︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠨ᠎ᠡ︾ ᠬᠥᠨᠳᠡᠯᠡᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠄ ᠠᠵᠢᠯᠴᠢᠨ ᠤ ᠡᠪᠯᠡᠯ ᠤᠨ ᠬᠦᠴᠦᠨ ᠢ ᠨᠢᠭᠲᠠᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/3/3
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠠᠵᠢᠯ ᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠬᠥᠨᠳᠡᠯᠡᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠵᠠᠷᠯᠢᠭ ᠢ ᠲᠣᠰᠤᠮᠠᠭᠴᠠ ᠬᠥᠳᠡᠯᠦᠯᠴᠡᠵᠦ᠂ ᠰᠠᠨᠠᠭᠠᠴᠢᠯᠠᠭ᠎ᠠ ᠠᠴᠠ ᠪᠠᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠪᠠᠭᠤᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠥᠨᠳᠥᠷ ᠨᠠᠮᠢᠷᠠᠭᠤᠯᠤᠨ᠎ᠠ᠃
     ᠨᠠᠮ ᠠᠴᠠ ᠤᠷᠢᠶᠠᠯᠠᠭ᠎ᠠ ᠭᠠᠷᠭᠠᠵᠤ᠂ ᠠᠵᠢᠯᠴᠢᠨ ᠤ ᠡᠪᠯᠡᠯ ᠠᠴᠠ ᠵᠢᠳᠬᠦᠯ ᠴᠢᠷᠮᠠᠶᠢᠯᠭ᠎ᠠ ᠭᠠᠷᠭᠠᠨ᠎ᠠ᠃ ︽ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠠᠴᠠ ᠪᠥᠬᠦ ᠲᠣᠭᠤᠷᠢᠭ ᠤᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠠᠵᠢᠯᠲᠠᠨ ᠳᠤ ᠥᠭᠭᠦᠭᠰᠡᠨ ᠰᠠᠨᠠᠭᠠᠴᠢᠯᠠᠭ᠎ᠠ ᠶᠢᠨ ᠪᠢᠴᠢᠭ︾ ᠢ ᠨᠡᠶᠢᠲᠡᠯᠡᠵᠦ᠂ ᠠᠵᠤ ᠠᠬᠤᠶᠢᠯᠠᠯ ᠢ ᠰᠢᠯᠠᠮᠳᠠᠭᠤᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠷᠭᠡᠨ ᠣᠯᠠᠨ ᠠᠵᠢᠯᠲᠠᠨ ᠪᠠ ᠣᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠳᠬᠠᠬᠤ ᠶᠢ ᠰᠠᠨᠠᠭᠠᠴᠢᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠭᠡᠰᠢᠭᠦᠨ᠂ ᠠᠵᠢᠯᠴᠢᠨ ᠤ ᠡᠪᠯᠡᠯ ᠤᠨ ᠺᠠᠳ᠋ᠷ᠂ ᠬᠥᠳᠡᠯᠮᠦᠷᠢ ᠶᠢᠨ ᠵᠢᠱᠢᠶᠡᠴᠢ ᠪᠠ ᠠᠵᠢᠯᠲᠠᠨ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠣᠭᠠᠨ ᠳᠤ ᠣᠷᠣᠯᠴᠠᠵᠤ ᠥᠯᠢᠭᠡᠷ ᠳᠠᠭᠤᠷᠢᠶᠠᠯ ᠦᠵᠡᠭᠦᠯᠬᠦ ᠶᠢ ᠣᠷᠢᠶᠠᠯᠠᠪᠠ᠃ ᠬᠢᠵᠢᠭ ᠢ ᠰᠡᠷᠭᠡᠶᠢᠯᠡᠬᠦ ᠮᠡᠳᠡᠯᠭᠡ ᠶᠢ ᠴᠠᠭ ᠲᠤᠬᠠᠶ ᠳᠤᠨᠢ ᠨᠡᠶᠢᠲᠡᠯᠡᠵᠦ᠂ ᠬᠤᠲᠠ᠂ ᠲᠣᠭᠤᠷᠢᠭ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠠᠮᠢᠶ᠎ᠠ ᠪᠥᠬᠦᠶ ᠵᠠᠷᠯᠠᠯ ᠢ ᠲᠡᠷᠡ ᠳᠠᠷᠤᠶ ᠳᠤᠨᠢ ᠤᠯᠠᠮᠵᠢᠯᠠᠨ ᠲᠠᠷᠬᠠᠭᠠᠵᠤ᠂ ᠥᠷᠭᠡᠨ ᠣᠯᠠᠨ ᠠᠷᠠᠳ ᠲᠦᠮᠡᠨ ᠳᠤ ᠣᠨᠣᠪᠴᠢᠲᠠᠶ ᠮᠡᠳᠡᠭᠡ ᠵᠠᠩᠭᠢ ᠶᠢ ᠳᠠᠮᠵᠢᠭᠤᠯᠵᠤ᠂ ᠣᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠠᠮᠢᠶ᠎ᠠ ᠪᠥᠬᠦᠶ ᠵᠠᠷᠯᠠᠯ ᠢ ᠴᠠᠭ ᠲᠤᠬᠠᠶ ᠳᠤᠨᠢ ᠤᠯᠠᠮᠵᠢᠯᠠᠨ ᠲᠠᠷᠬᠠᠭᠠᠵᠤ᠂ ᠭᠡᠯᠮᠡᠭᠳᠡᠯ ᠡᠭᠦᠰᠬᠦ ᠶᠢ ᠰᠡᠷᠭᠡᠶᠢᠯᠡᠬᠦ ᠬᠡᠷᠡᠭᠲᠡᠶ᠃
     2 ᠰᠠᠷ᠎ᠠ ᠶᠢᠨ 20 ᠤ ᠡᠳᠦᠷ ᠠᠴᠠ ᠨᠠᠰᠢ᠂ ᠬᠥᠨᠳᠡᠯᠡᠨ ᠲᠣᠭᠤᠷᠢᠭ ᠳᠦᠷᠪᠡᠳᠦᠭᠡᠷ ᠡᠭᠡᠯᠵᠢ ᠶᠢᠨ ᠪᠦᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠠᠵᠢᠯᠴᠢᠨ ᠤ ᠡᠪᠯᠡᠯ ᠤᠨ ᠨᠠᠮ ᠤᠨ ᠭᠡᠰᠢᠭᠦᠨ ᠺᠠᠳ᠋ᠷ᠂ ᠪᠠᠶᠢᠭᠤᠯᠭ᠎ᠠ ᠶᠢᠨ ᠺᠠᠳ᠋ᠷ ᠥᠷᠯᠥᠭᠡ ᠶᠢᠨ 5 ᠴᠠᠭ ᠲᠤ᠂ ᠲᠡᠰᠬᠢᠮ᠎ᠠ ᠬᠦᠢᠲᠡᠨ ᠰᠠᠯᠬᠢᠨ ᠢ ᠰᠦᠷᠦᠨ ᠪᠥᠭᠡᠮ ᠬᠦᠴᠢᠯ ᠤᠨ ᠪᠠᠶᠢᠴᠠᠭᠠᠯᠲᠠ ᠶᠢᠨ ᠨᠢᠭᠡᠳᠦᠭᠡᠷ ᠹᠷᠣᠨᠲ ᠲᠤ ᠭᠠᠷᠴᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠡᠮᠴᠢ ᠰᠤᠪᠢᠯᠠᠭᠴᠢᠳ ᠲᠤ ᠬᠠᠮᠵᠢᠯᠴᠠᠵᠤ᠂ ᠠᠵᠢᠯ ᠤᠨ ᠶᠠᠪᠤᠴᠠ ᠪᠠ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠪᠠᠲᠤᠯᠠᠨ᠂ ᠰᠠᠭᠤᠭᠠᠯᠢ ᠠᠷᠠᠳ ᠢ ᠬᠠᠪᠰᠤᠷᠤᠨ ᠮᠡᠳᠡᠭᠡ ᠵᠠᠩᠭᠢ ᠶᠢᠨ ᠳᠡᠩᠰᠡᠯᠡᠯᠲᠡ ᠬᠢᠯᠭᠡᠵᠦ᠂ ᠬᠥᠭᠰᠢᠨ ᠨᠢᠯᠬ᠎ᠠ ᠡᠪᠡᠳᠴᠢᠨ ᠵᠡᠮᠳᠡᠭ ᠵᠢᠷᠮᠦᠰᠦᠨ ᠬᠦᠮᠦᠰ ᠲᠤ ᠰᠠᠭᠠᠳ ᠥᠬᠡᠶ ᠨᠡᠪᠲᠡᠷᠡᠬᠦ ᠵᠠᠮ ᠬᠠᠩᠭᠠᠨ ᠥᠭᠴᠦ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠡᠮᠬᠢ ᠵᠢᠷᠤᠮ ᠲᠠᠢ ᠪᠠᠶᠢᠴᠠᠭᠠᠨ ᠰᠢᠯᠭᠠᠵᠤ᠂ ᠣᠯᠠᠨ ᠲᠦᠮᠡᠨ ᠤ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠤ᠂ ᠪᠠᠴᠢᠮ ᠪᠡᠷᠬᠡ ᠠᠶᠤᠯᠲᠠᠶ ᠬᠦᠨᠳᠦ ᠠᠵᠢᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠥᠯᠢᠭᠡᠷ ᠠᠪᠬᠤ ᠶᠠᠪᠤᠴᠠ ᠶᠢᠨ ᠡᠮᠬᠢ ᠳᠢᠭᠯᠢᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠠᠵᠢᠯ ᠢ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃
     ᠬᠢᠵᠢᠭ ᠢ ᠡᠰᠡᠷᠭᠦᠴᠡᠬᠦ ᠲᠠᠶᠢᠨ ᠤ ᠰᠡᠳᠬᠢᠯ ᠢᠶᠠᠨ ᠨᠢᠭᠡᠳᠬᠡᠪᠡᠯ᠂ ᠠᠵᠢᠯᠴᠢᠨ ᠤ ᠡᠪᠯᠡᠯ ᠬᠠᠶᠢᠷ᠎ᠠ ᠲᠠᠢ ᠪᠣᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠤᠣᠯᠳᠠᠯᠭ᠎ᠠ ᠲᠠᠢ ᠬᠢᠵᠢᠭ ᠢ ᠰᠡᠷᠭᠡᠶᠢᠯᠡᠬᠦ ᠠᠵᠢᠯ ᠤᠨ ᠪᠠᠶᠢᠷᠢ ᠶᠢᠨ ᠬᠥᠮᠦᠰ ᠢ ᠬᠠᠯᠠᠮᠵᠢᠯᠠᠬᠤ ᠠᠵᠢᠯ ᠢ ᠴᠢᠩᠭᠠᠳᠬᠠᠵᠤ᠂ ᠪᠡᠯᠡ ᠮᠥᠩᠭᠦ ᠴᠤᠭᠯᠠᠭᠤᠯᠤᠨ  N95 ᠠᠮᠠᠪᠴᠢ ᠶᠢ32000 ᠬᠤᠳᠠᠯᠳᠤᠨ ᠠᠪᠴᠤ᠂ 15 ᠵᠡᠭᠡᠯᠢ ᠪᠠᠯᠭᠠᠰᠤ ᠵᠢᠴᠢ ᠲᠡᠮᠦᠷᠯᠢᠭ ᠢ ᠨᠠᠷᠢᠯᠢᠭ ᠡᠳ᠋ᠰᠢᠬᠦᠯᠦᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠲᠤ ᠲᠠᠷᠬᠠᠭᠠᠵᠤ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠬᠥᠮᠦᠰ ᠤᠨ ᠰᠡᠳᠬᠢᠯ ᠳᠤ ᠬᠦᠷᠭᠡᠵᠦ᠂ ︽ᠠᠵᠢᠯᠴᠢᠨ ᠤ ᠡᠪᠯᠡᠯ ᠤᠨ ᠬᠠᠶᠢᠷ᠎ᠠ ᠬᠠᠯᠠᠮᠵᠢ︾ ᠢᠶᠠᠷ ᠬᠤᠶᠠᠷ ᠰᠠᠷ᠎ᠠ ᠶᠢᠨ ᠬᠠᠪᠤᠷ ᠤᠨ ᠠᠭᠤᠷ ᠠᠮᠢᠰᠬᠤᠯ ᠢ ᠠᠷᠢᠯᠭᠠᠪᠠ᠃ ︵ᠢᠷᠡᠯᠲᠡ᠄ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号