ᠬᠥᠨᠳᠡᠯᠡᠨ ᠲᠣᠭᠤᠷᠢᠭ ᠤᠨ ᠪᠦᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠲᠤᠬᠠᠢ ᠶᠢᠨ ᠲᠠᠯᠠᠪᠠᠢ ᠶᠢ ᠲᠤᠰᠬᠠᠨ᠎ᠠ︕
ᠨᠡᠶᠢᠲᠡᠯᠡᠭᠰᠡᠨ ᠴᠠᠭ᠄
2022/3/3
    2 ᠰᠠᠷ᠎ᠠ ᠶᠢᠨ 20 ᠤ ᠡᠳᠦᠷ᠂ ᠬᠥᠨᠳᠡᠯᠡᠨ ᠲᠣᠭᠤᠷᠢᠭ 448 ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠢ ᠨᠡᠶᠢᠲᠡᠯᠡᠵᠦ᠂ ᠪᠥᠬᠦ ᠲᠣᠭᠤᠷᠢᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠤᠨ ᠠᠵᠢᠯ ᠤᠨ ᠠᠩᠬᠠᠨ ᠤ ᠡᠭᠡᠯᠵᠢ ᠢ ᠵᠢᠩᠬᠢᠨᠢ ᠪᠠᠷ ᠡᠬᠢᠯᠡᠭᠦᠯᠪᠡ︕ ᠵᠠᠯᠭᠠᠭᠠᠳ 2 ᠰᠠᠷ᠎ᠠ ᠶᠢᠨ 22 ᠤ ᠡᠳᠦᠷ ᠬᠤᠶᠠᠳᠤᠭᠠᠷ ᠡᠭᠡᠯᠵᠢ᠂ 2 ᠰᠠᠷ᠎ᠠ ᠶᠢᠨ 25 ᠤ ᠡᠳᠦᠷ ᠭᠤᠷᠪᠠᠳᠤᠭᠠᠷ ᠡᠭᠡᠯᠵᠢ᠂ 2 ᠰᠠᠷ᠎ᠠ ᠶᠢᠨ 27 ᠤ ᠡᠳᠦᠷ ᠳᠥᠷᠪᠡᠳᠦᠭᠡᠷ ᠡᠭᠡᠯᠵᠢ᠂ 2 ᠰᠠᠷ᠎ᠠ ᠶᠢᠨ 28 ᠤ ᠡᠳᠦᠷ ᠲᠠᠪᠤᠳᠤᠭᠠᠷ ᠡᠭᠡᠯᠵᠢ ᠁ ᠁ ᠡᠨᠡ ᠪᠣᠯ ᠳᠠᠷᠤᠶ ᠬᠥᠨᠳᠡᠯᠡᠨ ᠲᠣᠭᠤᠷᠢᠭ ᠤᠨ ᠬᠤᠷᠳᠤᠴᠠ ᠮᠥᠨ︕
     ︽ᠠᠪᠠᠭ᠎ᠠ ᠡ᠂ ᠡᠨᠡ ᠪᠣᠯ ᠲᠠᠨ ᠳᠤ ᠬᠢᠭᠰᠡᠨ ᠬᠠᠯᠠᠭᠤᠨ ᠤᠰᠤ᠂ ᠲᠠ ᠭᠠᠷ ᠢᠶᠠᠨ ᠳᠤᠯᠠᠭᠠᠴᠠᠭᠠᠷᠠᠶ︾ 27 ᠤ ᠡᠳᠦᠷ ᠤᠨ ᠦᠳᠡ ᠶᠢᠨ ᠡᠮᠦᠨ᠎ᠡ ᠷᠦᠩ ᠽᠢ ᠮᠧᠩ ᠰᠢᠶᠠᠩ ᠲᠣᠭᠤᠷᠢᠭ ᠲᠤ ᠳᠥᠷᠪᠡᠳᠦᠭᠡᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ ᠪᠠᠶᠢᠪᠠ᠃ ᠦᠯᠢᠭᠡᠷ ᠠᠪᠬᠤ ᠲᠤᠬᠠᠢ ᠶᠢᠨ ᠲᠠᠯᠠᠪᠠᠢ ᠳᠤ᠂ 6 ᠨᠠᠰᠤᠲᠠᠢ ᠪᠢᠴᠢᠬᠠᠨ ᠥᠬᠢᠨ ᠨᠢᠦ ᠰᠢᠨ ᠤᠰᠤᠨ ᠯᠣᠩᠬᠤ ᠪᠠᠷ ᠬᠢᠭᠰᠡᠨ ︽ᠭᠠᠷ ᠲᠣᠯᠠᠭᠠᠴᠠᠬᠤ ᠰᠠᠪᠠ︾ ᠶᠢ
ᠳᠡᠭᠦᠵᠢᠯᠡᠵᠦ ᠠᠵᠢᠯᠲᠠᠳ ᠲᠤ ᠭᠠᠷᠳᠠᠭᠤᠯᠵᠠᠢ᠃
      ᠬᠠᠯᠠᠭᠤᠨ ᠤᠰᠤᠨ  ᠯᠣᠩᠬᠤ ᠶᠢ ᠠᠳᠬᠤᠵᠣ᠂ ᠪᠢᠴᠢᠬᠠᠨ ᠥᠬᠢᠨ ᠤ ᠡᠨᠡ ᠦᠭᠡ ᠶᠢ ᠰᠣᠨᠣᠰᠤᠭᠠᠳ᠂ ᠲᠤᠬᠠᠶ ᠶᠢᠨ ᠲᠠᠯᠠᠪᠠᠢ ᠤᠨ ᠠᠵᠢᠯᠲᠠᠳ ᠮᠠᠰᠢ ᠶᠡᠭᠡ ᠰᠡᠳᠬᠢᠯ ᠳᠣᠭᠳᠣᠯᠠᠪᠠ᠃ ︽ᠲᠡᠷᠡ ᠬᠦᠮᠦᠰ ᠤᠨ ᠪᠡᠶ᠎ᠡ ᠰᠡᠳᠭᠢᠴᠡ ᠢ ᠳᠤᠯᠠᠭᠠᠴᠠᠭᠤᠯᠤᠨ᠎ᠠ᠂ ᠪᠢᠴᠢᠬᠠᠨ ᠥᠬᠢᠨ ᠵᠠᠯᠭᠠᠭ᠎ᠠ ᠪᠠᠷ ᠬᠡᠳᠦ ᠤᠳᠠᠭ᠎ᠠ ᠬᠠᠶᠢᠷ᠎ᠠ ᠬᠠᠯᠠᠮᠵᠢ ᠬᠦᠷᠭᠡᠭᠰᠡᠨ ᠳᠤ ᠪᠢᠳᠡ ᠶᠡᠬᠡᠳᠡ ᠰᠡᠳᠬᠢᠯ ᠬᠥᠳᠡᠯᠵᠡᠶ︾᠃
     28 ᠤ ᠡᠳᠦᠷ ᠤᠨ ᠥᠷᠯᠥᠭᠡ ᠶᠢᠨ 6 ᠴᠠᠭ ᠤᠨ ᠦᠶ᠎ᠡ ᠪᠠᠷ᠂ ᠠᠷᠠᠳ 10 ᠨᠡᠶᠢᠭᠡᠮ ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠴᠡᠭ ᠲᠤ ᠮᠠᠰᠢ ᠣᠯᠠᠨ ᠰᠠᠭᠤᠭᠠᠯᠢ ᠠᠷᠠᠳ ᠮᠥᠷᠯᠡᠵᠦ ᠪᠠᠶᠢᠪᠠ᠂ ︽ᠲᠠ ᠰᠠᠶᠢᠨ ᠤᠤ︕ ᠪᠡᠶ᠎ᠡ ᠶᠢᠨ ᠦᠨᠡᠮᠯᠡᠯ ᠪᠤᠶᠤ ᠡᠷᠡᠭᠦᠯ ᠮᠡᠨᠳᠦ ᠶᠢᠨ ᠺᠣᠳ᠋ ᠢᠶᠠᠨ ᠭᠠᠷᠭᠠᠵᠤ ᠦᠵᠡᠭᠦᠯᠦᠭᠡᠷᠡᠶ ᠁︾  ᠮᠡᠳᠡᠭᠡ ᠵᠠᠩᠭᠢ ᠶᠢ ᠪᠠᠶᠢᠴᠠᠭᠠᠨ ᠰᠢᠯᠭᠠᠬᠤ ᠪᠠ ᠬᠥᠲᠥᠯᠥᠨ ᠵᠢᠯᠣᠭᠤᠳᠬᠤ ᠠᠵᠢᠯ ᠢ ᠬᠠᠷᠢᠭᠤᠴᠠᠵᠤ ᠪᠠᠶᠢᠭ᠎ᠠ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠶᠠᠩ ᠵᠢᠶᠦ᠋ᠨ ᠡᠨᠡᠬᠦ ᠦᠭᠡ ᠶᠢ ᠲᠤᠭ᠎ᠠ ᠲᠣᠮᠰᠢ ᠦᠭᠡᠶ ᠣᠯᠠᠨ ᠣᠳᠠᠭ᠎ᠠ ᠶᠠᠷᠢᠵᠠᠶ᠃ ᠬᠥᠨᠳᠡᠯᠡᠨ ᠲᠣᠭᠤᠷᠢᠭ ᠤᠨ 2 ᠰᠠᠷ᠎ᠠ ᠶᠢᠨ ᠠᠭᠤᠷ ᠠᠮᠢᠰᠭᠤᠯ ᠮᠦᠨ ᠬᠠᠬᠢᠷ ᠬᠦᠢᠳᠡᠨ ᠪᠠᠶᠢᠭᠰᠠᠨ ᠪᠣᠯᠪᠠᠴᠦ᠂ ᠥᠪᠡᠷ ᠤᠨ ᠠᠵᠢᠯ ᠤᠨ ᠪᠠᠶᠢᠷᠢ ᠳᠤ ᠪᠠᠨ ᠠᠵᠢᠯ ᠢᠶᠠᠨ ᠬᠢᠭᠰᠡᠭᠡᠷ ᠪᠠᠶᠢᠯ᠎ᠠ᠃ ᠶᠠᠩ ᠵᠢᠶᠦ᠋ᠨ᠄ ︽ᠪᠢ ᠪᠣᠯ ᠨᠢᠭᠡᠨ ᠪᠠᠶᠢᠭᠤᠯᠤᠯᠭ᠎ᠠ ᠶᠢᠨ ᠺᠠᠳ᠋ᠷ ᠮᠥᠨ᠂ ᠪᠢᠳ᠋ᠨ ᠡᠮᠦᠨ᠎ᠡ ᠨᠢ ᠭᠠᠪᠰᠢᠭᠠᠶᠢᠯᠠᠬᠤ
ᠴᠢᠬᠤᠯᠳᠠᠢ᠂ ᠡᠶᠢᠮᠦ ᠠᠴᠠ ᠪᠢᠳᠡ ᠬᠡᠵᠢᠶ᠎ᠡ ᠴᠦ ᠭᠡᠰᠡᠨ ᠬᠤᠶᠢᠰᠢ ᠤᠬᠤᠷᠢᠵᠤ ᠪᠣᠯᠬᠤ ᠦᠭᠡᠶ︾ ᠭᠡᠵᠦ ᠬᠡᠯᠡᠪᠡ᠃
     ᠣᠳᠣ ᠪᠣᠯᠲᠠᠯ᠎ᠠ᠂ ᠲᠣᠭᠤᠷᠢᠭ ᠤᠨ ᠬᠥᠮᠦᠨ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ 135 ᠺᠠᠳ᠋ᠷ ᠢ ᠵᠤᠤ ᠶᠢᠨ ᠲᠠᠯ᠎ᠠ ᠶᠢᠨ ᠬᠡᠷᠡᠭ ᠡᠷᠬᠢᠯᠡᠬᠦ ᠭᠠᠵᠠᠷ ᠲᠤ ᠲᠣᠮᠢᠯᠠᠨ ᠣᠴᠢᠭᠤᠯᠵᠤ᠂ 23 ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠥᠯᠢᠭᠡᠷ ᠠᠪᠬᠤ ᠴᠡᠭ ᠲᠤ 12 ᠲᠦᠮᠡᠨ ᠬᠥᠮᠦᠨ ᠣᠳᠠᠭᠠᠨ ᠤ ᠳᠥᠷᠪᠡᠳᠦᠭᠡᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠡᠭᠦᠷᠭᠡ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ  ᠬᠡᠮᠵᠢᠬᠦ ᠨᠢᠭᠡᠳᠦᠭᠡᠷ ᠹᠷᠣᠨᠲ ᠤᠨ
ᠠᠵᠢᠯ ᠳᠤ ᠢᠳᠡᠪᠬᠢᠲᠡᠶ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃
     ᠣᠴᠢ ᠦᠰᠦᠷᠦᠨ ᠠᠭᠤᠯᠠ ᠶᠢ ᠰᠢᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠪᠦᠲᠦᠮᠵᠢᠲᠡᠢ ᠠᠵᠢᠯᠯᠠᠭ᠎ᠠ᠂ ᠰᠠᠭᠤᠭᠠᠯᠢ ᠠᠷᠠᠳ ᠤᠨ ᠢᠳᠡᠪᠬᠢᠳᠡᠢ ᠬᠠᠮᠵᠢᠯᠴᠠᠭ᠎ᠠ ᠪᠠ ᠬᠥᠨᠳᠡᠯᠡᠨ ᠲᠣᠭᠤᠷᠢᠭ ᠤᠨ ︽ᠬᠤᠷᠳᠤᠴᠠ᠂ ᠬᠦᠴᠦᠯᠡᠴᠡ᠂ ᠣᠪᠣᠷ᠂ ᠳᠤᠯᠠᠭᠠᠴᠠ︾ ᠪᠠᠷ ᠬᠢᠵᠢᠭ ᠢ ᠡᠰᠡᠷᠭᠦᠴᠡᠬᠦ ᠪᠠᠲᠤ ᠪᠠᠬᠢ ᠤᠷᠳᠤ ᠴᠠᠭᠠᠨ ᠬᠡᠷᠡᠮ ᠢ ᠴᠣᠭᠴᠠᠯᠠᠨ ᠪᠠᠶᠢᠭᠤᠯᠣᠨ᠎ᠠ︕      ᠣᠶᠢᠯᠠᠭᠠᠭᠰᠠᠨ ᠢᠶᠠᠷ᠂ ᠬᠥᠨᠳᠡᠯᠡᠨ ᠲᠣᠭᠤᠷᠢᠭ ᠤᠨ ᠳᠥᠷᠪᠡᠳᠦᠭᠡᠷ ᠡᠭᠡᠯᠵᠢ ᠶᠢᠨ ᠭᠤᠤᠯᠳᠠᠯᠭ᠎ᠠ ᠲᠠᠢ ᠣᠷᠣᠨ ᠪᠦᠰᠡ ᠶᠢᠨ ᠪᠥᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠨᠡᠶᠢᠲᠡ 520 ᠥᠯᠢᠭᠡᠷ ᠠᠪᠬᠤ ᠴᠡᠭ ᠭᠠᠷᠭᠠᠵᠤ᠂ 1198 ᠥᠯᠢᠭᠡᠷ ᠠᠪᠬᠤ ᠲᠠᠪᠴᠠᠩ ᠳᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠨᠡᠶᠢᠲᠡ 683632 ᠬᠤᠪᠢ ᠥᠯᠢᠭᠡᠷ ᠡᠳ᠋ ᠠᠪᠴᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ᠃ ᠲᠠᠪᠤᠳᠤᠭᠠᠷ ᠡᠭᠡᠯᠵᠢ ᠶᠢᠨ ᠭᠤᠤᠯᠳᠠᠯᠭ᠎ᠠ ᠲᠠᠢ ᠣᠷᠣᠨ ᠪᠦᠰᠡ ᠶᠢᠨ ᠪᠥᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠨᠡᠶᠢᠲᠡ 491 ᠥᠯᠢᠭᠡᠷ ᠠᠪᠬᠤ ᠴᠡᠭ ᠭᠠᠷᠭᠠᠵᠤ᠂ 1131 ᠥᠯᠢᠭᠡᠷ ᠠᠪᠬᠤ ᠲᠠᠪᠴᠠᠩ ᠳᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠵᠦ᠂ 2022 ᠣᠨ ᠤ 2 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨᠠᠬᠢ 16᠄ 00 ᠪᠣᠯᠲᠠᠯ᠎ᠠ᠂ ᠨᠡᠶᠢᠲᠡ 684968 ᠬᠥᠮᠦᠨ ᠤ ᠥᠯᠢᠭᠡᠷ ᠡᠳ᠋ ᠶᠢ ᠠᠪᠴᠠᠢ᠃ ︵ᠰᠤᠷᠪᠤᠯᠵᠢᠯᠠᠭᠴᠢ᠄ ᠶᠠᠨ ᠢ ᠫᠸᠢ᠂ ᠹᠧᠩ ᠰᠢᠤᠸᠠᠢ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号