2022 ᠣᠨ ᠤ ᠲᠦᠷᠦᠬᠦᠦ ᠤᠯᠠᠷᠢᠯ ᠳᠤ ᠬᠥᠨᠳᠡᠯᠡᠨ ᠲᠣᠭᠤᠷᠢᠭ ᠤᠨ ᠠᠵᠤ ᠠᠬᠤᠢ ᠶᠢᠨ ᠡᠷᠬᠢᠯᠳᠡ ᠲᠣᠭᠲᠠᠭᠤᠨ ᠡᠬᠢᠯᠡᠯᠳᠡ ᠶᠢ ᠪᠡᠶᠡᠯᠡᠬᠦᠯᠪᠡ
ᠨᠡᠶᠢᠲᠡᠯᠡᠭᠰᠡᠨ ᠴᠠᠭ᠄
2022/4/24
     2022 ᠣᠨ ᠤ ᠲᠦᠷᠦᠭᠦᠦ ᠤᠯᠠᠷᠢᠯ ᠳᠤ᠂ ᠲᠤᠭᠤᠷᠢᠭ ᠤᠨ ᠨᠠᠮ ᠤᠨ ᠬᠤᠷᠢᠶ᠎ᠡ᠂  ᠲᠤᠭᠤᠷᠢᠭ ᠤᠨ ᠵᠠᠰᠠᠭ ᠤᠨ ᠣᠷᠳᠣᠨ ᠠᠴᠠ ᠨᠠᠮ ᠤᠨ ᠲᠥᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠶᠢ ᠪᠠᠷᠢᠮᠲᠠᠯᠠᠵᠤ᠂ ᠮᠠᠨ ᠤ ᠲᠤᠭᠤᠷᠢᠭ ᠤᠨ ᠠᠵᠤ ᠠᠬᠤᠢ ᠦᠷᠭᠦᠯᠵᠢᠯᠡᠨ ᠬᠥᠭᠵᠢᠯᠲᠡ ᠶᠢᠨ ᠪᠠᠶᠢᠳᠠᠯ ᠢᠶᠠᠨ ᠰᠡᠷᠭᠦᠭᠡᠵᠦ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃     ᠪᠦᠷᠢᠳᠬᠡᠯ ᠢ ᠦᠨᠳᠦᠰᠦᠯᠡᠪᠡᠯ᠂ ᠲᠦᠷᠦᠬᠦᠦ ᠤᠯᠠᠷᠢᠯ ᠳᠤ᠂ ᠬᠥᠨᠳᠡᠯᠡᠨ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 276.67 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ ᠶᠡᠷᠦᠩᠬᠡᠢ ᠬᠡᠮᠵᠢᠶᠡᠨ ᠤ 31.8% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠵᠦ᠂ ᠬᠤᠷᠳᠤᠴᠠ ᠪᠦᠬᠦ ᠬᠤᠳᠠ ᠶᠢᠨ ᠬᠢ ᠲᠠᠢ ᠠᠳᠠᠯᠢ ᠪᠠᠶᠢᠵᠤ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠳᠤ ᠲᠦᠷᠦᠬᠦᠯᠡᠪᠡ᠃ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠢᠯᠡᠰ 0.32 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 21.6%  ᠪᠠᠷ ᠨᠡᠮᠡᠭᠳᠡᠪᠡ᠂ ᠬᠤᠶᠠᠳᠤᠭᠠᠷ ᠠᠵᠤ ᠦᠢᠯᠡᠰ 131.32 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 17.7% ᠪᠠᠷ ᠨᠡᠮᠡᠭᠳᠡᠪᠡ  ᠂ ᠭᠤᠷᠪᠠᠳᠤᠭᠠᠷ ᠠᠵᠤ ᠦᠢᠯᠡᠰ 145.03 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.1% ᠨᠡᠮᠡᠭᠳᠡᠵᠤ᠂ ᠨᠢᠬᠡ ᠬᠤᠶᠠᠷ ᠭᠤᠷᠪᠠᠳᠤᠭᠠᠷ ᠠᠵᠤ ᠦᠢᠯᠡᠰ ᠤᠨ ᠪᠦᠲᠦᠴᠡ ᠶᠢᠨ ᠬᠠᠷᠢᠴᠠᠯ 0.12᠄ 47.46᠄ 52.42 ᠪᠣᠯᠪᠠ᠃       ᠲᠦᠷᠦᠬᠦᠦ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.6% ᠪᠠᠷ ᠨᠡᠮᠡᠭᠳᠡᠵᠦ᠂ ᠪᠥᠬᠦ ᠬᠤᠲᠠ ᠶᠢᠨ ᠬᠢ ᠠᠴᠠ 4.4 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠪᠦᠬᠦ ᠬᠤᠲᠠ ᠳᠤ ᠲᠦᠷᠦᠬᠦᠯᠡᠵᠤ᠂ ᠠᠳᠠᠯᠢ ᠬᠤᠭᠤᠴᠠᠭᠠᠨ ᠤ ᠬᠢ ᠠᠴᠠ 42.1% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 77.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ 0.6 ᠵᠠᠭᠤᠨ ᠤ ᠬᠤᠪᠢ ᠶᠢᠨ ᠴᠡᠭ ᠥᠨᠳᠥᠷ ᠪᠠᠶᠢᠵᠤ᠂ ᠶᠡᠷᠦᠩᠬᠡᠢ ᠬᠡᠮᠵᠢᠶ᠎ᠡ ᠪᠠᠷ ᠪᠦᠬᠦ ᠬᠤᠲᠠ ᠳᠤ ᠲᠦᠷᠦᠬᠦᠯᠡᠵᠤ᠂ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ 2 ᠳ᠋ᠤᠭᠠᠷ ᠲᠤ ᠣᠷᠣᠪᠠ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15863 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠵᠦ᠂ ᠬᠠᠷᠢᠴᠠᠯᠠᠰᠢᠭᠦᠶ ᠬᠡᠮᠵᠢᠶ᠎ᠡ  ᠪᠠᠷ ᠪᠥᠬᠦ ᠬᠤᠲᠠ ᠳᠤ  ᠲᠦᠷᠦᠬᠦᠯᠡᠵᠤ᠂ ᠪᠥᠬᠦ ᠬᠤᠲᠠ ᠶᠢᠨ ᠲᠡᠭᠰᠢᠳᠭᠡᠭᠰᠡᠨ ᠳᠤᠮᠳᠠᠴᠢ ᠲᠦᠪᠰᠢᠨ ᠠᠴᠠ 1033 ᠲᠥᠭᠦᠷᠢᠭ ᠥᠨᠳᠥᠷ ᠪᠣᠯᠵᠠᠶ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 7.08 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.7 % ᠪᠠᠷ ᠨᠡᠮᠡᠭᠳᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号