ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠣᠵᠣ ᠶᠢᠨ ᠶᠦᠩ ᠯᠢ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/3/4
     2 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠱᠦᠵᠢ ᠮᠸᠡᠭ ᠹᠠᠨ ᠯᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ᠪᠥᠬᠦ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠦᠭᠡᠷᠡᠴᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠶᠦᠩ ᠯᠢ ᠬᠤᠷᠠᠯ ᠡᠷᠭᠢᠯᠡᠪᠡ᠃      ᠬᠤᠷᠠᠯ ᠠᠴᠠ᠂ ᠱᠢ ᠲᠠᠢ ᠹᠧᠩ ᠱᠦᠵᠢ ᠪᠣᠯᠤᠨ ᠮᠸᠡᠭ ᠹᠠᠨ ᠯᠢ ᠱᠦᠵᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠦᠷᠭᠦᠯᠵᠢᠯᠡᠨ ᠪᠠᠶᠢᠯᠳᠤᠭᠠᠨ ᠤ ᠪᠠᠶᠢᠳᠠᠯ᠂ ᠰᠢᠪᠲᠤᠯᠤᠯᠲᠠ ᠶᠢᠨ ᠪᠠᠶᠢᠳᠠᠯ ᠢᠶᠠᠨ ᠪᠠᠲᠤᠯᠠᠵᠤ᠂ ᠴᠠᠭ ᠮᠥᠴᠡ ᠶᠢ ᠠᠮᠵᠢᠨ  ᠬᠠᠷᠢᠭᠤᠴᠠᠯᠭ᠎ᠠ ᠪᠠᠨ ᠡᠭᠦᠷᠭᠡᠯᠡᠨ᠂ ᠡᠭᠦᠷᠭᠡ ᠪᠠᠨ ᠪᠦᠲᠦᠮᠵᠢᠲᠡᠶ ᠨᠠᠶᠢᠳᠠᠪᠤᠷᠢᠵᠢᠭᠤᠯᠵᠤ᠂ ᠲᠣᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠤᠯᠬᠤ ᠶᠢ ᠴᠢᠬᠤᠯᠴᠢᠯᠠᠪᠠ      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠶ ᠪᠠᠶᠢᠳᠠᠯ ᠢ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠶᠢ ᠱᠠᠭᠠᠷᠳᠠᠵᠠᠢ᠃ ᠱᠢ ᠲᠠᠢ ᠹᠸᠡᠭ ᠱᠦᠵᠢ ᠪᠣᠯᠤᠨ ᠮᠸᠡᠭ ᠹᠠᠨ ᠯᠢ ᠱᠦᠵᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠤᠨ ᠴᠤᠪᠤᠷᠠᠯ ᠢ ᠨᠠᠷᠢᠯᠢᠬᠵᠢᠭᠤᠯᠵᠤ᠂ ᠠᠯᠳᠠᠰᠢ ᠭᠠᠷᠬᠤ ᠶᠢ ᠬᠤᠷᠢᠭᠯᠠᠵᠤ᠂ ᠳᠣᠳᠠᠭᠳᠠᠯ ᠢ ᠨᠥᠬᠦᠪᠥᠷᠢᠯᠡᠨ᠂ ᠬᠤᠷᠳᠤᠴᠠ ᠶᠢ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠶ ᠪᠠᠶᠢᠴᠠᠭᠠᠯᠲᠠ ᠪᠠ ᠤᠨᠤᠪᠴᠢᠲᠠᠢ ᠢᠷᠡᠯᠲᠡ ᠢ ᠣᠯᠬᠤ ᠶᠢ ᠪᠠᠲᠣᠯᠠᠨ᠎ᠠ᠃ ᠠᠵᠢᠯ ᠤᠨ ᠲᠤᠬᠢᠷᠠᠭᠤᠯᠭ᠎ᠠ ᠶᠢ ᠴᠢᠩᠭ᠎ᠠ ᠠᠳᠬᠤᠵᠤ᠂ ᠡᠯ᠎ᠡ ᠭᠤᠭᠴᠤᠭ᠎ᠠ ᠶᠢ ᠨᠢᠭᠲᠠ ᠪᠢᠲᠡᠭᠦᠮᠵᠢᠯᠡᠵᠣ᠂ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠠᠰᠠᠭᠤᠳᠠᠯ ᠢ ᠲᠡᠷᠡ ᠬᠡᠪ ᠢᠶᠠᠷ ᠨᠢ ᠴᠡᠭᠴᠡᠯᠡᠨ ᠦᠭᠡᠷᠡᠴᠢᠯᠡᠬᠦ ᠶᠢ ᠪᠠᠲᠤᠯᠠᠵᠤ᠂ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠵᠤ᠂ ᠲᠣᠰᠠᠭᠠᠷᠯᠠᠬᠤ ᠶᠣᠰᠣᠲᠠᠶ ᠶᠢ ᠨᠢ ᠴᠥᠮ ᠲᠣᠰᠠᠭᠠᠷᠯᠠᠵᠤ᠂ ᠰᠡᠷᠭᠡᠶᠢᠯᠡᠬᠦ ᠶᠣᠰᠣᠲᠠᠶ ᠶᠢ ᠨᠢ ᠴᠥᠮ ᠰᠡᠷᠭᠡᠶᠢᠯᠡᠵᠦ᠂ ᠲᠣᠬᠢᠷᠠᠭᠤᠯᠬᠤ ᠶᠣᠰᠣᠲᠠᠶ ᠶᠢ ᠨᠢ ᠴᠥᠮ ᠲᠣᠬᠢᠷᠠᠭᠤᠯᠵᠤ᠂ ᠲᠦᠷᠭᠡᠳᠭᠡᠬᠦ ᠶᠣᠰᠣᠲᠠᠶ ᠶᠢ ᠨᠢ ᠴᠥᠮ ᠲᠦᠷᠭᠡᠳᠭᠡᠵᠤ᠂ ᠥᠭᠡᠷᠡᠴᠢᠯᠡᠬᠦ ᠶᠣᠰᠣᠲᠠᠶ ᠶᠢ ᠨᠢ ᠴᠥᠮ ᠥᠭᠡᠷᠡᠴᠢᠯᠡᠬᠦ︾ ᠶᠢ ᠦᠨᠡᠨᠬᠦ ᠪᠡᠶᠡᠯᠡᠭᠦᠯᠬᠦ ᠬᠡᠷᠡᠭᠲᠡᠶ ᠃ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠮᠡᠳᠡᠭᠳᠡᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠮᠦᠷᠲᠡᠭᠡᠨ ᠠᠵᠢᠯ ᠢᠶᠠᠨ ᠤᠳᠠᠭᠠᠰᠢᠷᠠᠭᠤᠯᠬᠤ ᠪᠠ ᠬᠠᠷᠢᠭᠤᠴᠠᠯᠭ᠎ᠠ ᠪᠠᠨ ᠠᠯᠳᠠᠭᠰᠠᠳ ᠲᠤ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠵᠤ ᠂ ᠲᠡᠭᠡᠳᠣ ᠱᠠᠲᠣᠨ ᠤ ᠵᠠᠷᠯᠢᠭ ᠶᠢ ᠲᠠᠭᠠᠵᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠬᠤᠷᠢᠭᠯᠠᠨ᠎ᠠ᠃ ᠤᠳᠤᠷᠢᠳᠤᠯᠭ᠎ᠠ ᠪᠠ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠪᠠᠯᠠ ᠮᠥᠩᠭᠦ ᠪᠠ ᠡᠳ᠋ ᠪᠣᠳᠠᠰ ᠤᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠪᠠᠲᠤᠯᠠᠵᠤ᠂ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ᠃ ᠢᠯᠠᠩᠭᠤᠶ᠎ᠠ ᠪᠠᠶᠢᠭᠤᠯᠤᠯᠭ᠎ᠠ ᠶᠢᠨ ᠺᠠᠳ᠋ᠷᠴᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠬᠦᠷᠴᠣ᠂ ᠦᠨᠳᠦᠰᠦᠨ ᠱᠠᠲᠤᠨ ᠤ ᠠᠵᠢᠯ ᠶᠢᠨ ᠨᠠᠶᠢᠳᠠᠪᠤᠷᠢᠵᠢᠭᠤᠯᠬᠤ ᠶᠠᠪᠤᠴᠠ ᠳᠤ ᠲᠣᠯᠭᠠᠷᠠᠭᠰᠠᠨ ᠰᠢᠢᠳᠪᠣᠷᠢᠯᠡᠵᠣ ᠳᠡᠶᠢᠯᠬᠦ ᠥᠬᠡᠶ ᠬᠦᠴᠢᠷ ᠪᠡᠷᠬᠡ ᠠᠰᠠᠭᠤᠳᠠᠯ ᠢ ᠬᠠᠪᠰᠤᠷᠤᠨ ᠰᠢᠢᠳᠪᠣᠷᠢᠯᠡᠵᠣ᠂ ᠦᠨᠳᠦᠰᠦᠨ ᠱᠠᠲᠤᠨ ᠳᠤ ᠳᠠᠷᠤᠭᠠᠰᠤ ᠨᠡᠮᠡᠬᠦ ᠥᠬᠡᠶ ᠪᠠᠶᠢᠬᠤ ᠬᠡᠷᠡᠭᠲᠡᠶ᠃ ᠤᠬᠠᠭᠤᠯᠭ᠎ᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠦᠷᠭᠦᠯᠵᠢᠯᠡᠨ ᠴᠢᠩᠭᠠᠳᠬᠠᠵᠤ᠂ ︽ᠴᠠᠭ᠂ ᠬᠡᠮᠵᠢᠶ᠎ᠡ᠂ ᠦᠷ᠎ᠡ ᠪᠦᠲᠦᠮᠵᠢ︾ ᠶᠢ ᠡᠵᠡᠮᠳᠡᠵᠣ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠨ᠂ ᠰᠠᠭᠤᠭᠠᠯᠢ ᠠᠷᠠᠳ ᠢ ᠵᠢᠯᠣᠭᠤᠳᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠬᠦ ᠶᠢᠨ ᠬᠠᠮᠲᠤ ᠶᠠᠷᠢᠶ᠎ᠠ ᠬᠡᠯᠡᠯᠴᠡᠭᠡ ᠶᠢ ᠮᠥᠷᠳᠡᠨ ᠪᠠᠶᠢᠴᠠᠭᠠᠵᠣ᠂ ᠰᠠᠨᠠᠭᠠᠴᠢᠯᠠᠭ᠎ᠠ ᠠᠴᠠ ᠪᠠᠨ ᠵᠥᠪ ᠲᠠᠯ᠎ᠠ ᠶᠢᠨ ᠬᠥᠲᠥᠯᠦᠨ ᠵᠢᠯᠣᠭᠤᠳᠣᠯᠭ᠎ᠠ ᠬᠢᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃︵ᠰᠤᠷᠪᠤᠯᠵᠢᠯᠠᠭᠴᠢ᠄ ᠹᠸᠡᠭ ᠰᠢᠤᠸᠠᠢ᠂ ᠭᠤᠤ ᠰᠢᠤᠢ ᠬᠢᠨᠠᠨ ᠬᠠᠷᠭᠤᠭᠤᠯᠬᠤ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号