ᠶᠢᠨ ᠶᠦᠩ ᠯᠢ ᠯᠦᠩ ᠮᠠ ᠳᠡᠭᠡᠳᠦ ᠲᠠᠰ ᠤᠨ ᠰᠠᠯᠬᠢᠨ ᠬᠦᠴᠦᠨ ᠤ ᠴᠠᠬᠢᠯᠭᠠᠨ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/4/1
     3 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠯᠦᠩ ᠮᠠ ᠶᠢᠨ ᠳᠡᠭᠡᠳᠦ ᠲᠠᠰ ᠤᠨ ᠰᠠᠯᠬᠢᠨ ᠬᠦᠴᠦᠨ ᠤ ᠴᠠᠬᠢᠯᠭᠠᠨ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠂ ᠲᠥᠷᠥᠯ ᠵᠦᠢᠯ ᠢ ᠳᠥᠯᠭᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠪᠡᠷᠬᠡ ᠬᠦᠴᠢᠷ ᠶᠢ ᠲᠤᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠶᠢ ᠴᠢᠬᠤᠯᠠᠴᠢᠯᠠᠪᠠ᠃     ︽ᠭᠠᠵᠠᠷ ᠰᠢᠷᠣᠶ ᠶᠢ ᠲᠠᠲᠠᠪᠤᠷᠢᠯᠠᠨ ᠨᠤᠷᠠᠭᠠᠬᠤ ᠠᠵᠢᠯ ᠤᠨ ᠠᠬᠢᠴᠠ ᠶᠠᠮᠠᠷ ᠪᠠᠶᠢᠨ᠎ᠠ︖︾ ︽ᠢᠨᠵᠧᠨᠧᠷᠢᠩ ᠢ ᠳᠥᠯᠭᠢᠨ ᠠᠬᠢᠭᠤᠯᠬᠤ ᠶᠠᠪᠤᠴᠠ ᠳᠤ ᠶᠠᠮᠠᠷ ᠠᠰᠠᠭᠤᠳᠠᠯ ᠣᠷᠣᠰᠢᠵᠤ ᠪᠠᠶᠢᠬᠤ ᠪᠤᠶ︾ ᠶᠢᠨ ᠶᠦᠩ ᠯᠢ ᠯᠦᠩ ᠮᠠ ᠳᠡᠭᠡᠳᠦ ᠳᠡᠰ ᠤᠨ ᠰᠠᠯᠬᠢᠨ ᠬᠦᠴᠦᠨ ᠤ ᠴᠠᠬᠢᠯᠭᠠᠨ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠬᠦᠷᠴᠦ᠂ ᠨᠢᠭᠡ ᠲᠠᠯ᠎ᠠ ᠪᠠᠷ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠦᠭᠦᠭᠡ ᠲᠠᠯ᠎ᠠ ᠪᠠᠷ ᠭᠠᠵᠠᠷ ᠬᠡᠷᠡᠭᠯᠡᠬᠦ ᠲᠥᠯᠥᠪᠵᠢᠭᠦᠯᠭᠡ ᠶᠢᠨ ᠵᠢᠷᠤᠭ ᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠲᠥᠯᠥᠪᠵᠢᠭᠦᠯᠭᠡ ᠶᠢᠨ ᠲᠠᠯᠠᠪᠠᠢ ᠪᠠ ᠵᠢᠷᠤᠭ ᠲᠥᠯᠥᠪᠯᠡᠭᠡ ᠶᠢᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠣᠶᠢᠯᠠᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠰᠦᠯ ᠤᠨ ᠨᠠᠷᠢᠨ ᠵᠦᠢᠯᠡᠰ ᠢ ᠠᠰᠠᠭᠤᠨ ᠯᠠᠪᠯᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠨ᠎ᠠ᠃     ᠶᠢᠨ ᠶᠦᠩ ᠯᠢ ᠣᠯᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠭᠰᠠᠨ ᠢ ᠨᠤᠲᠠᠯᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠲᠦᠭᠰᠢᠭᠦᠷᠢᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠦᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠤᠷᠢᠲᠠᠯ ᠳᠣᠤᠷ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠠ ᠲᠣᠭᠲᠠᠭᠰᠠᠨ ᠬᠠᠷᠠᠯᠲᠠ ᠶᠢᠨ ᠲᠣᠭᠤᠷᠢᠨ ᠳᠤ ᠠᠵᠢᠯ ᠤᠨ ᠬᠤᠭᠤᠴᠠᠭ᠎ᠠ ᠪᠠᠨ ᠲᠣᠬᠢᠷᠠᠭᠤᠯᠵᠦ᠂ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠷᠥᠯ ᠵᠦᠢᠯ ᠢ ᠡᠷᠲᠡ ᠪᠠᠶᠢᠭᠤᠯᠵᠤ ᠠᠰᠢᠭᠯᠠᠯᠲᠠ ᠳᠤ ᠣᠷᠣᠭᠤᠯᠤᠨ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃       ᠶᠢᠨ ᠶᠦᠩ ᠯᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠢ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠨ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠦᠴᠦ ᠪᠠᠨ ᠬᠠᠮᠲᠤᠳᠬᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠡᠮᠬᠢᠳᠭᠡᠵᠦ᠂ ᠭᠠᠵᠠᠷ ᠰᠢᠷᠣᠶ᠂ ᠪᠠᠯᠠ ᠮᠥᠩᠭᠦ ᠵᠡᠷᠭᠡ ᠬᠦᠴᠦᠨ ᠵᠦᠢᠯ ᠤᠨ ᠬᠠᠩᠭᠠᠯᠭ᠎ᠠ ᠶᠢ ᠪᠠᠲᠤᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠨ᠎ᠠ᠃ ᠣᠳᠣᠬᠠᠨ ᠤ ᠰᠢᠵᠢᠷ ᠠᠯᠳᠠᠨ ᠪᠠᠷᠢᠯᠭ᠎ᠠ ᠪᠠᠷᠢᠬᠤ ᠴᠠᠭ ᠬᠤᠭᠤᠴᠠᠭ᠎ᠠ ᠶᠢ ᠠᠳᠬᠤᠵᠤ᠂ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠ ᠴᠠᠬᠢᠯᠭᠠᠨ ᠲᠣᠣᠷ ᠢ ᠥᠭᠡᠷᠡᠴᠢᠯᠡᠨ ᠨᠡᠭᠦᠯᠭᠡᠬᠦ ᠵᠡᠷᠭᠡ ᠠᠵᠢᠯ ᠢ ᠲᠦᠷᠭᠡᠳᠭᠡᠵᠦ᠂ ᠪᠠᠷᠢᠯᠭ᠎ᠠ ᠶᠢᠨ ᠡᠩᠨᠡᠭᠡ ᠶᠢ ᠱᠠᠯᠠᠪᠳᠠᠨ ᠵᠣᠬᠢᠶᠠᠨ ᠪᠠᠶᠢᠭᠤᠯᠤᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠵᠡᠷᠭᠡ ᠪᠠᠷ ᠲᠥᠯᠬᠢᠨ ᠠᠬᠢᠭᠤᠯᠵᠤ᠂ ᠡᠯ᠎ᠡ ᠵᠦᠢᠯ ᠤᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠦᠭᠡᠳ ᠥᠨᠳᠥᠷ ᠦᠷ᠎ᠡ ᠪᠦᠲᠦᠮᠵᠢᠲᠡᠶ ᠪᠠᠷ ᠲᠥᠯᠬᠢᠨ ᠠᠬᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠬᠢᠨᠠᠮᠠᠭᠠᠢ ᠬᠠᠷᠢᠭᠤᠴᠠᠵᠤ᠂ ᠡᠯ᠎ᠡ ᠵᠦᠢᠯ ᠤᠨ ᠠᠶᠤᠯᠭᠦᠢ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠲᠣᠲᠠᠭᠳᠠᠯ ᠢ ᠡᠷᠡᠰ ᠬᠤᠷᠢᠭᠯᠠᠵᠤ᠂ ᠡᠯ᠎ᠡ ᠵᠦᠢᠯ ᠤᠨ ᠬᠡᠨᠡᠳᠡᠯ ᠭᠠᠷᠬᠤ ᠶᠢ ᠴᠢᠩᠭ᠎ᠠ ᠰᠡᠷᠭᠡᠶᠢᠯᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠤᠷᠠᠮᠳᠤᠭᠤᠯᠬᠤ ᠬᠡᠷᠡᠭᠲᠡᠢ᠃     ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠴᠢᠶᠠᠩ ᠵᠢᠴᠢ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠭᠤᠤ ᠰᠢᠤᠢ      ᠬᠢᠨᠠᠨ ᠬᠠᠷᠭᠤᠭᠤᠯᠤᠭᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号