ᠡᠮᠦᠨ᠎ᠡ 2 ᠰᠠᠷ᠎ᠠ ᠳᠤ᠂ ᠬᠦᠨᠳᠡᠯᠡᠨ ᠲᠤᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠡᠭᠡᠳᠦ | ᠱᠠᠲᠤᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ | ᠪᠠᠶᠢᠯᠭᠠᠬᠤ ᠶᠢ ᠲᠡᠷᠢᠭᠦᠨ ᠳᠤ ᠲᠠᠯᠪᠢᠬᠤ ᠪᠠ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠠᠵᠤ | ᠠᠬᠤᠢ ᠶᠢᠨ ᠲᠣᠭᠲᠠᠭᠤᠨ ᠳᠤ ᠠᠰᠢᠭᠲᠠᠢ ᠲᠦᠷᠦ ᠶᠢᠨ ᠪᠤᠳᠤᠯᠭ᠎ᠠ ᠶᠢ ᠢᠳᠡᠪᠬᠢᠲᠡᠢ ᠬᠡᠷᠡᠭᠵᠢᠭᠦᠯᠵᠦ᠂ ᠠᠵᠤ | ᠠᠬᠤᠢ ᠶᠢᠨ ᠰᠡᠷᠭᠦᠯᠲᠡ ᠶᠢᠨ ᠪᠠᠶᠢᠳᠠᠯ ᠢᠶᠠᠨ ᠦᠷᠭᠦᠯᠵᠢᠯᠡᠭᠦᠯᠵᠦ᠂ ᠭᠤᠣᠯ ᠪᠣᠯᠬᠤ ᠭᠦᠢᠴᠡᠳᠬᠡᠯ ᠲᠣᠭᠠᠨ ᠤ | ᠨᠡᠮᠡᠭᠳᠡᠯ ᠤᠨ ᠬᠠᠨᠳᠤᠰᠢ ᠲᠣᠭᠲᠠᠭᠤᠨ᠂ ᠵᠣᠬᠢᠰᠲᠠᠢ ᠣᠷᠣᠨ ᠵᠠᠢ ᠳᠤ ᠪᠠᠶᠢᠬᠤ ᠶᠢ ᠪᠠᠲᠤᠯᠠᠵᠤ᠂ ᠬᠥᠭᠵᠢᠯᠲᠡ ᠶᠢᠨ | ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠪᠡ᠃ | ᠡᠮᠦᠨ᠎ᠡ 2 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠵᠦ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ | 3.4 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠳᠡᠭᠡᠷ᠎ᠡ ᠵᠢᠯ ᠤᠨ ᠪᠥᠬᠦ ᠵᠢᠯ ᠲᠠᠢ ᠠᠳᠠᠯᠢᠳᠬᠠᠪᠠᠯ 11.9 | ᠵᠠᠭᠤᠨ ᠤ ᠬᠤᠪᠢ ᠶᠢᠨ ᠴᠡᠭ ᠥᠨᠳᠥᠷ ᠪᠠᠶᠢᠵᠦ᠂ ᠪᠥᠬᠦ ᠬᠤᠲᠠ ᠶᠢᠨ ᠳᠥᠷᠪᠡᠳᠦᠭᠡᠷ ᠲᠤ ᠣᠷᠣᠵᠤ᠂ ᠣᠷᠣᠨ | ᠪᠠᠶᠢᠷᠢ ᠶᠢᠨ ᠳ᠋ᠣᠭᠠᠷᠯᠠᠯ ᠨᠢ ᠳᠡᠭᠡᠷ᠎ᠡ ᠵᠢᠯ ᠠᠴᠠ ᠪᠠᠨ 1 ᠣᠷᠣᠨ ᠳᠡᠭᠡᠭᠰᠢᠯᠡᠵᠡᠶ︔ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 381.7% ᠪᠠᠷ ᠨᠡᠮᠡᠭᠳᠡᠵᠦ᠂ ᠪᠥᠬᠦ ᠬᠤᠲᠠ ᠶᠢᠨ ᠳᠤᠮᠳᠠᠴᠢ | ᠬᠢᠷᠢ ᠲᠦᠪᠰᠢᠨ ᠠᠴᠠ 317.8 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠳᠡᠭᠡᠷ᠎ᠡ ᠵᠢᠯ ᠤᠨ ᠪᠥᠬᠦ | ᠵᠢᠯ ᠤᠨ ᠬᠢ ᠠᠴᠠ 349.7 ᠵᠠᠭᠤᠨ ᠤ ᠬᠤᠪᠢ ᠶᠢᠨ ᠴᠡᠭ ᠥᠨᠳᠥᠷ ᠪᠠᠶᠢᠵᠦ᠂ ᠪᠥᠬᠦ ᠬᠤᠲᠠ ᠶᠢᠨ 2 ᠳ᠋ᠤᠭᠠᠷ ᠲᠤ | ᠣᠷᠣᠵᠤ᠂ ᠣᠷᠣᠨ ᠪᠠᠶᠢᠷᠢ ᠶᠢᠨ ᠳ᠋ᠣᠭᠠᠷᠯᠠᠯ ᠨᠢ ᠳᠡᠭᠡᠷ᠎ᠡ ᠵᠢᠯ ᠤᠨ ᠬᠢ ᠠᠴᠠ 2 ᠣᠷᠣᠨ ᠳᠡᠭᠡᠭᠰᠢᠯᠡᠪᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 52.47 ᠳ᠋ᠦᠩᠰᠢᠭᠤᠷ | ᠲᠥᠭᠦᠷᠢᠭ ᠲᠤ ᠬᠦᠷᠴᠦ᠂ ᠪᠦᠬᠦ ᠬᠤᠳᠠ ᠶᠢᠨ ᠲᠡᠷᠢᠭᠦᠨ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 5% | ᠨᠡᠮᠡᠭᠳᠡᠵᠦ᠂ ᠪᠦᠬᠦ ᠬᠤᠳᠠ ᠶᠢᠨ ᠳᠤᠮᠳᠠᠴᠢ ᠲᠦᠪᠰᠢᠨ ᠠᠴᠠ 0.6 ᠵᠠᠭᠤᠨ ᠤ ᠬᠤᠪᠢ ᠶᠢᠨ ᠴᠡᠭ ᠥᠨᠳᠥᠷ ᠪᠤᠯᠵᠤ᠂ | ᠳᠡᠭᠡᠷ᠎ᠡ ᠵᠢᠯ ᠤᠨ ᠬᠢ ᠠᠴᠠ 2.5 ᠵᠠᠭᠤᠨ ᠤ ᠬᠤᠪᠢ ᠶᠢᠨ ᠴᠡᠭ ᠪᠠᠭᠤᠷᠠᠵᠦ᠂ ᠨᠡᠮᠡᠭᠳᠡᠯ ᠤᠨ ᠬᠤᠷᠳᠤᠴᠠ ᠨᠢ | 2021 ᠣᠨ ᠤ ᠬᠤᠶᠠᠷ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 7.6 ᠵᠠᠭᠤᠨ ᠤ ᠬᠤᠪᠢ ᠶᠢᠨ ᠴᠡᠭ | ᠲᠦᠷᠭᠡᠳᠴᠦ᠂ ᠪᠦᠬᠦ ᠬᠤᠳᠠ ᠶᠢᠨ 1 ᠳ᠋ᠦᠭᠡᠷ ᠲᠤ ᠣᠷᠣᠵᠤ᠂ ᠣᠷᠣᠨ ᠪᠠᠶᠢᠷᠢ ᠶᠢᠨ ᠳ᠋ᠣᠭᠠᠷᠯᠠᠯ ᠨᠢ ᠳᠡᠭᠡᠷ᠎ᠡ | ᠵᠢᠯ ᠤᠨ ᠬᠢ ᠠᠴᠠ 3 ᠣᠷᠣᠨ ᠣᠷᠣᠭᠰᠢ ᠰᠢᠯᠵᠢᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | ᠨᠡᠶᠢᠲᠡ 4.92 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22% ᠨᠡᠮᠡᠭᠳᠡᠪᠡ᠃ | |