︽ᠠᠵᠢᠯ ᠣᠯᠭᠤᠯᠲᠠ ᠶᠢᠨ ᠴᠡᠭ ᠠᠴᠠ ᠨᠠᠷᠠᠲᠤ ᠠᠵᠤ ᠠᠬᠤᠶᠢᠯᠠᠯ ᠳᠤ ᠰᠢᠭᠤᠳ ᠨᠡᠪᠲᠡᠷᠡᠬᠦ︾ ᠰᠦᠯᠵᠢᠶ᠎ᠡ ᠪᠠᠷ ᠠᠵᠢᠯᠲᠠᠨ ᠣᠷᠢᠬᠤ ᠬᠤᠷᠠᠯ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2022/4/18
     ᠨᠠᠮ ᠤᠨ ᠲᠥᠪ ᠬᠤᠷᠢᠶᠠᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠰᠠᠶᠢᠲᠤᠷ ᠬᠢᠬᠦ ᠲᠤᠬᠠᠶ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠣᠤᠷᠠᠬᠢ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ ᠬᠡᠯᠪᠡᠷᠢ ᠪᠠᠷ ᠠᠵᠢᠯᠲᠠᠨ ᠡᠯᠰᠡᠬᠦ ᠭᠠᠵᠠᠷ ᠣᠷᠣᠨ ᠤ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠢ ᠬᠠᠪᠰᠤᠷᠤᠨ ᠠᠵᠢᠯᠳᠠᠨ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠶ᠃      ᠬᠥᠨᠳᠡᠯᠡᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠥᠨᠳᠡᠯᠡᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠲᠠᠢ ᠬᠤᠯᠪᠣᠭᠠᠯᠠᠨ ᠬᠥᠨᠳᠡᠯᠡᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠳᠠᠭᠠᠭᠠᠴᠢᠯᠠᠨ ᠡᠷᠭᠢᠯᠡᠵᠦ᠂ ᠮᠧᠩ ᠱᠠᠩ ᠴᠢᠳᠠᠪᠤᠷᠢᠲᠠᠨ ᠤ ᠰᠦᠯᠵᠢᠶ᠎ᠡ ᠲᠠᠢ ᠬᠠᠮᠵᠢᠯᠴᠠᠨ ᠡᠷᠭᠢᠯᠡᠭᠰᠡᠨ ︽ᠠᠵᠢᠯ ᠣᠯᠭᠤᠯᠲᠠ ᠶᠢᠨ ᠴᠡᠭ ᠠᠴᠠ ᠨᠠᠷᠠᠲᠤ ᠠᠵᠤ ᠠᠬᠤᠶᠢᠯᠠᠯ ᠳᠤ ᠰᠢᠭᠤᠳ ᠨᠡᠪᠲᠡᠷᠡᠬᠦ︾ ᠵᠢᠴᠢ ᠬᠥᠨᠳᠡᠯᠡᠨ ᠲᠣᠭᠤᠷᠢᠭ ᠤᠨ ᠭᠤᠤᠯᠳᠠᠯᠭ᠎ᠠ ᠲᠠᠢ ᠠᠵᠢᠯᠴᠢᠨ ᠬᠡᠷᠡᠭᠯᠡᠬᠦ ᠠᠵᠤ ᠠᠬᠤᠶᠢᠯᠠᠯ ᠤᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ ᠲᠤᠰᠬᠠᠶ ᠲᠠᠯᠠᠪᠤᠷ ᠤᠨ ᠰᠦᠯᠵᠢᠶ᠎ᠡ ᠪᠠᠷ ᠠᠵᠢᠯᠲᠠᠨ ᠣᠷᠢᠬᠤ ᠬᠤᠷᠠᠯ — ᠮᠧᠶ ᠺᠧ ᠴᠠᠬᠢᠭᠤᠷ ᠤᠨ ᠡᠨᠧᠷᠭᠢ ᠶᠢᠨ ᠥᠷᠲᠡᠭᠡ 2022 ᠣᠨ ᠤ 4 ᠰᠠᠷ᠎ᠠ ᠶᠢᠨ 14 ᠤ ᠡᠳᠦᠷ ᠤᠨ ᠦᠳᠡ ᠶᠢᠨ  ᠡᠮᠦᠨ᠎ᠡ 9᠄ 30 ᠲᠤ ᠵᠢᠩᠬᠢᠨᠢ ᠪᠠᠷ ᠨᠡᠪᠲᠡᠷᠡᠭᠦᠯᠵᠦ᠂ ᠬᠥᠮᠦᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ ᠲᠤ ᠨᠠᠩ ᠳᠥᠭᠦᠮ ᠳᠥᠲᠡ ᠮᠦᠷᠲᠡᠭᠡᠨ ᠥᠨᠳᠥᠷ ᠪᠦᠲᠦᠮᠵᠢᠲᠡᠶ ᠨᠡᠪᠲᠡᠷᠡᠯᠴᠡᠬᠦ ᠠᠷᠭ᠎ᠠ ᠵᠠᠮ ᠢ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠣᠯᠭᠤᠬᠤ ᠦᠢᠯᠡᠴᠢᠯᠡᠭᠡᠨ ᠤ ᠬᠤᠤᠰ ᠠᠬᠢᠭᠤᠯᠤᠯᠲᠠ ᠶᠢ ᠪᠡᠶᠡᠯᠡᠭᠦᠯᠪᠡ᠃
     ᠲᠣᠰ ᠤᠳᠠᠭᠠᠨ ᠤ ᠠᠵᠢᠯᠲᠠᠨ ᠣᠷᠢᠬᠤ ᠬᠤᠷᠠᠯ ᠤᠨ ᠰᠢᠭᠤᠳ ᠨᠡᠪᠲᠡᠷᠡᠭᠦᠯᠭᠡ ᠶᠢᠨ ᠭᠠᠵᠠᠷ ᠢ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠪᠠᠶᠢᠷᠢᠯᠠᠭᠤᠯᠵᠤ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠯᠲᠠ ᠬᠢᠵᠦ᠂ ᠠᠵᠢᠯ ᠡᠷᠢᠭᠰᠡᠳ ᠲᠤ ᠠᠵᠤ ᠠᠬᠤᠶᠢᠯᠠᠯ ᠤᠨ ᠰᠣᠶᠣᠯ ᠤᠨ ᠠᠬᠤᠶ ᠪᠠᠶᠢᠳᠠᠯ᠂ ᠠᠵᠢᠯ ᠤᠨ ᠣᠷᠴᠢᠨ ᠨᠥᠬᠦᠴᠡᠯ ᠢ ᠨᠠᠩ ᠰᠠᠶᠢᠨ ᠣᠶᠢᠯᠠᠭᠠᠭᠤᠯᠬᠤ ᠪᠣᠯᠤᠨ᠎ᠠ᠃ ᠪᠦᠷᠢᠳᠬᠡᠯ ᠢ ᠦᠨᠳᠦᠰᠦᠯᠡᠪᠡᠯ᠂ ᠠᠵᠢᠯᠲᠠᠨ ᠣᠷᠢᠬᠤ ᠬᠤᠷᠠᠯ ᠤᠨ ᠰᠢᠭᠤᠳ ᠨᠡᠪᠲᠡᠷᠡᠭᠦᠯᠭᠡ ᠶᠢᠨ ᠴᠠᠭ ᠤᠨ ᠣᠷᠳᠣ ᠨᠢ ᠨᠡᠶᠢᠲᠡ 1 ᠴᠠᠭ 38 ᠮᠢᠨᠦ᠋ᠲ ᠪᠠᠶᠢᠵᠤ᠂ 40 ᠭᠠᠷᠤᠶ ᠠᠵᠢᠯ ᠤᠨ ᠪᠠᠶᠢᠷᠢ ᠶᠢ ᠬᠠᠩᠭᠠᠵᠤ 1500 ᠬᠥᠮᠦᠨ ᠬᠡᠷᠡᠭᠯᠡᠨ᠎ᠠ᠂ ᠬᠦᠨᠳᠡᠯᠡᠨ ᠲᠣᠭᠤᠷᠢᠭ ᠢᠶᠠᠨ ᠬᠠᠶᠢᠷᠠᠯᠠᠨ᠎ᠠ ᠭᠡᠬᠦ ᠸᠢᠳᠢᠣ᠋ ᠨᠣᠮᠧᠷ ᠪᠣᠯᠤᠨ ᠮᠧᠩ ᠱᠠᠩ ᠴᠢᠳᠠᠪᠤᠷᠢᠲᠠᠨ ᠤ ᠰᠦᠯᠵᠢᠶ᠎ᠡ ᠵᠡᠷᠭᠡ ᠬᠤᠶᠠᠷ ᠰᠢᠭᠤᠳ ᠨᠡᠪᠲᠡᠷᠡᠭᠦᠯᠭᠡ ᠶᠢᠨ ᠲᠠᠪᠴᠠᠩ ᠳᠤ ᠦᠵᠡᠬᠦ ᠬᠥᠮᠦᠨ ᠨᠡᠶᠢᠲᠡ 60916 ᠲᠤᠭ᠎ᠠ ᠳᠤ ᠬᠦᠷᠴᠦ᠂  1900 ᠵᠤᠷᠪᠤᠰ ᠰᠢᠭᠦᠮᠵᠢ ᠰᠣᠯᠢᠯᠴᠠᠭ᠎ᠠ ᠪᠠᠶᠢᠵᠤ᠂ ᠰᠦᠯᠵᠢᠶᠡᠨ ᠳᠡᠭᠡᠷᠡᠬᠢ ᠲᠣᠪᠴᠢ ᠨᠠᠮᠲᠠᠷ ᠢ 364 ᠬᠤᠪᠢ ᠣᠯᠤᠭᠰᠠᠨ ᠪᠠᠶᠢᠨ᠎ᠠ᠃
    ᠬᠤᠶᠢᠰᠢᠳᠠ᠂ ᠬᠥᠨᠳᠡᠯᠡᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠱᠠᠭᠠᠷᠳᠠᠯᠭ᠎ᠠ ᠶᠢ ᠦᠨᠳᠦᠰᠦᠯᠡᠵᠦ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠠᠵᠢᠯᠯᠠᠭ᠎ᠠ ᠶᠢᠨ ᠳᠣᠲᠣᠭᠠᠳᠤ ᠠᠭᠤᠯᠬᠤᠨ ᠢ ᠦᠷᠭᠦᠯᠵᠢᠯᠡᠨ ᠰᠢᠯᠢᠳᠡᠭᠵᠢᠭᠦᠯᠦᠨ ᠪᠠᠶᠠᠯᠢᠭᠵᠢᠭᠤᠯᠵᠤ᠂ ᠰᠢᠨ᠎ᠡ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ ᠠᠰᠢᠭᠯᠠᠨ ᠠᠵᠢᠯ ᠣᠯᠭᠤᠯᠲᠠ ᠶᠢᠨ ᠦᠢᠯᠡᠴᠢᠯᠡᠭᠡ ᠳᠤ ᠰᠢᠨ᠎ᠡ ᠶᠢ ᠡᠭᠦᠳᠴᠦ ᠠᠵᠤ ᠠᠬᠤᠶᠢᠯᠠᠯ ᠪᠣᠯᠤᠨ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠰᠢᠨ᠎ᠡ ᠬᠥᠭᠦᠷᠭᠡ ᠶᠢ ᠢᠳᠡᠪᠬᠢᠲᠡᠶ ᠪᠠᠶᠢᠭᠤᠯᠵᠤ᠂ ᠦᠢᠯᠡᠳᠪᠦᠷᠢ ᠶᠢᠨ ᠲᠣᠭᠤᠷᠢᠭ ᠪᠠ ᠠᠵᠤ ᠠᠬᠤᠶᠢᠯᠠᠯ ᠳᠤ ᠣᠷᠣᠵᠤ ᠠᠵᠢᠯ ᠤᠨ ᠪᠠᠶᠢᠷᠢ ᠶᠢ ᠳᠠᠭᠠᠭᠤᠯᠬᠤ ᠠᠵᠢᠯᠯᠠᠭ᠎ᠠ ᠶᠢᠨ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠂ ᠰᠠᠷ᠎ᠠ ᠪᠦᠷᠢ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠪᠡᠶᠡᠯᠡᠭᠦᠯᠵᠤ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠭᠠᠷᠠᠭ ᠪᠣᠯᠭᠠᠨ ᠲᠠᠷᠬᠠᠭᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠵᠢᠴᠢ ᠠᠵᠢᠯ ᠤᠯᠬᠤ ᠳᠤ ᠬᠦᠴᠢᠷᠲᠡᠶ ᠬᠥᠮᠦᠰ ᠢ ᠰᠢᠩᠭᠡᠭᠡᠨ ᠠᠪᠬᠤ ᠴᠢᠬᠤᠯᠠ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠡᠭᠦᠨ ᠤ ᠬᠠᠮᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠭᠤᠣᠯᠳᠠᠯᠭ᠎ᠠ ᠲᠠᠢ ᠠᠵᠤ ᠠᠬᠤᠶᠢᠯᠠᠯ ᠢ ᠰᠣᠷᠪᠣᠯᠵᠢᠯᠠᠬᠤ ᠪᠠ ᠰᠢᠯᠢᠳᠡᠭ ᠴᠢᠳᠠᠪᠤᠷᠢᠲᠠᠨ ᠲᠠᠢ ᠵᠣᠯᠭᠠᠭᠤᠯᠬᠤ ᠶᠢ ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠳᠠᠭᠠᠵᠤ᠂ ᠨᠡᠩ ᠥᠨᠳᠥᠷ ᠪᠦᠲᠦᠮᠵᠢᠲᠡᠢ ᠠᠷᠭ᠎ᠠ ᠬᠡᠮᠵᠢᠶ᠎ᠡ ᠪᠠᠷ ︽ᠴᠢᠳᠠᠪᠤᠷᠢᠲᠠᠨ ᠢ ᠲᠠᠲᠠᠬᠤ ᠳᠤ ᠬᠦᠴᠢᠷ᠂ ᠴᠢᠳᠠᠪᠤᠷᠢᠲᠠᠨ ᠢ ᠦᠯᠡᠳᠡᠭᠡᠬᠦ ᠳᠤ ᠬᠦᠴᠢᠷ︾ ᠵᠡᠷᠭᠡ ᠠᠰᠠᠭᠤᠳᠠᠯ ᠢ ᠰᠢᠢᠳᠪᠦᠷᠢᠯᠡᠵᠦ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠠᠵᠢᠯᠯᠠᠭ᠎ᠠ ᠨᠢ ᠬᠥᠨᠳᠡᠯᠡᠨ ᠲᠣᠭᠤᠷᠢᠭ ᠤᠨ ᠴᠢᠳᠠᠪᠤᠷᠢᠲᠠᠨ ᠢ ᠡᠯᠰᠡᠬᠦ ᠠᠵᠢᠯ ᠳᠤ ᠬᠤᠪᠢ ᠨᠡᠮᠡᠷᠢ ᠦᠵᠡᠭᠦᠯᠪᠡ᠃ ︵ᠢᠷᠡᠯᠲᠡ᠄ ᠬᠥᠨᠳᠡᠯᠡᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号