ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠦᠪᠯᠡᠯᠭᠡ ᠶᠢ ᠰᠢᠢᠳᠪᠦᠷᠢᠯᠡᠬᠦ ᠠᠵᠢᠯ ᠢ ᠲᠤᠰᠢᠶᠠᠨ ᠰᠢᠢᠳᠪᠦᠷᠢᠯᠡᠬᠦᠯᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/1
     3 ᠰᠠᠷ᠎ᠠ ᠶᠢᠨ 28 ᠤ ᠡᠳᠦᠷ᠂ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠦᠪᠯᠡᠯᠭᠡ ᠶᠢ ᠰᠢᠢᠳᠪᠦᠷᠢᠯᠡᠬᠦ ᠠᠵᠢᠯ ᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠵᠤ᠂ 147 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ 215 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠦᠪᠯᠡᠯᠭᠡ ᠶᠢ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠲᠤᠰᠢᠶᠠᠨ ᠰᠢᠢᠳᠪᠦᠷᠢᠯᠡᠭᠦᠯᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠲᠢᠶᠠᠨ ᠬᠤᠩ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
    ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠦ᠋ ᠸᠧᠨ ᠴᠢᠩ᠂ ᠲᠣᠭᠤᠷᠢᠭ ᠤᠨ ᠤᠳᠤᠷᠢᠳᠤᠯᠭ᠎ᠠ ᠵᠠᠩ ᠶᠢᠨ ᠵᠥᠩ᠂ ᠯᠢᠦ ᠯᠢ ᠰᠢᠶᠠ᠂ ᠨᠢᠦ ᠱᠢ ᠸᠠᠩ ᠬᠤᠷᠠᠯ ᠳᠤ ᠣᠷᠣᠯᠴᠠᠵᠠᠶ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠤᠯᠪᠣᠭᠠᠲᠤ ᠵᠥᠪᠯᠡᠯ ᠢ ᠰᠣᠩᠭᠠᠨ ᠲᠣᠮᠢᠯᠠᠬᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠦᠪᠯᠡᠯᠭᠡ ᠤᠨ ᠭᠤᠣᠯ ᠬᠠᠷᠢᠭᠤᠴᠠᠯᠭᠠᠲᠠᠨ᠂ ᠬᠡᠰᠡᠭ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠨᠥᠬᠦᠳ ᠤᠨ ᠬᠤᠷᠠᠯ ᠳᠤ ᠣᠷᠣᠯᠴᠠᠬᠤ ᠶᠢ ᠭᠤᠣᠯᠳᠠᠯᠭ᠎ᠠ ᠲᠠᠢ ᠬᠠᠷᠢᠭᠤᠴᠠᠪᠠ᠃      ᠬᠤᠷᠠᠯ ᠠᠴᠠ 2021 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠦᠪᠯᠡᠯᠭᠡ ᠶᠢ ᠭᠦᠢᠴᠡᠳᠬᠡᠭᠰᠡᠨ ᠪᠠᠶᠢᠳᠠᠯ ᠢ ᠮᠡᠳᠡᠭᠳᠡᠵᠦ᠂ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠦᠪᠯᠡᠯᠭᠡ ᠶᠢ ᠰᠢᠢᠳᠪᠦᠷᠢᠯᠡᠬᠦ ᠠᠵᠢᠯ ᠤᠨ ᠡᠭᠦᠷᠭᠡ ᠲᠣᠬᠢᠷᠠᠭᠤᠯᠣᠨ ᠪᠠᠶᠢᠷᠢᠯᠠᠭᠤᠯᠪᠠ᠃ ᠯᠢ ᠵᠢᠶᠦ᠋ᠨ᠂ ᠦ᠋ ᠸᠧᠨ ᠴᠢᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠦᠪᠯᠡᠯᠭᠡ ᠶᠢ ᠬᠡᠷᠬᠢᠨ ᠰᠢᠢᠳᠪᠦᠷᠢᠯᠡᠬᠦ ᠲᠤᠬᠠᠶ ᠲᠣᠰ ᠲᠣᠰ ᠤᠨ ᠰᠠᠨᠠᠯ ᠪᠠ ᠱᠠᠭᠠᠷᠳᠠᠯᠭ᠎ᠠ ᠳᠤᠷᠠᠳᠪᠠ᠃      ᠬᠤᠷᠠᠯ ᠠᠴᠠ᠂ ᠰᠠᠨᠠᠯ ᠪᠠ ᠵᠦᠪᠯᠡᠯᠭᠡ ᠪᠣᠯ ᠲᠥᠯᠥᠭᠡᠯᠡᠭᠴᠢᠳ ᠪᠠ ᠭᠡᠰᠢᠭᠦᠳ ᠦᠨᠳᠦᠰᠦᠨ ᠱᠠᠲᠤᠨ ᠳᠤ ᠭᠦᠨᠵᠡᠭᠡᠶᠢᠷᠡᠨ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤᠮᠳᠠᠬᠢ ᠴᠢᠬᠤᠯᠠ ᠶᠡᠭᠡ ᠠᠰᠠᠭᠤᠳᠠᠯ ᠪᠣᠯᠤᠨ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠭᠰᠠᠨ ᠨᠢ ᠮᠠᠨ ᠤ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠭᠤᠯᠭ᠎ᠠ ᠪᠠ ᠵᠦᠪᠯᠡᠯᠭᠡ ᠶᠢ ᠰᠢᠢᠳᠪᠦᠷᠢᠯᠡᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠨ᠎ᠠ᠃ ᠰᠠᠨᠠᠭᠤᠯᠭ᠎ᠠ ᠪᠠ ᠵᠦᠪᠯᠡᠯᠭᠡ ᠶᠢ ᠰᠢᠢᠳᠪᠦᠷᠢᠯᠡᠬᠦ ᠠᠵᠢᠯ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠲᠠᠢ ᠨᠢᠭᠲᠠ ᠤᠶᠠᠯᠳᠤᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠴᠢᠩᠭ᠎ᠠ ᠠᠳᠬᠤᠵᠤ᠂ ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠵᠥᠪᠯᠡᠯᠭᠡ ᠳᠤᠷᠠᠳᠤᠨ ᠠᠷᠭ᠎ᠠ ᠪᠣᠳᠣᠯᠭ᠎ᠠ ᠭᠠᠷᠭᠠᠬᠤ ᠶᠢ ᠪᠣᠳᠠᠲᠠᠶ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠪᠠᠨ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠬᠦᠨᠳᠡᠯᠡᠨ ᠲᠣᠭᠤᠷᠢᠭ ᠢ ᠪᠥᠲᠥᠭᠡᠨ ᠪᠠᠶᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃      ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠶᠢ ᠲᠤᠪᠤᠶᠢᠯᠭᠠᠨ ᠲᠣᠭᠲᠠᠴᠠ ᠶᠢ ᠪᠦᠷᠢᠨᠰᠢᠬᠦᠯᠦᠨ ᠬᠠᠷᠢᠯᠴᠠᠭ᠎ᠠ ᠶᠢ ᠴᠢᠩᠭᠠᠳᠬᠠᠨ ᠰᠢᠢᠳᠪᠦᠷᠢᠯᠡᠵᠤ᠂ ᠰᠢᠨ᠎ᠡ ᠰᠡᠳᠬᠢᠴᠡ ᠶᠢ ᠡᠭᠦᠳᠦᠨ ᠪᠠᠶᠢᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠰᠢᠢᠳᠪᠦᠷᠢᠯᠡᠯᠲᠡ ᠶᠢ ᠴᠢᠩᠭ᠎ᠠ ᠠᠳᠬᠤᠵᠤ᠂ ᠰᠢᠢᠳᠪᠦᠷᠢᠯᠡᠬᠦ ᠲᠤᠭ᠎ᠠ ᠬᠡᠮᠵᠢᠶ᠎ᠡ ᠶᠢ ᠪᠦᠬᠦ ᠲᠠᠯ᠎ᠠ ᠪᠠᠷ ᠪᠡᠶᠡᠯᠡᠭᠦᠯᠬᠦ ᠪᠠᠷ ᠪᠠᠷᠠᠬᠤ ᠦᠭᠡᠢ᠂ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠠᠷᠠᠳ ᠤᠯᠠᠨ ᠤ ᠪᠠᠴᠢᠮ ᠲᠤᠯᠭᠠᠮ᠎ᠠ ᠠᠰᠠᠭᠤᠳᠠᠯ ᠪᠠ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ︽ᠨᠢᠭᠡᠳᠦᠭᠡᠷ ᠭᠠᠷ ︾ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ ᠬᠤᠪᠢᠳᠠᠨ ᠬᠠᠮᠢᠶᠠᠷᠠᠬᠤ ᠤᠳᠤᠷᠢᠳᠤᠯᠭ᠎ᠠ ᠰᠢᠭᠤᠳ ᠠᠳᠬᠤᠬᠤ ᠪᠠ ᠳᠠᠭᠠᠭᠠᠨ ᠭᠦᠢᠴᠡᠳᠬᠡᠬᠦ ᠠᠵᠢᠯᠲᠠᠨ ︽ᠭᠤᠷᠪᠠᠨ ᠱᠠᠲᠣ ᠪᠠᠷ ᠬᠠᠷᠢᠭᠤᠴᠠᠬᠤ ᠲᠦᠷᠢᠮ︾ ᠢ ᠪᠣᠳᠠᠲᠠᠶ ᠭᠦᠢᠴᠡᠳᠬᠡᠬᠦ ᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠶ᠃ ᠰᠢᠢᠳᠪᠦᠷᠢᠯᠡᠬᠦ ᠠᠵᠢᠯ ᠤᠨ ᠲᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠲᠤᠰᠬᠠᠶ ᠬᠥᠮᠦᠨ ᠢ ᠲᠣᠳᠣᠷᠬᠠᠶᠢᠯᠠᠠ ᠮᠥᠷᠳᠡᠨ ᠰᠢᠢᠳᠪᠦᠷᠢᠯᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠴᠠᠭ ᠲᠤᠬᠠᠶ ᠳᠤᠨᠢ ᠵᠣᠬᠢᠴᠠᠭᠤᠯᠤᠨ᠂ ᠰᠢᠢᠳᠪᠦᠷᠢᠯᠡᠬᠦ ᠠᠵᠢᠯ ᠤᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠰᠠᠨᠠᠭᠤᠯᠭ᠎ᠠ ᠪᠠ ᠵᠦᠪᠯᠡᠯᠭᠡ ᠶᠢ ᠰᠢᠢᠳᠪᠦᠷᠢᠯᠡᠬᠦ ᠠᠵᠢᠯ ᠳᠤ ᠬᠦᠴᠦᠲᠡᠶ ᠪᠠᠲᠤᠯᠠᠭ᠎ᠠ ᠬᠠᠩᠭᠠᠵᠤ᠂ ᠭᠤᠤᠯᠳᠠᠯᠭ᠎ᠠ ᠲᠠᠢ ᠠᠵᠢᠯ ᠢ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ︵ᠰᠤᠷᠪᠤᠯᠵᠢᠯᠠᠭᠴᠢ᠄ ᠸᠠᠩ ᠬᠠᠨ ᠰᠢᠶᠤᠤ    ᠬᠢᠨᠠᠨ ᠬᠠᠷᠭᠤᠭᠤᠯᠤᠭᠰᠠᠨ ᠨᠢ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号