ᠲᠢᠶᠠᠨ ᠬᠤᠩ ᠴᠧᠩ ᠪᠥᠬᠦ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠢᠯᠡᠳᠪᠦᠷᠢᠯᠡᠯ ᠪᠠ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/3/30
     3 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠲᠢᠶᠠᠨ ᠬᠤᠩ ᠴᠧᠩ ᠪᠥᠬᠦ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠢᠯᠡᠳᠪᠦᠷᠢᠯᠡᠯ ᠪᠠ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃
      ᠲᠢᠶᠠᠨ ᠬᠤᠩ ᠴᠧᠩ ᠨᠡᠷ ᠤᠷᠢᠳ ᠬᠤᠵᠢᠳ ᠠᠷᠠᠳ ᠤᠰᠤ ᠴᠡᠪᠡᠷᠰᠢᠭᠦᠯᠬᠦ ᠦᠢᠯᠡᠳᠪᠦᠷᠢ᠂ ᠶᠠᠨᠵᠢᠩ ︵ᠰᠢᠤᠸᠠᠢ ᠯᠦ︶ ᠫᠢᠸᠤ᠋ ᠶᠢᠨ ᠦᠢᠯᠡᠳᠪᠦᠷᠢ᠂ ᠵᠥᠩ ᠬᠠᠶ ᠸᠠᠩ ᠵᠢᠩ ᠹᠦ᠋᠂ ᠭᠤᠸᠠ ᠭᠤᠸᠠ ᠵᠢᠶᠣᠣ ᠭᠤᠯᠢᠷ ᠤᠨ ᠦᠢᠯᠡᠳᠪᠦᠷᠢ᠂ ᠮᠣᠣ ᠴᠤᠸᠠᠨ ᠲᠣᠰᠣᠨ ᠤ ᠬᠥᠮᠥᠷᠭᠡ᠂ ᠺᠦᠨ ᠪᠧᠢ ᠵᠡᠭᠡᠯᠢ ᠭᠤᠳᠣᠮᠵᠢ ᠶᠢᠨ ᠬᠠᠶ ᠸᠧᠶ ᠨᠡᠶᠢᠭᠡᠮ ᠲᠣᠭᠤᠷᠢᠭ᠂ ᠪᠥᠸᠧ ᠺᠧ ᠸᠠᠨ ᠭᠤᠣᠯ ᠰᠡᠳᠦᠪᠲᠦ ᠪᠠᠭᠤᠳᠠᠯ᠂ ᠪᠥᠸᠧ ᠵᠢᠩ ᠸᠠᠨ ᠺᠢᠨᠣ᠋ ᠶᠢᠨ ᠣᠷᠳᠣᠨ᠂ ᠴᠢᠴᠢᠭᠦᠷ ᠪᠥᠮᠪᠦᠭᠡ ᠶᠢᠨ ᠲᠢᠩᠬᠢᠮ ᠵᠡᠷᠭᠡ ᠭᠠᠵᠠᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠢᠯᠡᠳᠪᠦᠷᠢᠯᠡᠯ ᠵᠢᠴᠢ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ ᠂ ᠠᠮᠤᠷ ᠲᠦᠪᠰᠢᠨ ᠤ ᠪᠡᠯᠡᠳᠬᠡᠯ ᠲᠥᠰᠦᠯ᠂ ᠭᠠᠯ ᠤᠨᠲᠠᠷᠠᠭᠠᠬᠤ ᠲᠥᠬᠦᠭᠡᠷᠦᠮᠵᠢ᠂ ᠣᠷᠣᠵᠤ ᠭᠠᠷᠬᠤ ᠬᠥᠮᠦᠰ ᠤᠨ ᠵᠢᠭᠰᠠᠭᠠᠨ ᠪᠠᠶᠢᠴᠠᠭᠠᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠡᠷᠭᠡ ᠵᠣᠭᠰᠣᠬᠤ ᠡᠮᠬᠢ ᠳᠢᠭᠯᠢᠮ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠢᠯᠡᠷᠡᠭᠰᠡᠨ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠵᠣᠬᠢᠴᠠᠭᠤᠯᠤᠨ ᠰᠢᠢᠳᠪᠦᠷᠢᠯᠡᠵᠦ᠂ ᠬᠠᠮᠢᠶ᠎ᠠ ᠪᠥᠬᠦᠶ ᠨᠢᠭᠡᠴᠢ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠰᠠᠭᠤᠳᠠᠯ ᠢ ᠲᠣᠭᠲᠠᠭᠰᠠᠨ ᠴᠠᠭ ᠲᠤ ᠨᠢ ᠴᠡᠭᠴᠡᠯᠡᠨ ᠰᠠᠶᠢᠵᠢᠷᠠᠭᠤᠯᠵᠤ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ᠃      ᠲᠢᠶᠠᠨ ᠬᠤᠩ ᠴᠧᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠠᠵᠤ ᠠᠬᠤᠶᠢᠯᠠᠯ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠳᠪᠦᠷᠢᠯᠡᠯ ᠡᠵᠡᠩᠨᠡᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠶᠤᠯᠭᠦᠢ ᠭᠡᠨᠡᠳᠡᠯ ᠪᠣᠯᠤᠨ ᠬᠢᠵᠢᠭ ᠤᠨ ᠪᠠᠶᠢᠳᠠᠯ ᠲᠠᠬᠢᠵᠦ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠶᠢᠪᠣᠷᠰᠢᠭᠤᠯᠬᠤ ᠪᠣᠳᠣᠯ ᠶᠢ ᠡᠷᠡᠰ ᠲᠡᠪᠴᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠬᠡᠷᠡᠭᠵᠢᠭᠦᠯᠬᠦ᠂ ᠡᠳ᠋ ᠪᠣᠳᠠᠰ ᠤᠨ ᠪᠠᠲᠤᠯᠠᠪᠤᠷᠢ ᠶᠢ ᠪᠣᠳᠠᠲᠠᠢ ᠳᠤ ᠲᠤᠬᠢᠷᠠᠭᠤᠯᠬᠤ᠂ ᠳᠣᠲᠣᠭᠠᠳᠤ ᠬᠠᠮᠢᠶᠠᠷᠤᠯᠲᠠ ᠶᠢ ᠵᠢᠷᠣᠮᠵᠢᠯᠲᠠᠢ ᠨᠠᠶᠢᠳᠠᠪᠤᠷᠢᠵᠢᠭᠤᠯᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠬᠤᠪᠢ ᠬᠥᠮᠦᠨ ᠤ ᠰᠡᠷᠭᠡᠶᠢᠯᠡᠯᠲᠡ᠂ ᠲᠡᠷᠭᠡ ᠪᠠ ᠡᠳ᠋ ᠪᠠᠷᠠᠭᠠᠨ᠋ᠠ ᠤ ᠪᠠᠺᠲ᠋ᠧᠷᠢ ᠤᠰᠠᠳᠬᠠᠬᠤ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠱᠤᠭᠤᠮ︾ ᠢ ᠦᠨᠡᠨᠬᠦ ᠪᠠᠬᠢᠵᠢᠭᠦᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠲᠤᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠣᠭᠤᠷᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠠ ᠴᠡᠭᠴᠡᠯᠡᠨ ᠦᠭᠡᠷᠡᠴᠢᠯᠡᠵᠦ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠭᠡᠨᠡᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠢ᠃ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠡᠷᠡᠭᠦᠯ ᠬᠠᠮᠠᠭᠠᠯᠠᠯ ᠤᠨ ᠬᠤᠳᠠ ᠶᠢ ᠡᠬᠦᠳᠦᠨ ᠪᠠᠶᠢᠭᠤᠯᠬᠤ ᠪᠠᠶᠢᠩᠭᠤ ᠶᠢᠨ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠬᠢᠵᠦ᠂ ᠭᠤᠣᠯᠳᠠᠯᠭ᠎ᠠ ᠲᠠᠢ ᠠᠰᠠᠭᠤᠳᠠᠯ ᠢ ᠲᠥᠪᠯᠡᠷᠡᠭᠦᠯᠦᠨ ᠵᠠᠰᠠᠵᠤ᠂ ᠪᠠᠶᠢᠩᠭᠤ ᠶᠢᠨ ᠴᠢᠨᠠᠷᠲᠠᠢ ᠡᠭᠦᠳᠦᠨ ᠪᠠᠶᠢᠭᠤᠯᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ ᠬᠤᠳᠠ ᠶᠢᠨ ᠲᠦᠷᠢ ᠲᠥᠷᠬᠦ ᠶᠢ ᠳᠠᠰᠤᠷᠠᠯᠳᠠ ᠦᠬᠡᠢ ᠳᠡᠭᠡᠭᠰᠢᠯᠡᠭᠦᠯᠦᠨ᠎ᠠ᠃ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢ ᠴᠢᠩᠭ᠎ᠠ ᠵᠢᠷᠤᠮᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠪᠣᠯᠤᠨ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠡᠷᠡᠭᠦᠯ ᠬᠠᠮᠠᠭᠠᠯᠠᠯ  ᠤᠨ ᠬᠤᠳᠠ ᠶᠢ ᠡᠬᠦᠳᠦᠨ ᠪᠠᠶᠢᠭᠤᠯᠬᠤ ᠳᠤᠮᠳᠠᠬᠢ ᠪᠠᠭᠤᠷᠠᠢ ᠭᠤᠭᠴᠣᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠴᠡᠭᠴᠡᠯᠡᠨ ᠵᠠᠰᠠᠯᠲᠠ ᠶᠢ ᠠᠬᠢᠭᠤᠯᠵᠤ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠮᠦᠷᠲᠡᠭᠡᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠣᠭᠤᠷᠢᠭ ᠤᠨ ᠤᠳᠤᠷᠢᠳᠤᠯᠭ᠎ᠠ ᠵᠠᠩ ᠶᠢᠨ ᠵᠦᠩ᠂ ᠯᠢ ᠴᠠᠩ ᠮᠤᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠣ ᠪᠠᠶᠢᠴᠠᠭᠠᠨ ᠰᠤᠳᠤᠯᠤᠯᠲᠠ ᠬᠢᠪᠡ᠃ ︵ᠰᠤᠷᠪᠤᠯᠵᠢᠯᠠᠭᠴᠢ᠄ ᠭᠤᠤ ᠰᠢᠤᠢ ᠬᠢᠨᠠᠨ ᠬᠠᠷᠭᠤᠭᠤᠯᠤᠭᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号