ᠬᠥᠨᠳᠡᠯᠡᠨ ᠲᠣᠭᠤᠷᠢᠭ 2022 ᠣᠨ ᠤ ︽ᠱᠠᠯᠢᠭ ᠵᠦᠢᠯ ᠢ ᠱᠦᠭᠦᠷᠳᠡᠨ ᠬᠠᠤᠯᠢ ᠪᠤᠰᠤ ᠨᠣᠮ ᠬᠡᠪᠯᠡᠯ ᠢ ᠠᠷᠢᠯᠭᠠᠬᠤ︾ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/2
     ᠰᠠᠳᠣᠷ ᠰᠠᠮᠠᠭᠤᠨ ᠪᠠ ᠬᠤᠯᠢ ᠪᠣᠰᠣ ᠠᠵᠢᠯᠯᠠᠭ᠎ᠠ ᠳᠤ ᠬᠤᠯᠪᠣᠭᠳᠠᠭᠰᠠᠨ ᠬᠡᠪᠯᠡᠨ ᠲᠠᠷᠬᠠᠭᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ 3 ᠰᠠᠷ᠎ᠠ ᠶᠢᠨ 28 ᠤ ᠡᠳᠦᠷ᠂ ᠬᠥᠨᠳᠡᠯᠡᠨ ᠲᠣᠭᠤᠷᠢᠭ 2022 ᠣᠨ ᠤ ︽ᠱᠠᠯᠢᠭ ᠵᠦᠢᠯ ᠢ ᠱᠦᠭᠦᠷᠳᠡᠨ ᠬᠠᠤᠯᠢ ᠪᠤᠰᠤ ᠨᠣᠮ ᠬᠡᠪᠯᠡᠯ ᠢ ᠠᠷᠢᠯᠭᠠᠬᠤ︾ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠠᠨ ᠬᠤᠩ ᠴᠢᠶᠠᠩ ᠬᠤᠷᠠᠯ ᠳᠤ ᠣᠷᠣᠯᠴᠠᠪᠠ᠃
     ᠬᠤᠷᠠᠯ ᠠᠴᠠ ︽ᠬᠥᠨᠳᠡᠯᠡᠨ ᠲᠣᠭᠤᠷᠢᠭ ᠤᠨ ︿ᠱᠠᠯᠢᠭ ᠵᠦᠢᠯ ᠢ ᠱᠦᠭᠦᠷᠳᠡᠨ ᠬᠠᠤᠯᠢ ᠪᠤᠰᠤ ᠨᠣᠮ ᠬᠡᠪᠯᠡᠯ ᠢ ᠠᠷᠢᠯᠭᠠᠬᠤ﹀ ᠠᠵᠢᠯ ᠤᠨ ᠤᠳᠤᠷᠢᠳᠬᠤ ᠳᠤᠭᠤᠶᠢᠯᠠᠩ᠂ ᠪᠦᠷᠢᠯᠳᠦᠬᠦᠨ ᠨᠢᠭᠡᠴᠢ ᠵᠢᠴᠢ ᠠᠯᠪᠠᠨ ᠭᠡᠷ ᠤᠨ ᠪᠦᠷᠢᠯᠳᠦᠬᠦᠨ ᠳᠤ ᠲᠤᠬᠢᠷᠠᠭᠤᠯᠤᠯᠳᠠ ᠬᠢᠬᠦ ᠲᠤᠬᠠᠢ ᠮᠡᠳᠡᠭᠳᠡᠯ︾ ᠢ ᠳᠠᠷᠤᠮᠯᠠᠨ ᠲᠠᠷᠬᠠᠭᠠᠵᠤ᠂ ︽ᠬᠥᠨᠳᠡᠯᠡᠨ ᠲᠣᠭᠤᠷᠢᠭ ᠤᠨ 2022 ᠣᠨ ᠤ ︿ᠱᠠᠯᠢᠭ ᠵᠦᠢᠯ ᠢ ᠱᠦᠭᠦᠷᠳᠡᠨ ᠬᠠᠤᠯᠢ ᠪᠤᠰᠤ ᠨᠣᠮ ᠬᠡᠪᠯᠡᠯ ᠢ ᠠᠷᠢᠯᠭᠠᠬᠤ﹀ ᠠᠵᠢᠯ ᠤᠨ ᠭᠤᠣᠯᠳᠠᠯᠭ᠎ᠠ︾ ᠶᠢ ᠤᠯᠠᠮᠵᠢᠯᠠᠵᠤ᠂ 2021 ᠣᠨ ᠤ ᠠᠵᠢᠯ ᠢ ᠳ᠋ᠦᠩᠨᠡᠵᠦ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠲᠣᠭᠤᠷᠢᠭ ᠤᠨ ︽ᠱᠠᠯᠢᠭ ᠵᠦᠢᠯ ᠢ ᠱᠦᠭᠦᠷᠳᠡᠨ ᠬᠠᠤᠯᠢ ᠪᠤᠰᠤ ᠨᠣᠮ ᠬᠡᠪᠯᠡᠯ ᠢ ᠠᠷᠢᠯᠭᠠᠬᠤ︾ ᠠᠵᠢᠯ ᠨᠠᠮ ᠤᠨ ᠬᠤᠷᠢᠳᠤᠭᠠᠷ ᠶᠡᠭᠡ ᠬᠤᠷᠠᠯ ᠤᠨ ᠠᠵᠢᠯ ᠤᠨ ᠭᠤᠣᠯ ᠱᠤᠭᠤᠮ ᠶᠢᠨ ᠲᠣᠭᠤᠷᠢᠨ ᠳᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠣᠯᠤᠨ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠷ ᠲᠡᠮᠡᠴᠡᠯ ᠤᠨ ᠪᠠᠶᠢᠳᠠᠯ ᠢ ᠲᠣᠳᠣᠷᠬᠠᠢ ᠲᠠᠨᠢᠵᠤ᠂ ︽ᠱᠠᠯᠢᠭ ᠵᠦᠢᠯ ᠢ ᠱᠦᠭᠦᠷᠳᠡᠨ ᠬᠠᠤᠯᠢ ᠪᠤᠰᠤ ᠨᠣᠮ ᠬᠡᠪᠯᠡᠯ ᠢ ᠠᠷᠢᠯᠭᠠᠬᠤ︾ ᠳᠤ ᠲᠤᠯᠭᠠᠷᠠᠵᠤ ᠪᠠᠶᠢᠭ᠎ᠠ ᠬᠦᠨᠳᠦ  ᠡᠭᠦᠷᠭᠡ ᠶᠢ ᠰᠠᠶᠢᠲᠣᠷ ᠡᠵᠡᠮᠳᠡᠵᠦ᠂ ᠵᠣᠷᠢᠭᠲᠠᠢ ᠪᠠᠷ ᠲᠡᠮᠡᠴᠡᠠ ᠴᠣᠬᠢᠯᠲᠠ ᠦᠭᠴᠦ᠂ ᠰᠡᠷᠭᠡᠶᠢᠯᠡᠬᠦ ᠪᠠ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠤᠯᠤᠰ ᠲᠦᠷᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠪᠠᠲᠤ ᠰᠠᠬᠢᠨ᠎ᠠ᠃ ᠭᠤᠣᠯᠳᠠᠯᠭ᠎ᠠ ᠲᠠᠢ ᠴᠢᠭᠯᠡᠯ ᠪᠣᠯᠤᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠯᠵᠢᠶᠡᠨ ᠳᠡᠭᠡᠷ᠎ᠡ ᠴᠡᠪᠡᠷᠯᠡᠬᠦ ᠪᠠ ᠰᠦᠯᠵᠢᠶᠡᠨ ᠭᠠᠳᠠᠨ᠎ᠠ ᠴᠣᠬᠢᠯᠲᠠ ᠥᠭᠬᠦ᠂ ᠲᠤᠰᠬᠠᠢ ᠵᠠᠰᠠᠯᠲᠠ ᠪᠣᠯᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠱᠠᠯᠢᠭ ᠵᠦᠢᠯ ᠢ ᠱᠦᠭᠦᠷᠳᠡᠨ ᠬᠠᠤᠯᠢ ᠪᠤᠰᠤ ᠨᠣᠮ ᠬᠡᠪᠯᠡᠯ ᠢ ᠠᠷᠢᠯᠭᠠᠬᠤ ᠳᠤ ᠬᠤᠯᠪᠣᠭᠳᠠᠭᠰᠠᠨ ᠡᠯ᠎ᠡ ᠲᠦᠷᠦᠯ ᠤᠨ ᠬᠡᠪᠯᠡᠨ ᠲᠠᠷᠬᠠᠭᠠᠬᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠬᠦ ᠬᠡᠷᠡᠭᠲᠡᠢ᠃      ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠢ ᠰᠦᠯᠵᠢᠶᠡᠨ ᠤ ᠭᠤᠣᠯ ᠳᠠᠶᠢᠨ ᠤ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠠᠷᠭ᠎ᠠ ᠭᠡᠮᠵᠢᠶ᠎ᠡ ᠪᠠᠨ ᠴᠢᠩᠭᠠᠳᠬᠠᠵᠤ᠂ ᠰᠢᠰᠲ᠋ᠧᠮᠲᠦ ᠵᠠᠰᠠᠯᠲᠠ᠂ ᠬᠠᠤᠯᠢ ᠶᠣᠰᠣᠭᠠᠷ ᠵᠠᠰᠠᠯᠲᠠ ᠪᠠ ᠶᠡᠷᠦᠩᠬᠡᠶᠢᠯᠡᠨ ᠵᠠᠰᠠᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠤᠨ᠎ᠠ᠃ ᠨᠠᠢᠮᠠᠨ ᠵᠦᠢᠯ ᠤᠨ ᠲᠤᠰᠬᠠᠢ ᠴᠡᠭᠴᠡᠯᠡᠨ ᠵᠠᠰᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠠᠯᠬᠤᠮ ᠳᠠᠷᠠᠭ᠎ᠠ ᠲᠠᠢ ᠪᠠᠷ ᠦᠷᠨᠢᠭᠦᠯᠦᠨ ᠰᠦᠯᠵᠢᠶᠡᠨ ᠳᠡᠭᠡᠷᠡᠬᠢ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠴᠠᠭ ᠲᠤᠬᠠᠢ ᠳᠤᠨᠢ ᠴᠡᠪᠡᠷᠯᠡᠬᠦ ᠪᠠ ᠰᠦᠯᠵᠢᠶᠡᠨ ᠭᠠᠳᠠᠨᠠᠬᠢ ᠬᠠᠤᠯᠢ ᠪᠤᠰᠤ ᠠᠵᠢᠯᠯᠠᠭ᠎ᠠ ᠶᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠪᠠ ᠰᠦᠯᠵᠢᠶᠡᠨ ᠤ ᠣᠷᠣᠨ ᠵᠠᠢ ᠶᠢ ᠪᠦᠬᠦ ᠲᠠᠯ᠎ᠠ ᠪᠠᠷ ᠴᠡᠪᠡᠷᠰᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃      ᠬᠤᠷᠠᠯ ᠠᠴᠠ 2021 ᠣᠨ ᠤ ᠬᠥᠨᠳᠡᠯᠡᠨ ᠲᠣᠭᠤᠷᠢᠭ ᠤᠨ ︽ᠱᠠᠯᠢᠭ ᠵᠦᠢᠯ ᠢ ᠱᠦᠭᠦᠷᠳᠡᠨ ᠬᠠᠤᠯᠢ ᠪᠤᠰᠤ ᠨᠣᠮ ᠬᠡᠪᠯᠡᠯ ᠢ ᠠᠷᠢᠯᠭᠠᠬᠤ︾ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ ︵ᠢᠷᠡᠯᠲᠡ᠄ ᠲᠣᠭᠤᠷᠢᠭ ᠤᠨ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号