠦ᠂ ᠠᠯᠬᠤᠮ ᠪᠠᠨ ᠨᠢᠭᠡᠳᠭᠡᠨ᠎ᠡ︔ ︽ᠪᠣᠳᠠᠲᠠᠶ ︾ ᠪᠠᠷ ᠦᠨᠳᠦᠰᠦᠨ | ᠵᠦᠢᠯ ᠢ ᠪᠠᠲᠤᠯᠠᠵᠤ᠂ ᠠᠰᠠᠭᠤᠳᠠᠯ ᠂ ᠬᠠᠷᠠᠯᠲᠠ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠬᠤ ᠠᠵᠢᠯ ᠢ ᠨᠠᠷᠢᠨ | ᠪᠣᠳᠠᠲᠠᠶ ᠪᠠᠷ ᠪᠡᠶᠡᠯᠡᠭᠦᠯᠵᠦ᠂ ᠴᠠᠭᠳᠠᠨ ᠪᠠᠶᠢᠴᠠᠭᠠᠬᠤ ᠺᠠᠳ᠋ᠷ ᠪᠣᠯᠤᠭᠰᠠᠨ ᠤ ᠬᠤᠪᠢ ᠳᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠣᠮᠳᠠᠬᠢ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠶ᠃ | | | | | ᠬᠢᠵᠢᠭ ᠢ ᠰᠡᠷᠭᠡᠶᠢᠯᠡᠬᠦ ᠠᠶᠤᠯ ᠲᠦᠭᠰᠢᠭᠦᠷᠢ ᠶᠢᠨ ᠴᠡᠭ ᠢ ᠰᠠᠶᠢᠲᠤᠷ ᠴᠢᠩᠭᠠᠳᠬᠠᠨ᠎ᠠ᠃ 2 ᠰᠠᠷ᠎ᠠ ᠶᠢᠨ | 18 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠪᠠᠶᠢᠭᠤᠯᠤᠮᠵᠢ ᠬᠢᠵᠢᠭ ᠤᠨ | ᠪᠠᠶᠢᠳᠠᠯ ᠢ ᠬᠢᠨᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠭᠴᠤᠭ᠎ᠠ ᠪᠠ ᠠᠰᠠᠭᠤᠳᠠᠯ ᠢ ᠨᠠᠷᠢᠨ ᠬᠢᠨᠠᠮᠠᠭᠠᠶ | ᠵᠠᠳᠠᠯᠠᠪᠡ᠃ 2 ᠰᠠᠷ᠎ᠠ ᠶᠢᠨ 19 ᠤ ᠡᠳᠦᠷ᠂ 3 ᠬᠢᠨᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠬᠤᠳᠠᠯᠳᠤᠭᠠᠨ ᠤ | ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠡᠮᠨᠡᠯᠭᠡ ᠶᠢᠨ | ᠬᠤᠷᠢᠶ᠎ᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠵᠡᠷᠭᠡ ᠭᠤᠤᠯᠳᠠᠯᠭ᠎ᠠ ᠲᠠᠢ ᠠᠶᠤᠯ ᠲᠦᠭᠰᠢᠭᠦᠷᠢᠲᠡᠢ | ᠲᠠᠯᠠᠪᠤᠷ ᠤᠨ ᠠᠷᠢᠭᠤᠳᠬᠠᠨ ᠴᠡᠪᠡᠷᠯᠡᠬᠦ᠂ ᠳᠤᠯᠠᠭᠠᠨ ᠤ ᠬᠡᠮᠵᠢᠯᠲᠡ ᠶᠢᠨ ᠳᠡᠩᠰᠡᠯᠡᠯᠲᠡ ᠬᠢᠬᠦ᠂ ᠠᠮᠠᠪᠴᠢ ᠵᠡᠭᠦᠬᠦ᠂ | ᠬᠤᠷᠠᠨ ᠴᠣᠭᠯᠠᠷᠠᠬᠤ ᠵᠡᠷᠭᠡ ᠪᠠᠶᠢᠳᠠᠯ ᠳᠤ ᠪᠥᠬᠦ ᠲᠠᠯ᠎ᠠ ᠶᠢᠨ ᠬᠢᠨᠠᠨ ᠪᠠᠶᠢᠴᠠᠭᠠᠯᠲᠠ ᠬᠢᠵᠦ᠂ ᠠᠶᠤᠯ ᠲᠦᠭᠰᠢᠭᠦᠷᠢ ᠶᠢᠨ | ᠳᠠᠯᠳᠠ ᠬᠡᠮ ᠢ ᠴᠠᠭ ᠲᠤᠬᠠᠶ ᠳᠤᠨᠢ ᠪᠠᠶᠢᠴᠠᠭᠠᠵᠤ ᠢᠯᠡᠷᠡᠭᠦᠯᠦᠨ ᠬᠠᠮᠢᠶᠠᠷᠤᠨ ᠡᠵᠡᠮᠳᠡᠵᠦ᠂ ᠳᠠᠮᠵᠢᠭᠤᠯᠭ᠎ᠠ ᠶᠢᠨ | ᠬᠡᠯᠬᠢᠶ᠎ᠡ ᠶᠢ ᠪᠦᠲᠦᠮᠵᠢᠲᠡᠶ ᠲᠡᠰᠦᠯᠪᠡ᠃ | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭᠠᠳᠬᠠᠨ᠎ᠠ᠃ ᠬᠥᠨᠳᠡᠯᠡᠨ | ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ | ᠤᠨ ᠠᠵᠢᠯ ᠢ ᠰᠠᠶᠢᠲᠤᠷ ᠬᠢᠬᠦ ᠶᠢ ᠪᠠᠲᠤᠯᠠᠬᠤ ᠶᠢᠨ ᠲᠥᠯᠥᠭᠡ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ | ᠪᠠᠶᠢᠴᠠᠭᠠᠬᠤ ᠺᠠᠳ᠋ᠷ ᠤᠬᠠᠮᠰᠠᠷ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ | ᠡᠭᠦᠷᠭᠡᠯᠡᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠳᠤ ᠬᠦᠴᠦ | ᠨᠡᠮᠡᠷᠢᠯᠡᠪᠡ᠃ 4 ᠴᠠᠭᠳᠠᠨ ᠪᠠᠶᠢᠴᠠᠭᠠᠬᠤ ᠺᠠᠳ᠋ᠷ ᠢ ᠲᠣᠮᠢᠯᠠᠨ ᠪᠠᠭᠠᠴᠣᠣᠯ ᠵᠡᠭᠡᠯᠢ ᠭᠤᠳᠤᠮᠵᠢ ᠶᠢᠨ ᠪᠠᠭᠠᠴᠣᠣᠯ 22 | ᠨᠡᠶᠢᠭᠡᠮ ᠲᠣᠭᠤᠷᠢᠭ ᠲᠤ ᠣᠴᠢᠭᠤᠯᠵᠤ᠂ ᠰᠠᠭᠤᠭᠠᠯᠢ ᠠᠷᠠᠳ ᠢ ᠬᠠᠪᠰᠣᠷᠣᠨ ᠮᠡᠳᠡᠭᠡ ᠵᠠᠩᠭᠢ ᠲᠡᠮᠳᠡᠭᠯᠡᠬᠦ ᠶᠢ | ᠪᠡᠶᠡᠯᠡᠭᠦᠯᠵᠦ᠂ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠵᠤ᠂ ᠪᠠᠯᠠᠶ ᠣᠷᠣᠨ ᠢ ᠦᠯᠡᠳᠡᠭᠡᠬᠦ ᠦᠭᠡᠢ᠂ | ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ︾ ᠪᠠᠶᠢᠴᠠᠭᠠᠨ ᠬᠡᠮᠵᠢᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ | 8 ᠴᠠᠭᠳᠠᠨ ᠪᠠᠶᠢᠴᠠᠭᠠᠬᠤ ᠺᠠᠳ᠋ᠷ ᠡᠮᠦᠨ᠎ᠡ ᠹᠷᠣᠨᠲ ᠲᠤ ᠬᠦᠷᠴᠣ ᠬᠢᠨᠠᠯᠲᠠ ᠲᠠᠯᠪᠢᠵᠤ᠂ 4 ᠪᠠᠶᠢᠴᠠᠭᠠᠬᠤ | ᠳᠤᠭᠤᠶᠢᠯᠠᠩ ᠢ ᠪᠦᠷᠢᠯᠳᠦᠭᠦᠯᠤᠨ᠂ ᠬᠦᠨᠳᠡᠯᠡᠨ ᠭᠤᠣᠯ ᠪᠠᠯᠭᠠᠰᠤ᠂ ᠺᠦᠨ ᠪᠸᠢ᠂ ᠪᠡᠶᠡᠨ ᠣᠪᠣᠭ᠎ᠠ᠂ ᠨᠥᠬᠦᠷᠯᠡᠯ | ᠵᠡᠷᠭᠡ 4 ᠵᠡᠭᠡᠯᠢ ᠪᠠᠯᠭᠠᠰᠤᠨ ᠳᠤ ᠪᠦᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠤᠨ ᠠᠵᠢᠯ ᠢ | ᠥᠷᠨᠢᠭᠦᠯᠪᠡ᠃ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠵᠢᠯ ᠤᠨ ᠶᠠᠪᠤᠴᠠ ᠶᠢ ᠵᠢᠷᠤᠮᠵᠢᠭᠤᠯᠤᠭᠰᠠᠨ | ᠪᠠᠶᠢᠳᠠᠯ᠂ ᠪᠠᠶᠢᠴᠠᠭᠠᠨ ᠬᠡᠮᠵᠢᠯᠲᠡ ᠶᠢᠨ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠤᠨ ᠪᠠᠶᠢᠳᠠᠯ᠂ ᠠᠵᠢᠯᠲᠠᠨ ᠤ | ᠠᠵᠢᠯ ᠤᠨ ᠪᠠᠶᠢᠷᠢᠨ ᠳᠤ ᠪᠠᠨ ᠭᠠᠷᠣᠭᠰᠠᠨ ᠪᠠᠶᠢᠳᠠᠯ᠂ ᠪᠠᠶᠢᠭᠤᠯᠭ᠎ᠠ ᠶᠢᠨ ᠳᠣᠷᠣᠭᠰᠢ ᠲᠣᠮᠢᠯᠠᠭᠰᠠᠨ ᠠᠵᠢᠯᠲᠠᠨ ᠤ | ᠦᠢᠯᠡᠳᠦᠯ ᠪᠠᠳᠠᠷᠠᠭᠤᠯᠤᠭᠰᠠᠨ ᠪᠠᠶᠢᠳᠠᠯ ᠵᠡᠷᠭᠡ 4 ᠲᠠᠯ᠎ᠠ ᠪᠠᠷ ᠭᠤᠤᠯᠳᠠᠯᠭ᠎ᠠ ᠲᠠᠢ ᠬᠢᠨᠠᠯᠲᠠ ᠲᠠᠯᠪᠢᠨ᠎ᠠ᠃ | ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠬᠤᠷᠢᠭᠯᠠᠵᠤ᠂ ᠤᠯᠤᠰ ᠲᠦᠷᠦ ᠶᠢᠨ ᠤᠬᠠᠮᠰᠠᠷ᠂ ᠴᠢᠩᠭ᠎ᠠ ᠡᠭᠦᠷᠭᠡ ᠬᠠᠷᠢᠭᠤᠴᠠᠯᠭ᠎ᠠ ᠪᠠ ᠪᠣᠳᠠᠲᠠᠢ ᠶᠢ | ᠡᠷᠬᠢᠮᠯᠡᠭᠰᠡᠨ ᠠᠵᠢᠯ ᠤᠨ ᠰᠤᠷᠲᠠᠯ ᠢᠶᠠᠷ ᠬᠥᠨᠳᠡᠯᠡᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠬᠦᠴᠦᠨ ᠨᠡᠮᠡᠷᠢᠯᠡᠵᠦ᠂ ᠠᠷᠠᠳ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠡᠮᠬᠢ ᠵᠢᠷᠣᠮ ᠪᠣᠯᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ︶ |