2022 ᠣᠨ ᠤ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/4/3
      — 2022 ᠣᠨ ᠤ 1 ᠰᠠᠷ᠎ᠠ ᠶᠢᠨ 8 ᠤ ᠡᠳᠦᠷ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ                  ᠲᠣᠭᠤᠷᠢᠭ ᠤᠨ ᠳᠠᠷᠤᠭ᠎ᠠ    ᠲᠢᠶᠠᠨ ᠬᠤᠩ ᠴᠧᠩ ᠲᠥᠯᠥᠭᠡᠯᠡᠭᠴᠢᠳ ᠡ᠄      ᠣᠳᠣ ᠪᠢ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ     ᠲᠤᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠂ ᠪᠦᠯᠬᠦᠮᠳᠡᠨ ᠲᠡᠮᠡᠴᠡᠵᠤ᠂ ᠡᠷᠡᠮᠡᠬᠡᠶᠢᠯᠡᠨ ᠤᠷᠤᠭᠰᠢᠯᠠᠵᠤ᠂ ᠪᠥᠬᠦ ᠲᠤᠭᠤᠷᠢᠭ ᠤᠨ ᠡᠯ᠎ᠡ ᠵᠦᠶᠯ ᠤᠨ ᠠᠵᠢᠯ ᠦᠶᠯᠡᠰ ᠤᠨ ᠰᠢᠨ᠎ᠡ ᠳᠠᠪᠰᠢᠯᠲᠠ ᠲᠠᠢ ᠪᠣᠯᠬᠤ ᠶᠢ ᠠᠬᠢᠭᠤᠯᠤᠨ᠂  ︽ᠠᠷᠪᠠᠨ ᠭᠤᠷᠪᠠᠳᠤᠭᠠᠷ ᠲᠠᠪᠤᠨ ᠵᠢᠯ︾  ᠤᠨ ᠲᠥᠯᠥᠪᠵᠢᠭᠦᠯᠭᠡ ᠲᠡᠭᠦᠰ ᠠᠮᠵᠢᠯᠲᠠ ᠲᠠᠢ ᠰᠡᠬᠦᠯ ᠬᠤᠷᠢᠶᠠᠵᠤ᠂ ᠪᠦᠬᠦ ᠤᠯᠤᠰ᠂ ᠪᠦᠬᠦ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠯᠤᠭ᠎ᠠ ᠬᠠᠮᠲᠤ ᠪᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠢᠯᠠᠯᠲᠠ ᠲᠠᠢ ᠪᠠᠷ ᠪᠡᠶᠡᠯᠡᠭᠦᠯᠪᠡ᠃     — ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠦᠷᠭᠦᠯᠵᠢᠯᠡᠨ ᠴᠢᠩᠭᠠᠷᠠᠪᠠ᠃ 2018 — 2021 ᠣᠨ ᠳᠤ᠂ ᠵᠢᠱᠢᠯᠲᠡ ᠪᠠᠷ ᠭᠠᠵᠠᠷ ᠤᠷᠤᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠳᠤᠮᠳᠠᠴᠢ ᠪᠠᠷ 6.1% ᠣᠷᠴᠢᠮ ᠨᠡᠮᠡᠭᠳᠡᠵᠦ᠂ ᠶᠡᠷᠦᠩᠬᠡᠶ ᠬᠡᠮᠵᠢᠶ᠎ᠡ ᠪᠠᠷ ᠥᠪᠡᠷᠲᠡᠭᠡᠨ ᠵᠠᠰᠠᠬᠤ ᠤᠷᠤᠨ ᠤ 103 ᠬᠤᠰᠢᠭᠤ ᠰᠢᠶᠠᠨ ᠲᠣᠭᠤᠷᠢᠭ ᠲᠤ  ᠲᠡᠷᠢᠬᠦᠯᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠯ ᠳᠤᠮᠳᠠᠴᠢ ᠪᠠᠷ 11.5% ᠣᠷᠴᠢᠮ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠵᠢᠯ ᠳᠤᠮᠳᠠᠴᠢ ᠪᠠᠷ 12.8% ᠣᠷᠴᠢᠮ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠶ ᠬᠡᠮᠵᠢᠶ᠎ᠡ ᠵᠢᠯ ᠳᠤᠮᠳᠠᠴᠢ ᠪᠠᠷ 3.4% ᠣᠷᠴᠢᠮ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠳᠤᠮᠳᠠᠴᠢ ᠪᠠᠷ 11.42% ᠢᠶᠠᠷ ᠨᠡᠮᠡᠭᠳᠡᠵᠦ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠲᠤᠮᠳᠠᠴᠢ ᠶᠢᠨ ᠲᠡᠭᠰᠢᠳᠭᠡᠭᠰᠡᠨ ᠡᠵᠡᠮᠳᠡᠵᠦ ᠪᠣᠯᠬᠤ ᠣᠷᠣᠯᠭ᠎ᠠ 50662 ᠲᠥᠭᠦᠷᠢᠭ ᠪᠠᠶᠢᠬᠰᠠᠨ ᠠᠴᠠ ᠪᠠᠨ 58700 ᠲᠥᠭᠦᠷᠢᠭ ᠣᠷᠴᠢᠮ ᠪᠤᠯᠵᠤ ᠳᠡᠭᠡᠭᠰᠢᠯᠡᠪᠡ᠃ ᠲᠥᠪ ᠤᠨ ᠪᠠ ᠥᠪᠡᠷᠲᠡᠭᠡᠨ ᠵᠠᠰᠠᠬᠤ ᠤᠷᠤᠨ ᠤ ᠲᠥᠰᠦᠪ ᠤᠨ ᠳᠣᠲᠣᠷᠠᠬᠢ ᠪᠡᠯᠡ ᠮᠥᠩᠭᠦ ᠶᠢ 71.72 ᠳ᠋ᠦᠩᠰᠢᠭᠤᠷ ᠲᠥᠭᠦᠷᠢᠭ ᠭᠤᠶᠤᠴᠢᠯᠠᠵᠤ ᠣᠯᠪᠠ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠶᠡᠷᠦᠩᠬᠡᠢ ᠬᠡᠮᠵᠢᠶ᠎ᠡ ᠪᠦᠬᠦ ᠬᠤᠲᠠ ᠳᠤ ᠲᠡᠷᠢᠭᠦᠯᠡᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠥᠪᠡᠷᠲᠡᠭᠡᠨ ᠵᠠᠰᠠᠬᠤ ᠤᠷᠤᠨ ᠤ ᠡᠮᠦᠨ᠎ᠡ ᠡᠩᠨᠡᠭᠡᠨ ᠳᠤ  ᠯᠠᠪᠳᠠᠭᠤᠨ ᠵᠤᠬᠰᠤᠪᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ 228 ᠭᠤᠣᠯᠳᠠᠯᠭ᠎ᠠ ᠲᠠᠢ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠳᠥᠷᠪᠡᠨ ᠲᠦᠷᠦᠯ ᠤᠨ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ︾ ᠢ 177 ᠪᠤᠶᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ 3.7 ᠲᠦᠮᠡ ᠭᠠᠷᠤᠢ ᠡᠷᠦᠬᠡ ᠰᠢᠨ᠎ᠡ ᠪᠠᠷ ᠨᠡᠮᠡᠭᠳᠡᠵᠦ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠶᠢ ᠨᠡᠮᠡᠷᠢᠯᠡᠪᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠲᠦᠷᠭᠡᠨ ᠬᠥᠭᠵᠢᠵᠦ᠂ ᠳᠠᠩᠰᠠᠯᠠᠭᠤᠯᠤᠭᠰᠠᠨ ᠨᠢᠬᠡᠴᠢ ᠶᠢᠨ ᠶᠡᠷᠦᠩᠬᠡᠶ ᠬᠡᠮᠵᠢᠶ᠎ᠡ 7 ᠲᠦᠮᠡᠨ ᠡᠷᠦᠬᠡ ᠳᠤ ᠬᠦᠷᠴᠦ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠵᠡᠯᠡᠬᠦ ᠬᠤᠪᠢ ᠶᠢᠨ ᠵᠢᠩ 60% ᠣᠷᠴᠢᠮ ᠳᠤ ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠣᠯᠤᠨ ᠭᠠᠶᠢᠯᠢ ᠶᠢᠨ ᠤᠷᠤᠯᠭ᠎ᠠ ᠶᠢᠨ ᠶᠡᠷᠦᠩᠬᠡᠶ ᠬᠡᠮᠵᠢᠶᠡᠨ ᠳᠠᠬᠢ ᠡᠵᠡᠯᠡᠬᠦ ᠬᠤᠪᠢ ᠶᠢᠨ ᠵᠢᠩ ᠲᠤᠰ ᠲᠤᠰ 67%᠂ 75% ᠣᠷᠴᠢᠮ ᠳᠤ ᠬᠦᠷᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠢᠯᠡᠳᠲᠡ ᠦᠷ᠎ᠡ ᠪᠦᠲᠦᠮᠵᠢ ᠣᠯᠵᠤ᠂  ︽ᠠᠵᠤ  ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠳᠤᠷᠠᠯᠴᠠᠭ᠎ᠠ︾   ᠶᠢᠨ ᠲᠦᠷᠦᠯ ᠵᠦᠢᠯ ᠢ ᠨᠡᠶᠢᠲᠡ 39 ᠬᠡᠷᠡᠭᠵᠢᠭᠦᠯᠵᠦ᠂ ᠡᠯ᠎ᠡ ᠲᠥᠷᠥᠯ ᠤᠨ ᠰᠤᠳᠤᠯᠤᠨ ᠨᠡᠭᠡᠭᠡᠬᠦ ᠲᠠᠪᠴᠠᠩ 5᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 23 ᠶᠢ ᠰᠢᠨ᠎ᠡ ᠪᠠᠷ ᠨᠡᠮᠡᠭᠳᠡᠬᠦᠯᠵᠤ᠂ ᠤᠯᠤᠰ᠂ ᠥᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠱᠠᠩᠨᠠᠯ ᠢ ᠨᠡᠶᠢᠲᠡ 38 ᠭᠥᠷᠳᠡᠵᠦ᠂ ᠲᠤᠰᠬᠠᠶ ᠠᠰᠢᠭ ᠤᠨ ᠡᠷᠬᠡ ᠶᠢ ᠭᠤᠶᠤᠴᠢᠯᠠᠭᠰᠠᠨ ᠬᠡᠮᠵᠢᠶ᠎ᠡ 3242 ᠳᠤ ᠬᠦᠷᠴᠦ᠂ ᠰᠢᠨ᠎ᠡ ᠪᠠᠷ ᠨᠡᠮᠡᠭᠳᠡᠭᠰᠡᠨ ᠡᠷᠭᠡ ᠤᠯᠭᠤᠬᠰᠠᠨ ᠲᠤᠰᠬᠠᠢ ᠠᠰᠢᠭ 3550 ᠪᠤᠯᠵᠠᠢ  ᠂ ︽ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠢᠨᠵᠧᠨᠧᠷᠢᠩ ᠤᠨ ᠲᠤᠷᠰᠢᠯᠲᠠ ᠶᠢᠨ ᠴᠡᠭ ᠤᠨ ᠲᠤᠭᠤᠷᠢᠭ︾ ᠢᠶᠠᠷ ᠦᠨᠡᠯᠡᠭᠳᠡᠵᠦ᠂ ᠨᠢᠭᠡ ᠪᠦᠯᠦᠭ ᠴᠢᠨᠠᠷ ᠰᠠᠶᠢᠲᠠᠶ ᠬᠥᠭᠵᠢᠯᠲᠡ ᠶᠢᠨ ᠠᠰᠢᠭᠲᠠᠶ ᠬᠦᠴᠦᠨ ᠵᠦᠶᠯ ᠭᠦᠶᠴᠡᠳ ᠲᠥᠪᠯᠡᠷᠡᠪᠡ᠃ ᠭᠤᠤᠯ ᠬᠤᠲᠠ ᠶᠢᠨ ᠲᠣᠭᠤᠷᠢᠭ ᠤᠨ ᠤᠷᠢᠳ ᠢᠶᠠᠷ ᠵᠢᠱᠢᠶ᠎ᠡ ᠦᠵᠡᠭᠦᠯᠬᠦ ᠦᠶᠯᠡᠳᠦᠯ ᠢ ᠪᠦᠬᠦ ᠲᠠᠯ᠎ᠠ ᠪᠠᠷ ᠢᠯᠡᠷᠡᠭᠦᠯᠪᠡ᠃    — ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠦᠷᠭᠦᠯᠵᠢᠯᠡᠨ ᠠᠬᠢᠭᠤᠯᠣᠨ᠎ᠠ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠠᠵᠢᠯ ᠪᠦᠬᠦ ᠲᠠᠯ᠎ᠠ ᠶᠢᠨ ᠢᠯᠠᠯᠲᠠ ᠣᠯᠵᠤ᠂ ᠮᠠᠯᠴᠢᠨ ᠲᠠᠷᠢᠶᠠᠴᠢᠨ ᠤ ︽ᠬᠤᠶᠠᠷ ᠲᠤ ᠵᠣᠪᠠᠭ᠋ᠤ ᠦᠭᠡᠢ ᠭᠤᠷᠪᠠ ᠪᠠᠳᠤᠯᠠᠭ᠎ᠠ ᠲᠠᠢ︾᠂ ᠤᠤᠭᠤᠬᠤ ᠤᠰᠤᠨ ᠤ ᠠᠮᠤᠷ ᠲᠦᠪᠰᠢᠨ ᠪᠦᠬᠦᠨ ᠢᠶᠠᠷ ᠢᠶᠠᠨ ᠪᠠᠷᠢᠮᠵᠢᠶ᠎ᠠ ᠳᠤ  ᠬᠦᠷᠴᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠵᠤ ᠳᠡᠭᠡᠭᠰᠢᠯᠡᠪᠡ᠃ ᠬᠥᠬᠡ ᠣᠭᠲᠠᠷᠭᠤᠶ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠯᠠᠯᠳᠤᠭᠠᠨ ᠢ ᠰᠠᠶᠢᠳᠤᠷ ᠬᠢᠵᠤ᠂ ᠠᠵᠤ ᠦᠶᠯᠡᠳᠪᠦᠷᠢ ᠶᠢᠨ ᠭᠦᠨᠵᠡᠭᠡᠶ ᠵᠠᠰᠠᠯᠲᠠ ᠶᠢᠨ ᠢᠨᠵᠧᠨᠧᠷᠢᠩ ᠢ ᠨᠡᠶᠢᠲᠡ 28  ᠂ ᠤᠰᠤᠨ ᠤ ᠪᠣᠬᠢᠷᠲᠤᠯ ᠢ ᠵᠠᠰᠠᠬᠤ ᠢᠨᠵᠧᠨᠧᠷᠢᠩ 6᠂ ᠬᠥᠷᠥᠰᠥ ᠰᠢᠷᠣᠶ ᠵᠢᠴᠢ ᠬᠠᠲᠠᠭᠤ ᠪᠡᠶᠡᠲᠦ ᠬᠠᠶᠠᠭᠳᠠᠮᠠᠯ ᠢ ᠵᠠᠰᠠᠬᠤ ᠢᠨᠵᠧᠨᠧᠷᠢᠩ 10 ᠶᠢ ᠬᠡᠷᠡᠭᠵᠢᠬᠦᠯᠦᠨ᠂ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠬᠤᠪᠢᠷᠠᠭᠤᠯᠬᠤ︾᠂ ︽ᠨᠡᠭᠦᠷᠡᠰᠦ ᠶᠢ ᠴᠠᠬᠢᠯᠭᠠᠨ ᠪᠣᠯᠭᠠᠨ ᠬᠤᠪᠢᠷᠠᠭᠤᠯᠬᠤ︾ ᠵᠡᠷᠭᠡ ᠶᠢ ᠬᠡᠷᠡᠭᠵᠢᠬᠦᠯᠵᠤ 4.34 ᠲᠦᠮᠡᠨ ᠡᠷᠦᠬᠡ ᠳᠤ ᠴᠡᠪᠡᠷ ᠡᠨᠧᠷᠭᠢ ᠪᠠᠷ ᠣᠷᠣᠯᠠᠭᠤᠯᠬᠤ ᠶᠢ ᠪᠡᠶᠡᠯᠡᠭᠦᠯᠪᠡ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠭᠠᠳᠠᠭᠰᠢᠯᠠᠭᠤᠯᠬᠤ ᠬᠤᠭᠤᠯᠠᠢ ᠶᠢᠨ ᠱᠤᠭᠤᠮ ᠢ 12.3 ᠺᠢᠯᠦᠮᠧᠲᠷ᠂ ᠵᠠᠪᠰᠠᠷ ᠤᠨ ᠤᠰᠤ ᠶᠢ ᠪᠤᠴᠠᠭᠠᠨ ᠬᠡᠷᠡᠭᠯᠡᠬᠦ ᠬᠤᠭᠤᠯᠠᠶ ᠶᠢ 14.5 ᠺᠢᠯᠣᠮᠧᠲᠷ ᠪᠠᠶᠢᠭᠤᠯᠵᠤ᠂ ᠠᠭᠠᠷ ᠮᠠᠨᠳᠠᠯ ᠤᠨ ᠲᠣᠭᠤᠰᠣ᠂ ᠬᠤᠸᠠᠷ ᠫᠤᠤᠵᠢᠩ᠂ ᠢᠳᠡᠭᠡᠨ ᠤᠮᠳᠠᠭᠠᠨ ᠤ ᠲᠣᠰᠣᠨ ᠠᠭᠤᠷ᠂ ᠭᠠᠳᠠᠨ᠎ᠠ ᠵᠠᠳᠠᠭᠠᠶ ᠰᠢᠲᠠᠭᠠᠬᠤ ᠵᠡᠷᠭᠡ ᠣᠯᠠᠨ ᠡᠬᠢᠲᠦ ᠪᠣᠬᠢᠷᠲᠤᠯ ᠢ ᠪᠦᠲᠦᠮᠵᠢᠲᠡᠶ ᠬᠤᠷᠢᠭᠯᠠᠪᠠ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠤᠭᠰᠠᠨ ᠦᠢᠯᠡ ᠠᠵᠢᠯᠯᠠᠭ᠎ᠠ᠂ ᠲᠣᠰᠣ ᠨᠡᠮᠡᠬᠦ ᠥᠷᠲᠡᠭᠡ ᠶᠢᠨ ᠭᠠᠵᠠᠷ ᠳᠤᠤᠷᠠᠬᠢ ᠲᠣᠰᠣᠨ ᠤ ᠰᠠᠪᠠ ᠶᠢᠨ ᠭᠤᠭᠤᠵᠢᠵᠤ ᠨᠡᠪᠴᠢᠬᠦ ᠶᠢ ᠪᠥᠬᠦ ᠲᠠᠯ᠎ᠠ ᠪᠠᠷ ᠴᠡᠭᠴᠡᠯᠡᠨ ᠵᠠᠰᠠᠪᠠ᠂ ᠪᠣᠬᠢᠷᠲᠤᠯ ᠤᠨ ᠡᠬᠢ ᠶᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠲᠥᠪ ᠪᠠ ᠬᠦᠷᠢᠶᠡᠯᠡᠩ ᠲᠣᠭᠤᠷᠢᠭ ᠤᠨ ᠠᠭᠠᠷ ᠤᠨ ᠶᠠᠰᠦ ᠴᠢᠨᠡᠷ ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ ᠤᠷᠲᠤ ᠬᠤᠭᠤᠴᠠᠭ᠎ᠠ ᠪᠦᠳᠦᠮᠵᠢᠳᠡᠢ ᠠᠵᠢᠯᠯᠠᠵᠤ᠂ ᠭᠠᠵᠠᠷ ᠤᠷᠤᠨ ᠤ ᠠᠭᠠᠷ ᠤᠨ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠪᠠ᠂ ᠭᠠᠵᠠᠷ ᠳᠡᠭᠡᠷᠡᠬᠢ ᠤᠰᠤ᠂ ᠬᠤᠲᠠ ᠶᠢᠨ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤ ᠶᠢ ᠪᠦᠬᠦᠨ ᠢ ᠪᠠᠷᠢᠮᠵᠢᠶ᠎ᠠ ᠳᠤ ᠬᠦᠷᠬᠡᠵᠤ᠂ ᠪᠣᠬᠢᠷᠲᠤᠭᠰᠠᠨ ᠭᠠᠵᠠᠷ ᠢ ᠠᠶᠤᠯᠭᠦᠢ  ᠪᠤᠯᠭᠠᠨ ᠠᠰᠢᠭᠯᠠᠬᠤ ᠨᠤᠷᠮ᠎ᠠ 90% ᠳᠤ ᠬᠦᠷᠴᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠱᠠᠳᠤᠴᠢ ᠴᠢᠨᠠᠷᠲᠠᠢ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠮᠥᠩᠭᠦᠨ ᠭᠦᠶᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂  ᠶᠡᠬᠡᠪᠡᠷ ᠥᠷᠢ ᠥᠭᠴᠡᠭᠡ ᠭᠠᠷᠭᠠᠵᠤ ᠪᠠᠶᠢᠭᠠᠳ ᠨᠡᠮᠡᠭᠳᠡᠯ ᠢ ᠪᠠᠲᠤᠯᠠᠬᠤ ᠠᠷᠭ᠎ᠠ ᠬᠢᠳᠡᠯ ᠢ ᠡᠷᠡᠰ ᠵᠠᠯᠠᠷᠠᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 37.6 ᠳ᠋ᠦᠩᠰᠢᠭᠤᠷ ᠲᠥᠭᠦᠷᠢᠭ ᠰᠢᠶᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠪᠠᠭ᠎ᠠ ᠠᠵᠤ ᠠᠬᠤᠶᠢᠯᠠᠯ ᠳᠤ ᠥᠷᠢᠲᠦᠵᠦ ᠪᠠᠶᠢᠭ᠎ᠠ   ᠮᠠᠷᠭᠤᠭᠠᠨ ᠥᠬᠡᠶ ᠪᠤᠯᠤᠬᠰᠠᠨ ᠲᠠᠩᠰᠠᠨ ᠵᠣᠭᠤᠰ ᠢ ᠪᠦᠬᠦᠨ ᠢ ᠳᠥᠯᠥᠵᠦ ᠳᠠᠭᠤᠰᠬᠠᠵᠤ᠂ ᠴᠢᠨᠠᠷ ᠰᠠᠶᠢᠲᠠᠶ ᠬᠥᠭᠵᠢᠯᠲᠡ ᠶᠢᠨ ᠬᠡᠮ ᠰᠣᠭᠤᠭ ᠢ ᠠᠷᠢᠯᠭᠠᠵᠤ᠂ ᠰᠠᠭᠤᠷᠢ ᠶᠢ ᠪᠠᠬᠢᠵᠢᠭᠦᠯᠪᠡ᠃     — ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠪᠦᠲᠦᠴᠡ ᠶᠢ ᠲᠣᠬᠢᠷᠠᠭᠤᠯᠵᠤ ᠠᠪᠴᠢᠷᠠᠬᠤ᠂ ᠬᠥᠳᠡᠯᠭᠡᠬᠦ ᠡᠨᠧᠷᠭᠢ ᠶᠢ ᠬᠤᠪᠢᠷᠠᠭᠤᠯᠵᠤ ᠠᠪᠴᠢᠷᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠬᠤᠷᠳᠣᠴᠠ ᠶᠢ ᠲᠦᠷᠭᠡᠳᠬᠡᠵᠦ᠂ ᠭᠤᠷᠪᠠᠨ ᠠᠵᠤ ᠦᠶᠯᠡᠰ ᠤᠨ ᠪᠦᠲᠦᠴᠡ ᠶᠢᠨ ᠬᠠᠷᠢᠴᠠᠯ ᠢ 0.3᠄ 44.7᠄ 55 ᠪᠣᠯᠭᠠᠨ ᠲᠣᠬᠢᠷᠠᠭᠤᠯᠪᠠ᠃ ᠲᠠᠷᠢᠶᠠᠯᠠᠩ ᠮᠠᠯ ᠠᠵᠤ ᠠᠬᠤᠶ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠲᠣᠭᠲᠠᠭᠤᠨ ᠢᠶᠠᠷ ᠠᠬᠢᠭᠤᠯᠵᠤ᠂ ᠬᠤᠤ ᠰᠢᠶᠠᠨ ᠶᠠᠩ᠂ ᠮᠧᠩ ᠶᠤᠸᠠᠨ ᠠᠯᠠᠰᠢᠨ ᠬᠤᠨᠢ ᠵᠡᠷᠭᠡ ᠲᠠᠭᠠᠭᠤᠯᠤᠬᠴᠢ ᠠᠵᠤ ᠠᠬᠤᠶᠢᠯᠠᠯ ᠬᠤᠶᠢᠨ᠎ᠡ ᠬᠤᠶᠢᠨ᠎ᠠ ᠠᠴᠠ ᠪᠠᠨ ᠢᠷᠠᠵᠤ ᠨᠤᠳᠤᠬᠰᠢᠵᠤ᠂ ᠬᠡᠪᠴᠢᠶᠡᠵᠢᠭᠰᠡᠨ᠂ ᠡᠷᠴᠢᠮᠵᠢᠭᠰᠡᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠴᠢᠨᠠᠷ ᠰᠠᠶᠢᠲᠠᠶ ᠪᠣᠯᠣᠳ ᠤᠨ ᠡᠵᠡᠯᠡᠬᠦ ᠬᠠᠷᠢᠴᠠᠯ ᠢ 80% ᠠᠴᠠ ᠳᠡᠭᠡᠭᠰᠢ ᠪᠤᠯᠭᠠᠵᠤ᠂  ᠴᠧᠩ ᠭᠠᠩ ᠤᠨ ᠨᠡᠶᠢᠯᠡᠮᠡᠯ ᠤᠷᠢᠶᠠᠮᠠᠭ ᠭᠠᠩᠨᠠᠭᠤᠷ ᠬᠤᠭᠤᠯᠠᠶ᠂ Φ100mm   ᠤᠨ ᠬᠠᠯᠠᠭᠤᠨ ᠢᠶᠠᠷ ᠬᠡᠪᠰᠢᠭᠦᠯᠬᠦ ᠵᠠᠭᠠᠳᠠᠰᠤ ᠥᠬᠡᠶ ᠬᠤᠭᠤᠯᠠᠶ ᠵᠡᠷᠭᠡ ᠨᠢᠭᠡ ᠪᠦᠯᠦᠭ ᠪᠣᠯᠣᠳ ᠲᠡᠮᠦᠷ ᠢ ᠨᠠᠷᠢᠯᠢᠭ ᠡᠳ᠋ᠰᠢᠭᠦᠯᠬᠦ ᠲᠥᠷᠥᠯ ᠵᠦᠶᠯ ᠢ ᠬᠡᠷᠡᠭᠵᠢᠭᠦᠯᠵᠦ᠂ ᠲᠦᠩ ᠸᠧᠶ ᠶᠢᠨ ᠴᠤᠯ ᠴᠡᠪᠡᠷ ᠲᠠᠯᠠᠰᠲᠤ ᠴᠠᠬᠢᠭᠤᠷ᠂ ᠮᠧᠶ ᠺᠧ  ᠶᠢᠨ ᠲᠠᠩ ᠲᠠᠯᠠᠰᠲᠤ ᠤᠳᠠᠰᠤ ᠲᠠᠳᠠᠬᠤ ᠮᠤᠨᠠ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠶᠯ ᠢ ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠬᠰᠠᠨ ᠠᠵᠤ ᠦᠶᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠶᠡᠷᠦᠩᠬᠡᠶ ᠦᠶᠯᠡᠳᠬᠦᠨ ᠤ ᠥᠷᠲᠡᠭ ᠲᠠᠬᠢ ᠡᠵᠡᠯᠡᠬᠦ ᠬᠤᠪᠢ ᠶᠢᠨ ᠵᠢᠩ ᠢ 14.3% ᠳᠤ ᠬᠦᠷᠬᠡᠵᠤ᠂ ᠲᠡᠮᠦᠷᠯᠢᠭ ᠢ ᠨᠠᠷᠢᠯᠢᠭ ᠡᠳ᠋ᠰᠢᠭᠦᠯᠤᠨ ᠪᠣᠯᠪᠠᠰᠣᠷᠠᠭᠤᠯᠬᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠤᠷᠤᠨ ᠤ ︽ᠪᠣᠬᠢᠷᠲᠤᠯ ᠥᠬᠡᠶ ᠦᠶᠯᠡᠳᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ︾ ᠤᠨ ᠢᠷᠠᠭᠤ ᠠᠯᠳᠠᠷ ᠢ ᠭᠥᠷᠳᠡᠪᠡ᠃ ᠦᠶᠯᠡᠴᠢᠯᠡᠭᠡᠨ ᠤ ᠦᠶᠯᠡᠰ ᠤᠨ  ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠡᠤ ᠶᠤᠸᠠᠢ ᠠᠭᠤᠳᠠᠮ ᠲᠠᠯᠠᠪᠠᠶ᠂ ᠸᠠᠨ ᠬᠤᠤ ᠪᠠᠭᠤᠳᠠᠯ ᠵᠡᠷᠭᠡ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠴᠣᠭᠴᠠ ᠶᠢ ᠣᠷᠣᠭᠤᠯᠤᠨ ᠠᠪᠴᠢᠷᠠᠵᠤ᠂ ᠵᠥᠩ ᠰᠢᠨ ᠪᠠᠩᠬᠢ᠂ ᠮᠢᠨ ᠱᠧᠩ ᠪᠠᠩᠬᠢ᠂ ᠪᠥᠸᠧ ᠬᠠᠶ ᠪᠠᠩᠬᠢ ᠵᠡᠷᠭᠡ ᠨᠢᠭᠡ ᠪᠦᠯᠦᠭ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠨᠤᠳᠤᠬᠰᠢᠭᠤᠯᠵᠤ ᠂ ᠱᠠᠩᠬᠠᠶ ᠶᠢᠨ ᠵᠢᠶᠦ᠋ᠨ ᠾᠧ᠂ ᠰᠤ᠋ ᠨᠢᠩ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠰᠤᠯᠤᠨ ᠪᠤᠳᠤᠬᠤ ᠲᠥᠪ ᠵᠡᠷᠭᠡ ᠨᠢᠭᠡ ᠪᠦᠯᠦᠭ ᠶᠡᠷᠦᠩᠬᠡᠶ ᠬᠡᠯᠲᠡᠰ ᠤᠨ  ᠲᠠᠰᠤᠯᠤᠨ ᠪᠤᠳᠤᠬᠤ ᠠᠵᠤ ᠠᠬᠤᠶᠢᠯᠠᠯ ᠢ ᠤᠷᠤᠭᠤᠯᠤᠨ ᠠᠪᠴᠢᠷᠠᠵᠤ᠂ ᠭᠠᠩ ᠯᠢᠶᠠᠨ᠂ ᠭᠠᠩ ᠶᠢᠨ ᠵᠡᠷᠬᠡ ᠵᠢᠷᠭᠤᠭᠠᠨ ᠶᠡᠭᠡ ᠪᠣᠯᠣᠳ ᠮᠠᠲ᠋ᠧᠷᠢᠶᠠᠯ ᠤᠨ ᠡᠯᠧᠺᠲᠷᠣᠨ ᠠᠷᠠᠯᠵᠢᠶᠠᠨ ᠤ ᠲᠠᠪᠴᠠᠩ ᠥᠷᠨᠢᠭᠦᠨ ᠬᠥᠭᠵᠢᠪᠡ᠃    — ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠪᠡ᠃ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠲᠦᠷᠭᠡᠨ ᠪᠥᠭᠡᠳ ᠯᠠᠪᠳᠠᠭᠤᠨ ᠶᠠᠪᠤᠭᠳᠠᠵᠤ᠂ ᠥᠭᠡᠷᠡᠴᠢᠯᠡᠯᠲᠡ ᠶᠢᠨ ᠡᠭᠦᠷᠭᠡ ᠶᠢ ᠨᠡᠶᠢᠲᠡ 199 ᠵᠦᠶᠯ ᠪᠡᠶᠡᠯᠡᠭᠦᠯᠵᠦ᠂ ᠲᠦᠷᠢᠮ ᠤᠨ ᠴᠢᠨᠠᠷᠲᠠᠶ ᠦᠷ᠎ᠡ ᠪᠦᠲᠦᠭᠡᠯ ᠢ 258 ᠪᠦᠷᠢᠯᠳᠦᠬᠦᠯᠵᠡᠢ᠃ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠷᠬᠡᠶ ᠪᠠᠶᠢᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠶᠯᠡᠴᠢᠯᠡᠭᠡᠨ ᠤ ︽ᠨᠢᠭᠡ ᠰᠦᠯᠵᠢᠶ᠎ᠡ ᠪᠠᠷ ᠭᠦᠶᠴᠡᠳᠬᠡᠬᠦ︾᠂ ︽ᠨᠢᠭᠡ ᠯᠡ ᠤᠳᠠᠭ᠎ᠠ ᠳᠤ ᠭᠦᠶᠴᠡᠳᠬᠡᠬᠦ︾᠂ ︽ᠲᠤᠳᠠᠬᠳᠠᠬᠰᠠᠨ ᠢ ᠠᠭᠤᠴᠢᠯᠠᠨ ᠭᠦᠶᠴᠡᠳᠬᠡᠬᠦ︾᠂ ︽ᠣᠶᠢᠷ᠎ᠠ ᠬᠠᠪᠢ ᠳᠠᠭᠠᠨ ᠭᠦᠶᠴᠡᠳᠬᠡᠬᠦ ︾᠂ ︽24 ᠴᠠᠭ ᠡᠭᠦᠳᠡ ᠪᠠᠨ ᠬᠠᠭᠠᠬᠤ ᠦᠬᠡᠢ︾ ᠵᠡᠷᠭᠡ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠷᠠᠳ ᠲᠤ ᠲᠥᠬᠦᠮ ᠦᠵᠡᠭᠦᠯᠬᠦ ᠪᠠᠷᠢᠮᠵᠢᠶᠠᠵᠢᠭᠰᠠᠨ ᠦᠶᠯᠡᠴᠢᠯᠡᠭᠡᠨ ᠤ ᠲᠥᠪ ᠢ 15 ᠪᠠᠶᠢᠭᠤᠯᠵᠤ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠴᠡᠭ ᠢ 85 ᠪᠠᠶᠢᠭᠤᠯᠵᠤ᠂ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠪᠡ᠃ ᠭᠤᠣᠯᠳᠠᠯᠭ᠎ᠠ ᠲᠠᠢ ᠲᠣᠭᠲᠠᠴᠠ ᠳᠦᠷᠢᠮ ᠨᠠᠩ ᠪᠣᠯᠪᠠᠰᠤᠷᠠᠩᠭᠤᠢ ᠪᠣᠯᠵᠤ᠂ ︽ᠤᠶᠤᠨᠲᠤ ᠬᠥᠨᠳᠡᠯᠡᠨ︾ ᠤ ᠪᠦᠲᠦᠭᠡᠨ ᠪᠠᠶᠢᠭᠤᠯᠤᠯᠲᠠ᠂ ᠪᠡᠯᠡ ᠣᠷᠣᠭᠤᠯᠤᠯᠲᠠ ᠶᠢᠨ ᠲᠥᠷᠦᠯ ᠵᠦᠢᠯ ᠤᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠵᠡᠷᠭᠡ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠷᠬᠡᠢ ᠪᠣᠯᠵᠤ᠂ ᠵᠡᠭᠡᠯᠢ ᠭᠤᠳᠤᠮᠵᠢ ᠪᠠᠯᠭᠠᠰᠤᠨ ᠤ ᠬᠠᠤᠯᠢ ᠬᠡᠷᠡᠭᠵᠢᠭᠦᠯᠦᠯᠲᠡ᠂ ᠨᠡᠶᠢᠭᠡᠮ ᠲᠣᠭᠤᠷᠢᠭ ᠤᠨ ᠵᠠᠰᠠᠯᠲᠠ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠡᠷᠬᠢᠯᠡᠬᠦ ᠵᠠᠭᠪᠤᠷ ᠵᠡᠷᠭᠡ ᠥᠭᠡᠷᠡᠴᠢᠯᠡᠯᠲᠡ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠵᠤ᠂ ᠣᠯᠠᠨ ᠲᠦᠮᠡᠨ ᠤ ᠮᠠᠭᠳᠠᠭᠠᠯ ᠰᠠᠶᠢᠰᠢᠶᠠᠯ ᠢ ᠣᠯᠪᠠ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠣᠭᠲᠠᠴᠠ ᠲᠠᠰᠤᠷᠠᠯᠲᠠ ᠦᠭᠡᠢ ᠰᠢᠯᠢᠳᠡᠭᠵᠢᠵᠦ᠂ 289 ᠬᠠᠮᠲᠤᠷᠠᠯᠴᠠᠭᠠᠨ ᠤ ᠲᠥᠷᠥᠯ ᠵᠦᠢᠯ   ᠳᠤ ᠬᠡᠷ᠎ᠡ ᠲᠤᠬᠳᠠᠵᠤ᠂ ᠶᠡᠷᠦᠩᠬᠡᠢ ᠪᠡᠯᠡ ᠣᠷᠣᠭᠤᠯᠤᠯᠲᠠ ᠨᠢ 1790 ᠳ᠋ᠦᠩᠰᠢᠭᠤᠷ ᠲᠥᠭᠦᠷᠢᠭ ᠢ ᠳᠠᠪᠠᠵᠤ᠂ ᠥᠪᠡᠷᠲᠡᠭᠡᠨ ᠵᠠᠰᠠᠬᠤ ᠤᠷᠤᠨ ᠠᠴᠠ ᠭᠠᠳᠠᠨᠠᠬᠢ ︵ᠤᠯᠤᠰ ᠤᠨ ᠳᠣᠲᠣᠭᠠᠳᠤ ᠶᠢᠨ︶ ᠪᠡᠯᠡ ᠮᠥᠩᠭᠦ ᠶᠢ ᠨᠡᠶᠢᠲᠡ 208 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ 582.6 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠲᠠ ᠶᠢᠨ 70% ᠠᠴᠠ ᠳᠡᠭᠡᠭᠰᠢᠬᠢ ᠶᠢ ᠡᠵᠡᠯᠡᠵᠦ᠂ ᠤᠯᠤᠰ ᠤᠨ ︽ᠬᠠᠷ᠎ᠠ ᠲᠡᠮᠦᠷᠯᠢᠭ ᠤᠨ ᠮᠠᠲ᠋ᠧᠷᠢᠶᠠᠯ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠰᠠᠭᠤᠷᠢᠨ︾ ᠤ ᠢᠷᠠᠭᠤ ᠠᠯᠳᠠᠷ ᠢ ᠬᠦᠷᠲᠡᠪᠡ᠃    — ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ︽ᠲᠠᠪᠤᠨ ᠶᠡᠭᠡ ᠭᠤᠤᠯᠳᠠᠯᠭ᠎ᠠ ᠲᠠᠢ ᠣᠷᠣᠨ ᠪᠦᠰᠡ︾ ᠶᠢᠨ 1 ᠲᠦᠮᠡᠨ ᠮᠥ ᠨᠣᠭᠤᠭᠠᠷᠠᠭᠤᠯᠤᠯᠲᠠ ᠶᠢ ᠪᠡᠶᠡᠯᠡᠭᠦᠯᠦᠨ᠂ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠢᠨᠵᠧᠨᠧᠷᠢᠩ ᠢ 10.9 ᠲᠦᠮᠡᠨ ᠮᠥ ᠬᠡᠷᠡᠭᠵᠢᠭᠦᠯᠵᠦ᠂ ᠪᠥᠬᠦ ᠲᠤᠭᠤᠷᠢᠭ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠦᠷᠭᠦᠯᠵᠢᠯᠡᠨ ᠴᠢᠩᠭᠠᠷᠠᠪᠠ︔ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠡᠷᠬᠢᠨ ᠲᠣᠭᠤᠷᠢᠨ ᠤ 76 ᠡᠵᠡᠩᠨᠡᠯᠲᠡ ᠶᠢᠨ ᠴᠢᠨᠠᠷᠲᠠᠶ ᠠᠵᠤ ᠠᠬᠤᠶᠢᠯᠠᠯ ᠢ ᠬᠠᠤᠯᠢ ᠶᠣᠰᠣᠭᠠᠷ ᠴᠡᠪᠡᠷᠯᠡᠨ ᠵᠠᠬ᠎ᠠ ᠲᠡᠯᠬᠡᠬᠦᠷ ᠠᠴᠠ ᠤᠬᠤᠷᠢᠭᠤᠯᠤᠨ ᠭᠠᠷᠭᠠᠵᠤ᠂ 27 ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠰᠡᠷᠭᠦᠭᠡᠵᠦ᠂ ᠤᠮᠠᠷᠠᠲᠤ ᠬᠡᠰᠡᠭ ᠤᠨ 5.5 ᠲᠦᠮᠡᠨ ᠮᠥ ᠨᠤᠮᠢᠨ ᠨᠤᠭᠤᠭᠠᠨ ᠠᠮᠢ ᠠᠬᠤᠶ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠬᠥᠨᠳᠡᠯᠡᠨ ᠭᠤᠤᠯ ᠤᠨ ᠨᠤᠭᠤ ᠭᠠᠵᠠᠷ ᠤᠨ ᠴᠡᠴᠡᠷᠯᠢᠭ ᠢ ᠠᠮᠵᠢᠯᠲᠠ ᠲᠠᠢ ᠪᠠᠷ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ ᠪᠣᠯᠭᠠᠨ ᠪᠥᠲᠥᠭᠡᠨ ᠪᠠᠶᠢᠭᠤᠯᠪᠠ᠃ ᠠᠮᠢ ᠠᠬᠤᠶ ᠶᠢᠨ ᠬᠠᠮᠠᠭᠠᠯᠠᠯᠲᠠ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ︽ᠠᠭᠤᠯᠠᠨ ᠳᠠᠷᠤᠭ᠎ᠠ ᠶᠢᠨ ᠲᠦᠷᠢᠮ︾᠂ ︽ᠭᠤᠤᠯ ᠤᠨ ᠳᠠᠷᠤᠭ᠎ᠠ ᠶᠢᠨ ᠲᠦᠷᠢᠮ︾᠂ ︽ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ︾ ᠢ ᠪᠠᠶᠢᠩᠭᠤᠵᠢᠭᠤᠯᠤᠨ ᠬᠡᠷᠡᠭᠵᠢᠬᠦᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾  ᠲᠤᠮᠳᠠ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠲᠤᠭᠤᠰᠢᠳᠠᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠳᠠᠯᠠᠨ ᠬᠠᠷ᠎ᠠ ᠠᠭᠤᠯᠠ ᠪᠠ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠠᠵᠢᠯ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠥᠷᠨᠢᠭᠦᠯᠪᠡ᠃ ᠭᠠᠵᠠᠷ ᠰᠢᠷᠣᠶ ᠶᠢᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠬᠠᠤᠯᠢ ᠬᠡᠷᠡᠭᠵᠢᠭᠦᠯᠦᠯᠳᠠ ᠶᠢᠨ ᠪᠠᠶᠢᠴᠠᠭᠠᠯᠲᠠ ᠪᠠ ᠵᠤᠷᠰᠢᠯᠲᠤ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ 1.1 ᠲᠦᠮᠠᠨ ᠭᠠᠵᠠᠷ ᠲᠠᠬᠢ᠂ 22.9 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠬᠠᠤᠯᠢ ᠲᠤᠬᠳᠠᠭᠠᠯ ᠠᠴᠠ ᠵᠥᠷᠢᠴᠡᠵᠤ ᠪᠠᠶᠢᠭᠤᠯᠤᠬᠰᠠᠨ ᠡᠯ᠎ᠡ ᠲᠥᠷᠥᠯ ᠤᠨ ᠪᠠᠷᠢᠯᠭ᠎ᠠ ᠶᠢ ᠬᠠᠤᠯᠢ ᠶᠣᠰᠣᠭᠠᠷ ᠨᠤᠷᠠᠭᠠᠪᠠ᠃ ᠣᠷᠴᠢᠨ ᠠᠬᠤᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ︽ᠰᠤᠯᠠ ᠵᠠᠳᠠᠭᠠᠢ ᠡᠷᠦᠢ ᠬᠤᠷᠤᠢ ᠦᠬᠡᠢ ᠪᠣᠬᠢᠷᠲᠤᠯ ᠲᠠᠢ︾ 28 ᠠᠵᠤ ᠠᠬᠤᠶᠢᠯᠠᠯ ᠢ ᠬᠠᠤᠯᠢ ᠶᠣᠰᠣᠭᠠᠷ ᠴᠡᠭᠴᠡᠯᠡᠨ ᠵᠠᠰᠠᠪᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠭᠦᠨ ᠬᠠᠳᠠᠩᠰᠢᠪᠠ᠃    — ᠬᠤᠲᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠭᠤᠶᠤᠵᠢᠪᠠ᠃ ᠤᠮᠠᠷᠠᠲᠤ ᠬᠡᠰᠡᠭ᠂ ᠡᠮᠦᠨᠡᠲᠦ ᠬᠡᠰᠡᠭ᠂ ᠪᠠᠷᠠᠭᠤᠨ ᠬᠡᠰᠡᠭ ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠤᠨ᠂ ᠠᠯᠬᠤᠮ ᠬᠤᠪᠢᠶᠠᠨ ᠬᠡᠷᠡᠭᠵᠢᠭᠦᠯᠬᠦ ᠶᠢ ᠪᠠᠷᠢᠮᠳᠠᠯᠠᠵᠤ᠂ ᠪᠦᠬᠦ ᠠᠷᠠᠳ ᠢ ᠬᠠᠮᠤᠷᠤᠬᠰᠠᠨ᠂ ᠨᠡᠶᠢᠳᠡᠮ ᠳᠤᠨᠢ ᠠᠰᠢᠭ ᠬᠦᠷᠲᠡᠭᠡᠵᠦ ᠬᠠᠮᠲᠤᠪᠠᠷ ᠡᠳ᠋ᠯᠡᠬᠦ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠠᠩᠬ᠎ᠠ ᠠᠯᠬᠤᠮ ᠪᠦᠷᠢᠯᠳᠦᠬᠦᠯᠵᠡᠢ᠃ ᠬᠤᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ︽ᠰᠠᠭᠤᠷᠢ ᠲᠦᠬᠦᠬᠡᠷᠦᠮᠵᠢ ᠪᠠᠷ ᠠᠬᠢᠭᠤᠯᠬᠤ + ᠰᠣᠳᠣᠨ ᠢᠨᠵᠧᠨᠧᠷᠢᠩ ᠢᠶᠠᠷ ᠳᠠᠶᠢᠴᠢᠯᠠᠬᠤ + ᠡᠬᠢ ᠪᠠᠶᠠᠯᠢᠭ ᠢ ᠲᠣᠬᠢᠷᠠᠭᠤᠯᠬᠤ ᠶᠢᠨ ᠬᠠᠮᠲᠤᠷᠠᠨ ᠬᠥᠳᠡᠯᠦᠯᠴᠡᠬᠦ︾ ᠵᠠᠭᠪᠤᠷ ᠢ ᠬᠡᠷᠡᠭᠵᠢᠭᠦᠯᠵᠦ᠂ ᠰᠤᠯᠠ ᠭᠠᠷᠤᠭᠰᠠᠨ ᠣᠷᠣᠨ ᠪᠦᠰᠡ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠴᠢᠩᠭᠠᠳᠬᠠᠨ᠂ ᠨᠢᠭᠡ ᠪᠦᠯᠦᠭ ᠰᠢᠯᠢᠳᠡᠭ ᠠᠷᠠᠯᠵᠢᠶᠠᠴᠢᠨ ᠰᠢᠯᠢᠳᠡᠭ ᠲᠥᠷᠥᠯ ᠵᠦᠢᠯ ᠢ ᠬᠤᠶᠢᠨ᠎ᠡ ᠬᠤᠶᠢᠨ᠎ᠠ ᠠᠴᠠ ᠨᠢ ᠨᠤᠳᠤᠬᠰᠢᠭᠤᠯᠵᠤ᠂ ᠬᠤᠳᠠᠯᠳᠤᠭ᠎ᠠ᠂ ᠰᠤᠷᠭᠠᠨ ᠬᠥᠮᠦᠵᠢᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠬᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠳᠠᠮᠵᠢ ᠶᠢ ᠨᠠᠩ ᠪᠦᠷᠢᠨ ᠪᠤᠯᠭᠠᠪᠠ ᠃ ᠬᠤᠲᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠶᠠᠪᠤᠭᠳᠠᠭᠤᠯᠵᠤ᠂ 37.1 ᠺᠢᠯᠦᠮᠧᠲᠷ ᠤᠨ ᠬᠤᠲᠠ ᠶᠢᠨ ᠵᠠᠮ᠂ 61.3 ᠺᠢᠯᠦᠮᠧᠲᠷ ᠤᠨ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠰᠢᠨ᠎ᠡ ᠪᠠᠷ ᠨᠡᠮᠡᠵᠤ ᠪᠠᠶᠢᠭᠤᠯᠬᠤ ᠪᠤᠶᠤ ᠥᠷᠭᠡᠳᠬᠡᠨ ᠪᠠᠶᠢᠭᠤᠯᠵᠤ᠂ 4547 ᠡᠷᠦᠬᠡ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ᠂ 146 ᠬᠠᠭᠤᠴᠢᠨ ᠬᠤᠷᠢᠶᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠵᠤ᠂ 111 ᠬᠤᠷᠢᠶᠠᠯᠠᠯ ᠳᠤ ᠪᠠᠶᠢᠳᠠᠯ ᠢ ᠨᠢ ᠦᠵᠡᠵᠤ ᠪᠠᠷᠢᠮᠵᠢᠶ᠎ᠠ ᠲᠤᠬᠳᠠᠭᠠᠬᠤ ᠠᠳᠠᠯ ᠠᠬᠤᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠠᠶᠢᠭᠤᠯᠵᠤ ᠲᠠᠭᠤᠰᠬᠠᠬᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 1.65 ᠵᠠᠭᠤᠨ ᠤ ᠬᠤᠪᠢ ᠶᠢᠨ ᠴᠡᠭ ᠢᠶᠠᠷ ᠳᠡᠭᠡᠭᠰᠢᠯᠡᠵᠦ᠂ 44.6% ᠳᠤ ᠬᠦᠷᠴᠦ᠂ ᠬᠥᠮᠦᠨ ᠳᠤᠮᠳᠠᠴᠢ ᠳᠤ ᠨᠤᠬᠳᠠᠬᠤ ᠴᠡᠴᠡᠷᠯᠢᠭ  ᠤᠨ ᠨᠣᠭᠤᠭᠠᠷᠠᠭᠤᠯᠤᠯᠲᠠ ᠶᠢᠨ ᠲᠠᠯᠠᠪᠠᠢ 15.2 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠲᠠ ᠶᠢᠨ ᠴᠢᠨᠠᠷ ᠴᠢᠨᠰᠠᠭ᠎ᠠ ᠲᠠᠰᠤᠷᠠᠯᠲᠠ ᠦᠭᠡᠢ ᠳᠡᠭᠡᠭᠰᠢᠯᠡᠪᠡ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ ᠬᠤᠲᠠ ᠶᠢᠨ ᠦᠵᠡᠮᠵᠢ ᠳᠦᠷᠢ ᠲᠥᠷᠬᠦ ᠶᠢᠨ ᠳᠡᠭᠡᠭᠰᠢᠯᠡᠯᠲᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ᠂ ᠬᠠᠤᠯᠢ ᠠᠴᠠ ᠵᠦᠷᠢᠴᠡᠵᠤ ᠪᠥᠲᠥᠭᠡᠨ ᠪᠠᠶᠢᠭᠤᠯᠬᠤ ᠶᠢ ᠬᠠᠮᠢᠶᠠᠷᠤᠨ ᠡᠵᠡᠮᠳᠡᠬᠦ ᠵᠡᠷᠭᠡ ᠭᠤᠷᠪᠠᠨ ᠶᠡᠭᠡ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠤᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠨᠳᠦᠰᠦᠨ ᠳᠡᠭᠡᠨ ᠪᠦᠷᠢᠯᠳᠦᠭᠦᠯᠪᠡ ᠃ ᠮᠠᠯᠵᠢᠬᠤ ᠲᠠᠷᠢᠶᠠᠯᠠᠬᠤ ᠤᠷᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠭᠰᠡᠨ ᠨᠣᠷᠮ᠎ᠠ 92.1% ᠳᠤ ᠬᠦᠷᠴᠦ᠂ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠶᠳᠪᠦᠷᠢᠯᠡᠭᠰᠡᠨ ᠨᠣᠷᠮ᠎ᠠ 100% ᠳᠤ ᠬᠦᠷᠴᠦ᠂ ᠥᠪᠡᠷᠲᠡᠭᠡᠨ ᠵᠠᠰᠠᠬᠤ ᠤᠷᠤᠨ ᠤ ᠲᠠᠰ ᠤᠨ ᠵᠢᠱᠢᠶ᠎ᠡ ᠦᠵᠡᠭᠦᠯᠬᠦ ᠲᠣᠰᠬᠤᠨ 3 ᠶᠢ ᠪᠠᠶᠢᠭᠤᠯᠵᠤ᠂ ᠬᠦᠨᠳᠡᠯᠡᠨ ᠭᠤᠤᠯ ᠪᠠᠯᠭᠠᠰᠤ ᠤᠯᠤᠰ ᠤᠨ ᠡᠷᠡᠭᠦᠯ ᠬᠠᠮᠠᠭᠠᠯᠠᠯ ᠤᠨ ᠪᠠᠯᠭᠠᠰᠤ ᠪᠠᠷ ᠦᠨᠡᠯᠡᠭᠳᠡᠪᠡ᠃ ᠮᠠᠨ ᠤ ᠲᠤᠭᠤᠷᠢᠭ ᠨᠠᠶᠢᠳᠠ ᠭᠤᠷᠪᠠᠨ ᠵᠢᠯ ︽ᠤᠯᠤᠰ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠤᠨ ᠵᠠᠭᠤᠨ ᠬᠦᠴᠦᠷᠬᠡᠭ ᠲᠤᠭᠤᠷᠢᠭ︾ ᠢᠶᠠᠷ ᠴᠣᠯᠠᠯᠠᠭᠳᠠᠪᠠ᠃     — ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠦᠷᠭᠦᠯᠵᠢᠯᠡᠨ ᠨᠡᠮᠡᠭᠳᠡᠪᠡ᠃ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ ᠨᠡᠶᠢᠲᠡ 108 .7 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠵᠠᠷᠤᠯᠭ᠎ᠠ ᠶᠢᠨ 80.73% ᠶᠢ ᠡᠵᠡᠯᠡᠪᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠪᠢᠯᠧᠲ ᠦᠭᠴᠦ ᠪᠠᠲᠤᠯᠠᠭᠰᠠᠨ ᠠᠷᠠᠳ ᠤᠨ ᠠᠮᠢᠳᠤᠷᠠᠯ ᠤᠨ 22 ᠵᠦᠶᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠪᠦᠬᠦᠨ ᠢᠶᠠᠷ ᠢᠶᠠᠨ ᠲᠣᠰ ᠵᠢᠯ ᠳᠤ ᠪᠠᠷᠢᠯᠭ᠎ᠠ ᠳᠠᠭᠤᠰᠴᠤ᠂ ᠲᠣᠰ ᠵᠢᠯ ᠳᠡᠭᠡᠨ ᠦᠷ᠎ᠡ ᠠᠰᠢᠭ ᠤᠯᠪᠠ᠃ ᠨᠡᠶᠢᠭᠡᠮ ᠤᠨ ᠪᠠᠲᠤᠯᠠᠭ᠎ᠠ ᠶᠢᠨ ᠲᠤᠤᠷ ᠢ ᠨᠢᠭᠲᠠ ᠪᠠᠬᠢ ᠰᠦᠯᠵᠢᠵᠦ᠂ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠲᠣᠰ ᠲᠣᠰ 91% ᠪᠠ 95% ᠳᠤ ᠬᠦᠷᠴᠦ᠂ ᠪᠦᠬᠦ ᠬᠤᠲᠠ ᠳᠤ ᠤᠷᠢᠳᠴᠢᠯᠠᠨ ᠶᠠᠳᠠᠭᠤ ᠬᠦᠴᠢᠷᠳᠡᠯᠲᠡᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ᠂ ᠰᠢᠨ᠎ᠡ ᠬᠡᠯᠪᠡᠷᠢ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠪᠡ᠃ ᠠᠵᠢᠯ ᠣᠯᠭᠤᠯᠲᠠ ᠶᠢᠨ ᠶᠡᠭᠡ ᠲᠠᠯ᠎ᠠ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠤᠲᠠ ᠪᠠᠯᠭᠠᠰᠤᠨ ᠤ ᠨᠡᠶᠢᠲᠡ 4.32 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ ᠢᠮᠠᠭᠲᠠ 3.9% ᠶᠢᠨ ᠳᠣᠲᠣᠷ᠎ᠠ ᠬᠢᠵᠠᠭᠠᠷᠯᠠᠪᠠ᠃ ᠡᠯ᠎ᠡ ᠲᠥᠷᠥᠯ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠡᠷᠡᠮᠡᠬᠡᠶᠢᠯᠡᠨ ᠤᠷᠤᠭᠰᠢᠯᠠᠬᠤ ᠲᠥᠯᠥᠪᠯᠡᠭᠡ ᠶᠢ ᠡᠬᠢᠯᠡᠭᠦᠯᠵᠦ᠂ 32 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠥᠭᠡᠷᠡᠴᠢᠯᠡᠨ ᠪᠠᠶᠢᠭᠤᠯᠬᠤ ᠪᠠ ᠶᠠᠰᠦ ᠴᠢᠨᠠᠷ ᠢ ᠲᠡᠭᠡᠭᠰᠢᠯᠡᠬᠦᠯᠦᠨ ᠥᠭᠡᠷᠡᠴᠢᠯᠡᠨ ᠪᠠᠶᠢᠭᠤᠯᠵᠤ᠂ ᠬᠡᠰᠡᠭ ᠬᠤᠪᠢᠶᠠᠨ ᠡᠯᠰᠡᠬᠦ ᠪᠠ ᠺᠣᠮᠫᠢᠦ᠋ᠲ᠋ᠧᠷ ᠢᠶᠠᠷ ᠰᠤᠷᠭᠠᠭᠤᠯᠢ ᠲᠣᠬᠢᠷᠠᠭᠤᠯᠬᠤ ᠶᠢ ᠤᠶᠠᠯᠳᠤᠭᠤᠯᠤᠭᠰᠠᠨ ᠰᠣᠷᠣᠭᠴᠢ ᠡᠯᠰᠡᠬᠦ ᠲᠣᠭᠲᠠᠴᠠ ᠶᠢ ᠥᠨᠳᠥᠷ ᠪᠦᠲᠦᠮᠵᠢᠲᠡᠶ ᠪᠠᠷ ᠶᠠᠪᠤᠭᠳᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ︽ᠨᠢᠬᠡ ᠠᠩᠬᠢ ᠳᠤ ᠤᠯᠠᠨ ᠰᠣᠷᠣᠭᠴᠢ ᠲᠦᠪᠯᠡᠷᠡᠬᠦ︾ ᠠᠰᠠᠭᠤᠳᠠᠯ ᠢ ᠦᠨᠳᠦᠰᠦᠨ ᠳᠡᠭᠡᠨ ᠰᠢᠶᠳᠪᠦᠷᠢᠯᠡᠵᠦ᠂ ᠪᠥᠬᠦ ᠲᠤᠭᠤᠷᠢᠭ ᠤᠨ ᠲᠦᠭᠡᠮᠡᠯ ᠬᠦᠷᠳᠡᠭᠡᠮᠵᠢᠳᠤ ᠴᠢᠨᠠᠷᠲᠠᠶ ᠬᠡᠦᠬᠡᠳ ᠤᠨ ᠴᠡᠴᠡᠷᠯᠢᠭ ᠢ ᠪᠦᠷᠬᠦᠬᠦᠯᠬᠦ ᠨᠣᠷᠮ᠎ᠠ ᠶᠢ 93% ᠳᠤ ᠬᠦᠷᠭᠡᠪᠡ᠃ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠢ ᠲᠦᠷᠭᠡᠳᠬᠡᠨ ᠬᠥᠭᠵᠢᠭᠦᠯᠵᠦ᠂ ᠭᠡᠷ ᠲᠡᠭᠡᠨ ᠰᠠᠭᠤᠵᠤ ᠠᠰᠠᠷᠠᠮᠵᠢ ᠬᠦᠷᠳᠡᠬᠦ  ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ  ᠶᠢᠨ ᠥᠷᠲᠡᠭᠡ ᠶᠢ ︵ᠴᠡᠭ︶ 51 ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠᠨ ᠭᠡᠷ ᠢ 24 ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ︽ᠡᠮᠨᠡᠬᠦ ᠪᠠ  ᠰᠤᠪᠢᠯᠠᠬᠤ ᠶᠢ ᠤᠶᠠᠯᠳᠤᠭᠤᠯᠬᠤ︾ ᠶᠢ ᠪᠦᠷᠢᠨ ᠪᠦᠷᠬᠦᠭᠦᠯᠵᠦ᠂ ᠤᠯᠤᠰ ᠤᠨ ᠭᠤᠷᠪᠠᠳᠤᠭᠠᠷ ᠪᠦᠯᠦᠭ ᠤᠨ ᠣᠶᠤᠨᠴᠢ ᠡᠷᠡᠭᠦᠯ ᠴᠢᠭᠢᠷᠠᠭ ᠨᠠᠰᠤᠵᠢᠯ ᠤᠨ ᠠᠰᠠᠷᠠᠮᠵᠢ ᠶᠢᠨ ᠬᠡᠷᠡᠭᠯᠡᠭᠡᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠴᠡᠭ ᠪᠤᠯᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠨᠠᠩ ᠲᠡᠭᠦᠯᠳᠡᠷᠵᠢᠨ᠂ ᠪᠥᠭᠡᠮ ᠬᠦᠴᠢᠯ ᠤᠨ ᠪᠠᠶᠢᠴᠠᠭᠠᠯᠲᠡ᠂ ᠬᠤᠯᠤᠭᠠᠨ᠎ᠠ ᠶᠢᠨ ᠬᠢᠵᠢᠭ ᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠦᠨᠳᠦᠰᠦᠨ ᠳᠡᠭᠡᠨ ᠪᠠᠶᠢᠭᠤᠯᠵᠤ᠂ ︽ᠥᠪᠡᠷᠲᠡᠭᠡᠨ ᠵᠠᠰᠠᠬᠤ ᠤᠷᠤᠨ ᠤ ᠡᠷᠡᠭᠦᠯ ᠮᠡᠨᠳᠦ ᠶᠢ ᠠᠬᠢᠭᠤᠯᠤᠬᠰᠠᠨ ᠲᠣᠭᠤᠷᠢᠭ︾ ᠢᠶᠠᠷ ᠦᠨᠡᠯᠡᠭᠳᠡᠪᠡ᠃ ᠰᠣᠶᠣᠯ ᠤᠨ ᠦᠢᠯᠡᠰ ᠪᠣᠯᠤᠨ ᠰᠣᠶᠣᠯ ᠤᠨ ᠠᠵᠤ ᠦᠢᠯᠡᠰ ᠴᠡᠴᠡᠭᠯᠡᠨ ᠬᠥᠭᠵᠢᠵᠦ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠲᠠᠰᠤᠷᠠᠯᠲᠠ  ᠦᠬᠡᠢ ᠳᠡᠭᠡᠭᠰᠢᠯᠡᠵᠦ᠂ ᠪᠦᠬᠦ ᠤᠯᠤᠰ ᠤᠨ ᠴᠤᠷ ᠤᠨ ᠭᠠᠭᠴᠠ ᠲᠠᠪᠤ ᠤᠳᠠᠭ᠎ᠠ ᠲᠠᠨᠢᠯᠴᠠᠭᠤᠯᠤᠬᠰᠠᠨ ᠪᠦᠬᠡᠳ ᠨᠡᠶᠢᠲᠡ 8 ᠨᠡᠷᠡᠰ ︽ᠪᠦᠬᠦ ᠤᠯᠤᠰ ᠤᠨ ᠠᠴᠢᠯᠠᠯᠲᠤ ᠪᠠᠭᠠᠴᠤᠳ︾  ᠰᠢᠯᠭᠠᠷᠠᠨ ᠭᠠᠷᠤᠬᠰᠠᠨ ᠬᠤᠲᠠ ᠶᠢᠨ ᠲᠣᠭᠤᠷᠢᠭ ᠪᠣᠯᠤᠭᠰᠠᠨ ᠪᠠᠶᠢᠨ᠎ᠠ᠃ — ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ᠤᠬᠠᠮᠰᠠᠷ ᠠᠴᠠ ᠪᠠᠨ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠳᠥᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠠ᠃ ᠲᠤᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠵᠤ᠂ ᠠᠵᠢᠯ ᠤᠨ ᠬᠢᠨᠠᠯᠲᠠ ᠲᠠᠯᠪᠢᠬᠤ ᠪᠣᠯᠤᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠯ ᠢᠶᠠᠷ ᠵᠥᠪᠯᠡᠬᠦ ᠶᠢ ᠨᠠᠷᠢᠨ ᠬᠢᠨᠠᠮᠠᠭᠠᠶ ᠥᠷᠨᠢᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠣᠯᠤᠨ ᠡᠯ᠎ᠡ ᠠᠷᠠᠳ ᠤᠨ ᠪᠦᠯᠬᠦᠮ ᠤᠨ ᠰᠠᠨᠠᠯ ᠢ ᠥᠷᠭᠡᠨ ᠢᠶᠠᠷ ᠰᠣᠨᠣᠰᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠲᠡ 923 ᠬᠤᠪᠢ ᠰᠢᠢᠳᠪᠦᠷᠢᠯᠡᠵᠤ᠂ ᠬᠠᠨᠤᠮᠵᠢᠲᠠᠢ ᠨᠣᠷᠮ᠎ᠠ 96% ᠠᠴᠠ ᠳᠡᠭᠡᠭᠰᠢ ᠳᠤ ᠬᠦᠷᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠠᠮᠳᠤ ᠪᠠᠷ ︽ᠭᠤᠷᠪᠠᠨ ᠴᠢᠬᠤᠯᠠ ᠨᠢᠭᠡ ᠲᠣᠮᠣ︾ ᠶᠢᠨ ᠰᠢᠶᠳᠪᠦᠷᠢᠲᠦ ᠪᠣᠳᠣᠯᠭ᠎ᠠ ᠶᠢ ᠲᠣᠭᠲᠠᠭᠠᠬᠤ᠂ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠵᠡᠷᠭᠡ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ    ᠶᠢ ᠴᠢᠬᠤᠯᠠ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠴᠢᠬᠤᠯᠠ ᠶᠡᠭᠡ ᠪᠠᠯᠠ ᠮᠥᠩᠭᠦ ᠶᠢ ᠬᠡᠷᠡᠭᠯᠡᠬᠦ ᠪᠥᠬᠦ ᠶᠠᠪᠤᠴᠠ ᠳᠤ ᠲᠤᠭᠤᠰᠢᠯᠠᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠥᠪᠡᠷᠲᠡᠭᠡᠨ ᠵᠠᠰᠠᠬᠤ ᠤᠷᠤᠨ ᠤ ᠬᠠᠦᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ︾ ᠤᠨ ᠴᠣᠯᠠ ᠶᠢ ᠭᠥᠷᠳᠡᠪᠡ᠃ ᠲᠥᠪ ᠤᠨ ᠨᠠᠢᠮᠠᠨ ᠲᠣᠭᠲᠠᠭᠠᠯ ᠵᠢᠴᠢ ᠲᠡᠬᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠡᠩ ᠤᠨ ᠴᠢᠨᠠᠷᠲᠠᠶ ᠵᠠᠷᠤᠯᠭ᠎ᠠ ᠪᠣᠯᠤᠨ ︽ᠭᠤᠷᠪᠠᠨ ᠵᠦᠶᠯ ᠤᠨ ᠠᠯᠪᠠᠨ ᠵᠠᠷᠤᠳᠠᠯ︾ ᠢ ᠦᠷᠭᠦᠯᠵᠢᠯᠡᠨ ᠪᠠᠭᠠᠰᠬᠠᠵᠤ᠂ ᠪᠠᠭᠠᠰᠬᠠᠬᠰᠠᠨ ᠪᠠᠯᠠ ᠮᠥᠩᠭᠦ ᠶᠢ ᠪᠦᠬᠦᠨ ᠢ ᠠᠷᠠᠳ ᠤᠨ ᠠᠮᠢᠳᠤᠷᠠᠯ ᠤᠨ ᠵᠠᠷᠤᠯᠭ᠎ᠠ ᠳᠤ ᠬᠡᠷᠡᠭᠯᠡᠪᠡ᠃     ᠡᠭᠦᠨ ᠠᠴᠠ ᠭᠠᠳᠠᠨ᠎ᠠ᠂ ᠬᠢᠨᠠᠨ ᠪᠤᠳᠤᠬᠤ᠂ ᠬᠠᠩᠭᠠᠨ ᠪᠣᠷᠣᠯᠠᠭᠤᠯᠬᠤ᠂ ᠦᠨᠳᠦᠰᠦᠲᠡᠨ ᠤ ᠠᠵᠢᠯ᠂ ᠤᠷᠤᠨ ᠨᠤᠳᠤᠭ ᠤᠨ ᠤᠶᠢᠯᠠᠯᠭ᠎ᠠ᠂ ᠠᠬᠠᠮᠠᠳ ᠺᠠᠳ᠋ᠷ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ ᠂ ᠤᠯᠠᠭᠠᠨ ᠵᠠᠭᠠᠯᠮᠠᠶᠢᠲᠠᠨ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠳᠡᠭᠲᠡᠷ ᠲᠤ ᠭᠠᠷᠴᠠᠶ    ᠲᠥᠯᠥᠭᠡᠯᠡᠭᠴᠢᠳ ᠡ᠂ 2021 ᠣᠨ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠡᠴᠦᠰ ᠤᠨ ᠨᠢᠬᠡ ᠵᠢᠯ ᠪᠤᠯᠤᠨ᠎ᠠ᠂ ᠮᠦᠨ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠃ ᠡᠨᠡ ᠨᠢᠭᠡ ᠵᠢᠯ ᠳᠤ᠂ ᠪᠢᠳᠡ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ ᠬᠦᠳᠡᠯᠦᠯᠴᠡᠵᠤ᠂ ᠴᠠᠭ ᠮᠦᠴᠡ ᠲᠠᠢ ᠤᠷᠤᠯᠳᠤᠨ᠂ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠦᠶᠯᠡᠰ ᠰᠢᠨ᠎ᠡ ᠠᠯᠬᠤᠮ ᠢ ᠠᠯᠬᠤᠵᠤ᠂ ᠰᠢᠨ᠎ᠡ ᠠᠮᠵᠢᠯᠲᠠ ᠣᠯᠵᠤ᠂ ᠰᠢᠨ᠎ᠡ ᠰᠢᠪᠲᠤᠯᠤᠯᠲᠠ ᠲᠠᠢ ᠪᠣᠯᠪᠠ᠃    ᠨᠢᠭᠡ ᠵᠢᠯ ᠤᠨ ᠲᠤᠷᠰᠢ᠂ ᠪᠢᠳᠡ ᠪᠦᠬᠦ ᠬᠦᠴᠦᠨ ᠢᠶᠠᠨ ᠰᠢᠪᠬᠠᠨ ᠨᠡᠮᠡᠭᠳᠡᠯ ᠢ ᠲᠣᠭᠲᠠᠪᠤᠷᠢᠵᠢᠭᠤᠯᠪᠠ᠃ ᠵᠢᠱᠢᠯᠲᠡ ᠪᠠᠷ ᠪᠥᠬᠦ ᠵᠢᠯ ᠤᠨ ᠭᠠᠵᠠᠷ ᠤᠷᠤᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 8% ᠣᠷᠴᠢᠮ ᠨᠡᠮᠡᠭᠳᠡᠭᠦᠯᠵᠦ᠂ ᠬᠤᠶᠠᠷ ᠵᠢᠯ ᠳᠤ ᠳᠤᠮᠳᠠᠴᠢ ᠪᠠᠷ 5.5% ᠨᠡᠮᠡᠭᠳᠡᠭᠦᠯᠵᠦ᠂ ᠠᠵᠤ ᠠᠬᠤᠶ ᠶᠢᠨ ᠡᠷᠬᠢᠯᠳᠡ ᠶᠢᠨ ᠲᠣᠭᠲᠠᠪᠤᠷᠢᠲᠤ ᠴᠢᠨᠠᠷ ᠪᠠ ᠤᠶᠠᠨ ᠬᠠᠲᠠᠨ ᠴᠢᠨᠠᠷ  ᠲᠠᠰᠤᠷᠠᠯᠲᠠ ᠥᠬᠡᠶ ᠴᠢᠩᠭᠠᠷᠠᠪᠠ᠃ ᠪᠦᠲᠦᠮᠵᠢᠲᠡᠶ ᠪᠡᠯᠡ ᠣᠷᠣᠭᠤᠯᠤᠯᠲᠠ ᠲᠣᠭᠲᠠᠭᠤᠨ ᠢᠶᠠᠷ ᠥᠷᠭᠡᠳᠴᠦ᠂ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 90 ᠭᠤᠣᠯᠳᠠᠯᠭ᠎ᠠ ᠲᠠᠢ ᠲᠥᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 45 ᠶᠢ ᠨᠢ ᠪᠠᠷᠢᠯᠭ᠎ᠠ ᠳᠠᠭᠤᠰᠬᠠᠵᠤ᠂ ᠪᠦᠬᠦ ᠬᠤᠲᠠ ᠶᠢᠨ ᠭᠤᠣᠯᠳᠠᠯᠭ᠎ᠠ ᠲᠠᠢ ᠲᠥᠷᠦᠯ ᠵᠦᠢᠯ ᠤᠨ ᠲᠤᠭᠤᠷᠢᠨ ᠦᠵᠡᠵᠤ ᠠᠬᠢᠭᠤᠯᠬᠤ ᠬᠤᠷᠠᠯ ᠳᠤ ᠶᠡᠷᠦᠩᠬᠡᠶᠢᠯᠡᠭᠰᠡᠨ ᠬᠤᠪᠢ ᠪᠠᠷ ᠡᠯ᠎ᠡ ᠬᠤᠰᠢᠭᠤ ᠰᠢᠶᠠᠨ ᠲᠣᠭᠤᠷᠢᠭ ᠤᠨ ᠲᠤᠳᠤᠷ᠎ᠠ ᠨᠢᠬᠡᠳᠦᠬᠡᠷ ᠲᠤ ᠤᠷᠤᠪᠠ᠂ ᠵᠢᠱᠢᠯᠲᠡ ᠪᠠᠷ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 25% ᠠᠴᠠ ᠳᠡᠭᠡᠭᠰᠢ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 15.1% ᠪᠠᠷ ᠨᠡᠮᠡᠭᠳᠡᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠲᠠᠰᠤᠷᠠᠯᠲᠠ  ᠦᠬᠡᠢ ᠨᠡᠮᠡᠭᠳᠡᠭᠦᠯᠵᠦ᠂ ᠶᠡᠷᠦᠩᠬᠡᠶ ᠪᠡᠯᠡ ᠣᠷᠣᠭᠤᠯᠤᠯᠲᠠ ᠨᠢ 300 ᠳ᠋ᠦᠩᠰᠢᠭᠤᠷ ᠲᠥᠭᠦᠷᠢᠭ ᠤᠨ ᠰᠢᠨ ᠶᠤᠸᠠᠨ ᠤ ᠮᠥᠬᠦᠯᠢᠭᠲᠦ ᠴᠠᠬᠢᠭᠤᠷ ᠨᠠᠨᠤ᠋ ᠴᠠᠬᠢᠭᠤᠷ᠂ ᠶᠡᠷᠦᠩᠬᠡᠶ ᠪᠡᠯᠡ ᠣᠷᠣᠭᠤᠯᠤᠯᠲᠠ ᠨᠢ 160 ᠳ᠋ᠦᠩᠰᠢᠭᠤᠷ ᠲᠥᠭᠦᠷᠢᠭ ᠤᠨ ᠯᠦᠩ ᠮᠠ ᠶᠢᠨ ᠳᠡᠭᠡᠳᠦ ᠲᠠᠰ ᠤᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠶᠯᠡᠳᠬᠦ ᠠᠵᠤ ᠦᠶᠯᠡᠰ ᠤᠨ ᠬᠦᠷᠢᠶᠡᠯᠡᠩ ᠵᠡᠷᠭᠡ 161 ᠲᠥᠷᠥᠯ ᠵᠦᠶᠯ ᠢ ᠣᠷᠣᠭᠤᠯᠵᠤ ᠠᠪᠴᠢᠷᠠᠨ᠂ ᠥᠪᠡᠷᠲᠡᠭᠡᠨ ᠵᠠᠰᠠᠬᠤ ᠤᠷᠤᠨ ᠠᠴᠠ ᠭᠠᠳᠠᠨᠡᠬᠢ ︵ᠤᠯᠤᠰ ᠤᠨ ᠳᠣᠲᠣᠭᠠᠳᠤ ᠶᠢᠨ︶ ᠪᠡᠯᠡ ᠮᠥᠩᠭᠦ ᠶᠢ 61 ᠳ᠋ᠦᠩᠰᠢᠭᠤᠷ ᠲᠥᠭᠦᠷᠢᠭ ᠣᠷᠣᠭᠤᠯᠵᠤ ᠠᠪᠴᠢᠷᠠᠨ᠂ 38.7% ᠪᠠᠷ ᠨᠡᠮᠡᠭᠳᠡᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠰᠠᠨ ᠬᠡᠮᠵᠢᠶ᠎ᠡ 190 ᠳ᠋ᠦᠩᠰᠢᠭᠤᠷ ᠲᠥᠭᠦᠷᠢᠭ ᠪᠡᠶᠡᠯᠡᠭᠦᠯᠵᠦ᠂ 68% ᠪᠠᠷ ᠨᠡᠮᠡᠭᠳᠡᠪᠡ᠃ ᠠᠵᠤ ᠦᠢᠯᠡᠳᠪᠦᠷᠢ ᠪᠠᠷ ᠲᠣᠭᠤᠷᠢᠭ ᠢᠶᠠᠨ ᠪᠠᠶᠢᠭᠤᠯᠬᠤ ᠦᠢᠯᠡᠳᠦᠯ ᠢᠯᠡᠷᠬᠡᠶ ᠪᠠᠶᠢᠵᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ 48% ᠣᠷᠴᠢᠮ ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 13% ᠣᠷᠴᠢᠮ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 13.1% ᠪᠠᠷ ᠨᠡᠮᠡᠭᠳᠡᠪᠡ᠃ ᠬᠡᠷᠡᠭᠯᠡᠭᠡᠨ ᠤ ᠲᠠᠸᠠᠷ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠳᠡᠭᠡᠭᠰᠢᠯᠡᠵᠦ᠂ ᠤᠷᠢᠳ ᠬᠤᠵᠢᠳ ᠢᠷᠠᠵᠤ ᠨᠤᠳᠤᠬᠰᠢᠬᠰᠠᠨ ᠬᠤᠸᠠ ᠯᠢᠶᠠᠨ᠂ ᠶᠦᠩ ᠡᠾᠦ᠋ᠢ ᠵᠡᠷᠭᠡ ᠣᠷᠣᠨ ᠪᠦᠰᠡ ᠶᠢᠨ ᠴᠢᠨᠠᠷᠲᠠᠢ ᠶᠡᠷᠦᠩᠬᠡᠢ ᠬᠡᠯᠲᠡᠰ ᠤᠨ ᠠᠵᠤ ᠠᠬᠤᠢ ᠶᠢᠨ ᠲᠦᠷᠦᠯ ᠵᠦᠢᠯ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ 8% ᠣᠷᠴᠢᠮ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 1.6% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 30 ᠳ᠋ᠦᠩᠰᠢᠭᠤᠷ ᠲᠥᠭᠦᠷᠢᠭ ᠢ ᠳᠠᠪᠠᠨ᠂ 30.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.46% ᠪᠠᠷ ᠨᠡᠮᠡᠭᠳᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ 7.2 ᠳ᠋ᠦᠩᠰᠢᠭᠤᠷ ᠲᠥᠭᠦᠷᠢᠭ ᠰᠢᠶᠳᠪᠦᠷᠢᠯᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ  ᠲᠡᠭᠰᠢᠳᠭᠡᠭᠰᠡᠨ ᠡᠵᠡᠮᠳᠡᠵᠦ ᠪᠣᠯᠬᠤ ᠣᠷᠣᠯᠭ᠎ᠠ ᠶᠢ 8% ᠣᠷᠴᠢᠮ ᠨᠡᠮᠡᠭᠳᠡᠭᠦᠯᠵᠦ᠂ ᠬᠤᠶᠠᠷ ᠵᠢᠯ ᠳᠤ ᠳᠤᠮᠳᠠᠴᠢ ᠪᠠᠷ 4.4%   ᠪᠠᠷ ᠨᠡᠮᠡᠭᠳᠡᠭᠦᠯᠵᠦ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠲᠠᠢ ᠦᠨᠳᠦᠰᠦᠨ ᠳᠡᠭᠡᠨ ᠠᠳᠠᠯᠢ ᠪᠠᠶᠢᠨ᠎ᠠ᠃    ᠨᠢᠭᠡ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠬᠤ ᠶᠢ ᠴᠥᠬᠦᠷᠡᠰᠢ ᠦᠭᠡᠢ ᠪᠠᠷᠢᠮᠳᠠᠯᠠᠨ ᠠᠬᠢᠭᠤᠯᠪᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠵᠦ᠂ ᠲᠠᠢ ᠨᠠ ᠷᠦᠢ ᠰᠾᠢ ᠴᠢᠯᠠᠭᠤᠨ ᠲᠤᠰᠤᠨ ᠤ ᠤᠬᠯᠠᠭᠤᠷ ᠬᠤᠭᠤᠯᠠᠢ ᠶᠢᠨ ᠤᠨᠴᠠᠭᠠᠢ ᠲᠣᠪᠴᠢ ᠶᠢᠨ ᠲᠦᠷᠦᠯ ᠵᠦᠢᠯ ᠤᠳᠠᠯ ᠦᠭᠡᠢ ᠠᠰᠢᠭᠯᠠᠯᠲᠠ ᠳᠤ ᠣᠷᠣᠬᠤ ᠪᠤᠯᠤᠨ᠎ᠠ᠂ ᠰᠢ ᠵᠢᠶᠦ᠋ᠨ ᠤ 1 ᠲᠦᠮᠡᠨ ᠲᠣᠨ ᠤ ᠬᠤᠪᠣᠷ ᠰᠢᠷᠣᠢ ᠶᠢᠨ ᠲᠡᠮᠦᠷᠯᠢᠭ ᠵᠢᠴᠢ ᠬᠠᠶᠢᠯᠤᠰᠢ ᠵᠡᠷᠭᠡ ᠲᠦᠷᠦᠯ ᠵᠦᠢᠯ ᠤᠨ ᠡᠷᠬᠢᠯᠳᠡ ᠮᠠᠰᠢ ᠰᠠᠶᠢᠨ ᠪᠠᠶᠢᠵᠤ᠂ ᠪᠤᠯᠤᠳ ᠲᠡᠮᠤᠷ ᠬᠤᠪᠣᠷ ᠰᠢᠷᠣᠢ ᠶᠢ ᠨᠠᠷᠢᠯᠢᠭ ᠡᠳ᠋ᠰᠢᠭᠦᠯᠬᠦ ᠲᠦᠪᠰᠢᠨ ᠲᠠᠰᠤᠷᠠᠯᠳᠠ ᠦᠭᠡᠢ ᠳᠡᠭᠡᠭᠰᠢᠯᠡᠪᠡ᠃ ᠰᠢᠨ᠎ᠡ ᠪᠠᠷ ᠮᠠᠨᠳᠤᠬᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠦᠩ ᠸᠧᠢ ᠶᠢᠨ 5 ᠲᠦᠮᠡᠨ ᠲᠣᠨ ᠤ ᠴᠤᠯ ᠴᠡᠪᠡᠷ ᠲᠠᠯᠠᠰᠲᠤ ᠴᠠᠬᠢᠭᠤᠷ ︵ᠬᠤᠶᠠᠳᠤᠭᠠᠷ ᠬᠤᠭᠤᠴᠠᠭ᠎ᠠ︶  ᠤᠨ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠮᠧᠢ ᠺᠧ ᠶᠢᠨ 12 GW  ᠤᠨ ᠳᠠᠩ ᠲᠠᠯᠠᠰᠲᠤ ᠤᠳᠠᠰᠤ ᠲᠠᠳᠠᠬᠤ ᠮᠤᠨᠠ᠂ ᠺᠠᠩ ᠲᠠᠨ ᠲᠠᠨ/ ᠨᠡᠭᠦᠷᠡᠰᠦᠲᠥ᠋ᠷᠥᠭᠴᠢ ᠶᠢᠨ ᠨᠡᠶᠢᠯᠡᠮᠡᠯ ᠮᠠᠲ᠋ᠧᠷᠢᠶᠠᠯ᠂ ᠯᠧ ᠴᠧᠩ ᠭᠡᠷᠡᠯᠴᠢ ᠴᠡᠨᠡᠭ ᠤᠨ ᠬᠡᠷᠡᠭᠯᠡᠬᠦ ᠢᠯᠴᠢ ᠶᠢᠨ ᠰᠢᠰᠲ᠋ᠧᠮ ᠤᠨ ᠮᠠᠲ᠋ᠧᠷᠢᠶᠠᠯ ᠤᠨ ᠦᠢᠯᠡᠳᠪᠦᠷᠢᠯᠡᠯ ᠢ ᠠᠰᠢᠭᠯᠠᠯᠲᠠ ᠳᠤ ᠣᠷᠣᠭᠤᠯᠵᠤ ᠦᠷ᠎ᠡ ᠠᠰᠢᠭ ᠭᠠᠷᠭᠠᠵᠤ᠂ ᠴᠠᠬᠢᠭᠤᠷ ᠢᠶᠠᠷ ᠰᠠᠭᠤᠷᠢ ᠪᠤᠯᠭᠠᠬᠰᠠᠨ ᠠᠵᠤ ᠦᠢᠯᠡᠰ ᠲᠤ ᠲᠡᠭᠡᠳᠤ ᠲᠡᠰᠵᠢᠬᠦ᠂ ᠬᠡᠯᠬᠢᠶᠡᠵᠢᠬᠦ᠂ ᠬᠥᠭᠵᠢᠬᠦ ᠪᠠᠶᠢᠳᠠᠯ ᠢᠯᠡᠷᠡᠪᠡ᠃ ︽ᠡᠯᠧᠺᠲᠷᠣᠨ ᠬᠤᠳᠠᠯᠳᠤᠭ᠎ᠠ + ᠪᠠᠷᠠᠭᠠᠨ ᠤ ᠭᠦᠶᠯᠭᠡᠭᠡ︾ ᠶᠢᠨ ᠠᠵᠤ ᠦᠶᠯᠡᠰ ᠢ ᠰᠢᠯᠢᠳᠡᠭᠵᠢᠭᠦᠯᠦᠨ ᠠᠮᠢᠳᠤᠯᠢᠭᠵᠢᠭᠤᠯᠵᠤ᠂ ᠺᠤᠸᠠᠢ ᠴᠧᠩ ᠪᠠᠷᠠᠭᠠᠨ ᠤ ᠭᠦᠶᠯᠭᠡᠭᠡ᠂ ᠵᠥᠩ ᠶᠤᠸᠠᠨ ᠲᠡᠯᠡᠶ ᠶᠢᠨ ᠲᠡᠭᠡᠭᠡᠪᠦᠷᠢ ᠵᠡᠷᠭᠡ ᠲᠠᠭᠠᠭᠤᠯᠤᠬᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ 8 ᠪᠠᠷᠠᠭᠠᠨ ᠤ ᠭᠦᠶᠯᠭᠡᠭᠡ ᠶᠢᠨ ᠠᠵᠤ ᠠᠬᠤᠶᠢᠯᠠᠯ ᠢ ᠰᠣᠩᠭᠤᠨ ᠲᠤᠷᠰᠢᠯᠳᠠ ᠶᠢᠨ ᠴᠡᠭ ᠪᠤᠯᠭᠠᠨ ︽ᠪᠠᠷᠠᠭᠠᠨ ᠤ ᠭᠦᠶᠯᠭᠡᠭᠡ ᠶᠢᠨ ᠦᠶᠯᠡᠴᠢᠯᠡᠭᠡᠨ ᠤ ᠲᠠᠪᠴᠠᠩ︾ ᠤᠨ ᠪᠠᠶᠢᠭᠤᠯᠤᠯᠲᠠ ᠶᠢ ᠠᠬᠢᠭᠤᠯᠵᠤ᠂ ᠬᠥᠮᠥᠷᠭᠡᠯᠡᠬᠦ᠂ ᠪᠠᠷᠠᠭᠠᠨ ᠤ ᠲᠡᠬᠡᠬᠡᠪᠦᠷᠢ ᠶᠢ ᠤᠷᠤᠯᠠᠨ ᠬᠦᠢᠴᠡᠳᠬᠡᠬᠦ᠂ ᠲᠡᠭᠡᠭᠡᠪᠦᠷᠢᠯᠡᠬᠦ᠂ ᠠᠷᠠᠯᠵᠢᠶᠠᠯᠠᠬᠤ᠂ ᠪᠠᠯᠠ ᠬᠤᠷᠠᠮᠳᠤᠭᠤᠯᠬᠤ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠬᠠᠩᠭᠠᠯᠭ᠎ᠠ ᠶᠢᠨ ᠬᠡᠯᠬᠢᠶ᠎ᠡ ᠶᠢᠨ ᠦᠶᠯᠡᠴᠢᠯᠡᠭᠡ ᠶᠢ ᠪᠥᠬᠦ ᠶᠠᠪᠤᠴᠠ ᠳᠤ ᠬᠠᠩᠭᠠᠵᠤ᠂ ︽ᠪᠥᠬᠦ ᠤᠯᠤᠰ ᠤᠨ ᠰᠢᠶᠠᠨ ᠤ ᠱᠠᠳᠤᠨ ᠤ ᠡᠯᠧᠺᠲᠷᠣᠨ ᠬᠤᠳᠠᠯᠳᠤᠭᠠᠨ ᠤ ᠥᠷᠢᠰᠦᠯᠳᠦᠬᠦ ᠬᠦᠴᠦᠨ ᠤ ᠵᠠᠭᠤᠨ ᠬᠦᠴᠦᠷᠬᠡᠭ ᠲᠤᠭᠤᠷᠢᠭ︾ ᠢᠶᠠᠷ ᠦᠨᠡᠯᠡᠭᠳᠡᠪᠡ᠃ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠨᠠᠷᠠᠲᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠵᠢᠭᠤᠯᠴᠢᠯᠠᠵᠤ ᠠᠮᠠᠷᠠᠵᠤ ᠰᠡᠯᠡᠬᠦᠴᠡᠬᠦ ᠲᠣᠰᠬᠤᠨ ᠵᠡᠷᠭᠡ ᠲᠥᠷᠥᠯ ᠵᠦᠶᠯ ᠢ ᠴᠢᠷᠮᠠᠶᠢᠨ ᠪᠠᠶᠢᠭᠤᠯᠪᠠ᠃ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 430 ᠮᠤᠨᠳᠠᠭ ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ ᠬᠤᠲᠠ ᠶᠢᠨ ᠲᠣᠭᠤᠷᠢᠭ ᠲᠤ 5G ᠰᠦᠯᠵᠢᠶ᠎ᠡ ᠶᠢ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠪᠠ᠃ ᠬᠦᠷᠢᠶᠡᠯᠡᠩ ᠲᠣᠭᠤᠷᠢᠭ ᠤᠨ ᠪᠠᠭᠲᠠᠭᠠᠮᠵᠢ ᠶᠢ ᠥᠷᠭᠡᠳᠬᠡᠨ ᠶᠠᠰᠦ ᠴᠢᠨᠠᠷ ᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠵᠠᠰᠠᠮᠠᠯ ᠵᠠᠮ ᠪᠠ ᠬᠤᠭᠤᠯᠠᠶ ᠶᠢᠨ ᠲᠤᠤᠷ ᠢ 27 ᠺᠢᠯᠣᠮᠧᠲᠷ᠂ ᠪᠠᠷᠢᠮᠵᠢᠶᠠᠵᠢᠭᠤᠯᠤᠭᠰᠠᠨ ᠦᠶᠯᠡᠳᠪᠦᠷᠢ ᠶᠢᠨ ᠬᠡᠷ ᠪᠠᠶᠢᠰᠢᠩ ᠢ 3.4 ᠲᠦᠮᠡᠨ ᠲᠡᠭᠰᠢ ᠳᠥᠷᠪᠡᠯᠵᠢᠨ ᠮᠧᠲᠷ ᠪᠦᠳᠦᠬᠡᠨ ᠪᠠᠶᠢᠭᠤᠯᠵᠤ᠂ 1661 ᠮᠥ ᠭᠠᠵᠠᠷ ᠰᠢᠷᠣᠶ ᠶᠢ ᠬᠤᠷᠢᠶᠠᠨ ᠠᠪᠴᠤ ᠨᠥᠭᠡᠴᠡᠯᠡᠵᠤ᠂ ᠪᠤᠭᠤᠲᠤ ᠪᠣᠯᠣᠳ ︵ᠪᠦᠯᠦᠭᠯᠡᠯ︶ ᠺᠣᠮᠫᠠᠨᠢ ᠶᠢᠨ ᠪᠤᠯᠤᠳ ᠪᠤᠯᠪᠠᠰᠤᠷᠠᠭᠤᠯᠬᠤ ᠠᠴᠠ ᠡᠮᠦᠨᠡᠬᠢ ᠲᠥᠪᠯᠡᠷᠡᠭᠦᠯᠦᠨ ᠡᠵᠡᠮᠳᠡᠬᠦ ᠲᠥᠪ᠂ ᠪᠣᠯᠣᠳ ᠡᠬᠦᠰᠬᠡᠬᠦᠷ ᠪᠣᠯᠣᠳ ᠤᠷᠢᠶᠠᠮᠠᠯ ᠤᠨ ᠡᠷᠭᠦᠭᠦᠯ ᠲᠡᠷᠭᠡ ᠶᠢ ᠬᠥᠮᠦᠨ ᠥᠬᠡᠶ ᠪᠠᠷ ᠵᠢᠯᠤᠭᠤᠳᠬᠤ ᠪᠣᠯᠭᠠᠨ ᠥᠭᠡᠷᠡᠴᠢᠯᠡᠬᠦ᠂ ᠢᠨᠲ᠋ᠧᠷ ᠰᠦᠯᠵᠢᠶᠡᠨ ᠤ ᠳ᠋ᠠᠶᠢᠲ᠋ᠠ ᠶᠢᠨ ᠲᠥᠪ ᠵᠡᠷᠭᠡ ᠲᠥᠷᠥᠯ ᠵᠦᠶᠯ ᠢ ᠲᠣᠭᠲᠠᠭᠤᠨ ᠢᠶᠠᠷ ᠬᠡᠷᠡᠭᠵᠢᠭᠦᠯᠵᠦ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠣᠭᠠᠴᠢᠯᠠᠭᠰᠠᠨ ᠬᠡᠯᠪᠡᠷᠢ ᠲᠡᠶᠢᠰᠢ ᠬᠤᠪᠢᠷᠠᠭᠤᠯᠬᠤ ᠠᠯᠬᠤᠴᠠ ᠲᠦᠷᠭᠡᠳᠪᠡ᠃   ᠨᠢᠭᠡ ᠵᠢᠯ ᠤᠨ ᠲᠤᠷᠰᠢ᠂ ᠪᠢᠳᠡ ᠡᠷᠡᠰ ᠭᠤᠶᠢᠪᠢᠰᠢ ᠦᠭᠡᠢ ᠪᠠᠷ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠪᠡ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ 23 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠹᠢᠽᠢᠺ ᠬᠢᠮᠢ ᠶᠢᠨ ᠭᠠᠵᠠᠷ᠂ ᠵᠧᠵᠢᠶᠠᠩ ᠶᠡᠭᠡ ᠰᠤᠷᠭᠠᠭᠤᠯᠢ ᠶᠢᠨ ᠠᠵᠤ ᠦᠶᠯᠡᠳᠪᠦᠷᠢ ᠶᠢᠨ ᠰᠤᠳᠤᠯᠭᠠᠨ ᠤ ᠬᠦᠷᠢᠶᠡᠯᠡᠩ᠂ ᠦᠪᠦᠷ ᠮᠤᠩᠭᠤᠯ   ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠶᠡᠭᠡ ᠰᠤᠷᠭᠠᠭᠤᠯᠢ ᠶᠢᠨ ᠠᠵᠤ ᠦᠶᠯᠡᠰ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ 9 ᠴᠢᠬᠤᠯᠠ ᠲᠥᠷᠥᠯ ᠵᠦᠶᠯ ᠢ ᠥᠷᠨᠢᠭᠦᠯᠵᠦ᠂ 12 ᠵᠦᠢᠯ ᠨᠢ ᠥᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠬᠦᠷᠳᠡᠵᠤ᠂ ᠥᠪᠡᠷᠲᠡᠭᠡᠨ ᠵᠠᠰᠠᠬᠤ ᠤᠷᠤᠨ  ᠤ ᠲᠠᠰ ᠤᠨ ᠳᠡᠭᠡᠳᠦ ᠰᠢᠨ᠎ᠡ ᠮᠡᠷᠭᠡᠵᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ 10᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 6 ᠶᠢ ᠰᠢᠨ᠎ᠡ ᠪᠠᠷ ᠨᠡᠮᠡᠭᠳᠡᠭᠦᠯᠵᠦ᠂ ᠵᠢᠱᠢᠯᠲᠡ ᠪᠠᠷ 2021 ᠣᠨ ᠳᠤ ᠪᠥᠬᠦ ᠨᠡᠶᠢᠭᠡᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ 7% ᠠᠴᠠ ᠳᠡᠭᠡᠭᠰᠢ ᠨᠡᠮᠡᠭᠳᠡᠵᠦ᠂ GDP  ᠳᠠᠬᠢ ᠡᠵᠡᠯᠡᠬᠦ ᠬᠤᠪᠢ ᠶᠢᠨ ᠵᠢᠩ ᠨᠢ 2.3% ᠪᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠠᠬᠢᠭᠤᠯᠪᠠ᠂ ᠪᠤᠭᠤᠲᠤ ᠬᠤᠲᠠ ᠶᠢᠨ ᠴᠣᠷ ᠤᠨ ᠭᠠᠭᠴᠠ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠲᠣᠭᠤᠷᠢᠭ ᠪᠣᠯᠤᠭᠰᠠᠨ ᠤ ᠬᠤᠪᠢ ᠳᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ᠂ 15 ᠰᠠᠯᠠᠭ᠎ᠠ ᠮᠥᠴᠢᠷ ᠤᠨ 134 ᠵᠦᠶᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠪᠦᠬᠦᠨ ᠢ ᠰᠢᠯᠵᠢᠬᠦᠯᠦᠨ ᠠᠪᠴᠢᠷᠠᠵᠤ᠂ ︽ᠨᠢᠭᠡ ᠯᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠪᠡᠶᠡᠯᠡᠬᠦᠯᠬᠦ᠂ ︽ᠨᠢᠭᠡ ᠬᠦᠰᠦᠨᠦᠭᠲᠦ᠂ ᠨᠢᠭᠡ ᠢᠵᠢ ᠮᠠᠲ᠋ᠧᠷᠢᠶᠠᠯ︾ ᠤᠨ ᠵᠠᠭᠪᠤᠷ ᠢ ᠨᠡᠶᠢᠲᠡᠯᠢᠭ ᠵᠢᠱᠢᠶ᠎ᠡ ᠪᠣᠯᠭᠠᠨ ᠪᠥᠬᠦ ᠬᠤᠲᠠ ᠳᠤ ᠤᠬᠠᠭᠤᠯᠤᠨ ᠳᠡᠯᠭᠡᠷᠡᠭᠦᠯᠪᠡ᠃ ᠰᠦᠯᠵᠢᠶᠡᠨ ᠳᠡᠭᠡᠷ᠎ᠡ ᠭᠦᠶᠴᠡᠳᠬᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠲᠤᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ ᠭᠦᠶᠴᠡᠳᠬᠡᠬᠦ ᠪᠤᠯᠤᠬᠰᠠᠨ ᠨᠢ 1497 ᠵᠦᠶᠯ ᠪᠤᠯᠵᠤ᠂ ᠲᠤᠭᠤᠷᠢᠭ ᠤᠨ ᠲᠣᠰ ᠱᠠᠲᠤᠨ ᠤ ︽ᠵᠠᠰᠠᠭ ᠪᠠ ᠠᠵᠤ ᠠᠬᠤᠶᠢᠯᠠᠯ ᠤᠨ ᠨᠡᠪᠳᠡᠷᠡᠬᠦ ᠲᠠᠪᠴᠠᠩ︾᠂ ︽ᠠᠵᠤ ᠠᠬᠤᠶᠢᠯᠠᠯ ᠤᠨ ᠰᠢᠯᠭᠠᠨ ᠪᠠᠶᠢᠴᠠᠭᠠᠬᠤ ᠨᠡᠪᠲᠡᠷᠡᠬᠦ ᠲᠠᠪᠴᠠᠩ︾ ᠵᠡᠷᠭᠡ ᠥᠪᠡᠰᠦᠪᠡᠨ ᠪᠠᠶᠢᠭᠤᠯᠤᠭᠰᠠᠨ 6 ᠲᠠᠪᠴᠠᠩ ᠢ ︽ᠮᠥᠩᠬᠡ ᠰᠤᠪᠠᠭ︾ APP ᠳᠤ ᠵᠠᠯᠭᠠᠨ ᠣᠷᠣᠭᠤᠯᠵᠤ᠂ ᠥᠪᠡᠷᠲᠡᠭᠡᠨ ᠵᠠᠰᠠᠬᠤ ᠤᠷᠤᠨ ᠤ ︽ᠮᠥᠩᠬᠡ ᠰᠤᠪᠠᠭ · ᠠᠯᠠᠭᠠᠨ ᠲᠡᠭᠡᠷ᠎ᠡ ᠪᠠᠨ ᠬᠦᠢᠴᠡᠳᠬᠡᠬᠦ︾  ᠲᠤᠷᠰᠢᠯᠲᠠ ᠶᠢᠨ ᠴᠡᠭ ᠤᠨ ᠭᠠᠵᠠᠷ ᠣᠷᠣᠨ ᠢᠶᠠᠷ ᠵᠥᠪᠰᠢᠶᠡᠷᠡᠭᠳᠡᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠢ ᠳᠠᠬᠢᠵᠤ ᠵᠣᠬᠢᠶᠠᠬᠤ ᠶᠢ ᠠᠬᠢᠭᠤᠯᠵᠤ᠂ 397 ᠵᠦᠶᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠨᠢᠭᠡ ᠴᠣᠩᠬᠤᠪᠴᠢ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ︾ ᠶᠢ ᠪᠡᠶᠡᠯᠡᠭᠦᠯᠦᠨ᠂ ᠠᠵᠤ ᠠᠬᠤᠶᠢᠯᠠᠯ ᠨᠡᠭᠡᠭᠡᠨ ᠡᠷᠭᠢᠯᠡᠬᠦ ᠭᠠᠷᠳᠠᠮ ᠢ ᠰᠦᠢᠳᠬᠡᠯ ᠥᠬᠡᠶ ᠪᠠᠷ ᠬᠠᠭᠠᠰ ᠡᠳᠦᠷ ᠭᠦᠶᠴᠡᠳᠬᠡᠵᠤ ᠲᠠᠭᠤᠰᠬᠤ᠂ ︽ᠭᠡᠷᠡᠴᠢ ᠪᠠ ᠦᠨᠡᠮᠯᠡᠯ ᠢ ᠰᠠᠯᠭᠠᠬᠤ︾᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ ︽ᠬᠠᠪᠰᠤᠷᠤᠨ ᠭᠦᠶᠴᠡᠳᠬᠡᠵᠦ ᠣᠷᠣᠯᠠᠨ ᠭᠦᠶᠴᠡᠳᠬᠡᠬᠦ︾᠂ ︽ᠳᠤᠲᠠᠭᠳᠠᠬᠰᠠᠨ ᠢ ᠠᠭᠤᠴᠢᠯᠠᠨ ᠭᠥᠯᠢᠶᠡᠨ ᠠᠪᠴᠤ ᠰᠢᠶᠳᠪᠦᠷᠢᠯᠡᠬᠦ︾ ᠵᠡᠷᠭᠡ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠯᠡ ᠡᠭᠦᠳᠡ ᠪᠠᠷ ᠣᠷᠣᠵᠤ᠂ ᠨᠢᠭᠡ ᠯᠡ ᠴᠣᠩᠬᠤᠪᠴᠢ ᠪᠠᠷ ᠭᠦᠶᠴᠡᠳᠬᠡᠵᠦ᠂ ᠨᠢᠭᠡ ᠯᠡ ᠤᠳᠠᠭ᠎ᠠ ᠭᠦᠶᠦᠬᠦ︾ ᠳᠥᠭᠦᠮ ᠲᠦᠷᠬᠡᠨ ᠥᠨᠳᠥᠷ ᠪᠦᠲᠦᠮᠵᠢᠲᠡᠶ ᠦᠶᠯᠡᠴᠢᠯᠡᠭᠡᠨ ᠤ ᠲᠣᠭᠲᠠᠴᠠ ᠶᠢ ᠲᠦᠷᠭᠡᠳᠬᠡᠨ ᠪᠦᠷᠢᠯᠳᠦᠭᠦᠯᠪᠡ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠦᠬᠦ ᠲᠠᠯ᠎ᠠ ᠪᠠᠷ ᠰᠢᠯᠢᠳᠡᠭᠵᠢᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠪᠠ᠃     ᠨᠢᠭᠡ ᠵᠢᠯ ᠤᠨ ᠲᠤᠷᠰᠢ᠂ ᠪᠢᠳᠡ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠠᠮᠢ ᠠᠬᠤᠶ ᠶᠢ ᠰᠢᠯᠢᠳᠡᠭᠵᠢᠭᠦᠯᠪᠡ᠃ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠤᠭᠤᠲᠤ ᠪᠣᠯᠣᠳ ᠤᠨ ᠰᠢᠲᠠᠭᠠᠨ ᠪᠠᠷᠢᠯᠳᠤᠭᠤᠯᠬᠤ ᠮᠠᠰᠢᠨ ᠢ ᠲᠤᠶᠢᠯ ᠤᠨ ᠪᠠᠭ᠎ᠠ ᠬᠡᠮᠵᠢᠶᠡᠨ ᠤ ᠪᠤᠬᠢᠷᠳᠤᠯ ᠭᠠᠳᠠᠭᠰᠢᠯᠠᠭᠤᠯᠬᠤ ᠪᠤᠯᠭᠠᠨ ᠥᠭᠡᠷᠡᠴᠢᠯᠡᠬᠦ᠂ ᠬᠤᠸᠠ ᠮᠧᠶ ᠶᠢᠨ ᠬᠤᠪᠣᠷ ᠰᠢᠷᠣᠶ ᠶᠢ ᠬᠠᠯᠠᠭᠤᠳᠠᠭᠠᠬᠤ ᠬᠠᠶᠠᠭᠳᠠᠮᠠᠯ ᠬᠡᠶ ᠶᠢ ᠵᠠᠰᠠᠬᠤ ᠵᠡᠷᠭᠡ 27 ᠵᠦᠶᠯ ᠤᠨ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠭᠦᠨᠵᠡᠭᠡᠶ ᠵᠠᠰᠠᠬᠤ ᠢᠨᠵᠧᠨᠧᠷᠢᠩ ᠢ ᠠᠬᠢᠭᠤᠯᠵᠤ᠂ 1.54 ᠲᠦᠮᠡᠨ ᠡᠷᠦᠬᠡ᠂ 137 ᠲᠦᠮᠡᠨ ᠲᠡᠭᠰᠢ ᠳᠥᠷᠪᠡᠯᠵᠢᠨ ᠮᠧᠲᠷ ᠲᠤ ᠴᠡᠪᠡᠷ ᠡᠨᠧᠷᠭᠢ ᠪᠠᠷ ᠣᠷᠣᠯᠠᠭᠤᠯᠬᠤ ᠶᠢ ᠪᠡᠶᠡᠯᠡᠭᠦᠯᠵᠦ᠂ 88 ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠲᠠᠩᠰᠠ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ︽ᠨᠢᠭᠡ ᠦᠶᠯᠡᠳᠪᠦᠷᠢ ᠲᠤ ᠨᠢᠭᠡ ᠲᠥᠷᠥ ᠶᠢᠨ ᠪᠣᠳᠣᠯᠭ᠎ᠠ ᠶᠢ ᠬᠡᠷᠡᠭᠵᠢᠬᠦᠯᠬᠦ︾  ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠪᠥᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠪᠠᠶᠢᠬᠤ ᠨᠣᠷᠮ᠎ᠠ ᠣᠨ ᠤ ᠬᠠᠷᠠᠯᠲᠠ ᠶᠢ ᠪᠡᠶᠡᠯᠡᠬᠦᠯᠪᠡ᠃ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ︽ᠭᠤᠣᠯ   ᠤᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠤ ᠳᠠᠷᠤᠭ᠎ᠠ︾ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠪᠤᠭᠤᠲᠤ ᠪᠤᠯᠤᠳ ᠤᠨ ᠰᠢᠲᠠᠭᠠᠨ ᠪᠠᠷᠢᠯᠳᠤᠭᠤᠯᠵᠤ ᠬᠦᠬᠦᠷ ᠦᠭᠡᠶᠢᠳᠡᠭᠦᠯᠬᠦ ᠦᠶ᠎ᠡ ᠳᠤ ᠡᠬᠦᠰᠬᠡᠭᠰᠡᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠦᠭᠡᠢ ᠪᠠᠷ ᠰᠢᠢᠳᠪᠦᠷᠢᠯᠡᠬᠦ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠬᠦᠨᠳᠡᠯᠡᠨ ᠭᠤᠣᠯ ᠵᠡᠷᠭᠡ 7  ᠵᠤᠷᠪᠤᠰ ᠭᠤᠣᠯ ᠤᠨ ᠵᠠᠮ ᠢ ᠵᠠᠰᠠᠬᠤ ᠢᠨᠵᠧᠨᠧᠷᠢᠩ ᠢ ᠡᠮᠬᠢ ᠵᠢᠷᠤᠮ ᠲᠠᠢ ᠪᠠᠷ ᠠᠬᠢᠭᠤᠯᠵᠤ᠂ ᠬᠦᠨᠳᠡᠯᠡᠨ ᠭᠤᠤᠯ ᠤᠨ ᠪᠠᠷᠠᠭᠤᠨ ᠡᠷᠬᠢ ᠲᠤᠰᠬᠤᠨ᠂ ᠮᠧᠩ ᠵᠢᠶᠠ ᠯᠢᠶᠠᠩ ᠲᠣᠰᠬᠤᠨ᠂ ᠴᠠᠭᠠᠨ ᠬᠤᠳᠠ ᠭᠤᠷᠪᠠᠳᠤᠭᠠᠷ ᠲᠣᠰᠬᠤᠨ ᠵᠡᠷᠭᠡ ᠤᠯᠠᠨ ᠭᠠᠵᠠᠷ ᠤᠨ ᠪᠣᠬᠢᠷ ᠤᠰᠤ ᠭᠠᠳᠠᠬᠰᠢᠯᠠᠭᠤᠯᠬᠤ ᠬᠤᠭᠤᠯᠠᠢ ᠶᠢᠨ ᠲᠣᠣᠷ ᠢ ᠥᠭᠡᠷᠡᠴᠢᠯᠡᠵᠦ᠂ ᠪᠦᠬᠦ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ 3  ᠭᠠᠵᠠᠷ ᠲᠠᠬᠢ ᠡᠵᠡᠨ ᠦᠬᠡᠢ ᠪᠠᠶᠢᠬᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠯᠠᠪᠠᠢ ᠶᠢ ᠬᠠᠤᠯᠢ ᠶᠣᠰᠣᠭᠠᠷ ᠴᠡᠪᠡᠷᠯᠡᠨ ᠠᠷᠢᠯᠭᠠᠵᠤ᠂ ᠠᠶᠤᠯᠲᠠᠢ ᠬᠠᠶᠠᠭᠳᠠᠮᠠᠯ ᠪᠣᠳᠠᠰ ᠤᠨ 66 ᠭᠤᠣᠯᠳᠠᠯᠭ᠎ᠠ ᠲᠠᠢ ᠠᠵᠤ ᠠᠬᠤᠶᠢᠯᠠᠯ ᠢ ᠲᠤᠰᠬᠠᠢ ᠪᠠᠶᠢᠴᠠᠭᠠᠵᠤ᠂ ᠬᠦᠨᠳᠡᠯᠡᠨ ᠭᠤᠤᠯ ᠤᠨ ︽ᠭᠤᠷᠪᠠᠯᠵᠢᠨ ᠭᠠᠵᠠᠷ︾ ᠤᠨ ᠰᠢᠭᠠᠷᠤ ᠰᠢᠷᠣᠢ ᠶᠢᠨ ᠵᠠᠰᠠᠯᠲᠠ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠬᠦᠴᠢᠯ ᠤᠨ ᠤᠬᠢᠶᠠᠯᠲᠠ ᠶᠢᠨ 2.8 ᠲᠦᠮᠡᠨ ᠲᠤᠨ ᠰᠠᠭᠠᠷᠮᠠᠬᠵᠢᠬᠰᠠᠨ ᠰᠢᠭᠠᠷᠤ ᠶᠢ ᠵᠣᠬᠢᠰᠲᠠᠢ ᠰᠢᠢᠳᠪᠦᠷᠢᠯᠡᠵᠦ᠂ ︽ᠬᠠᠶᠠᠭᠳᠠᠮᠠᠯ ᠦᠭᠡᠢ ᠬᠤᠳᠠ︾ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯᠯᠠᠭ᠎ᠠ ᠶᠢ ᠪᠦᠬᠦ ᠬᠦᠴᠦ ᠪᠠᠷ ᠢᠶᠠᠨ ᠠᠬᠢᠭᠤᠯᠵᠤ᠂ 2026 ᠣᠨ ᠤ ᠠᠵᠤ ᠦᠢᠯᠡᠳᠪᠦᠷᠢ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ 2027 ᠣᠨ ᠤ ᠪᠦᠬᠦ ᠨᠡᠶᠢᠭᠡᠮ ᠤᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠶᠡᠷᠦᠩᠬᠡᠢ ᠬᠠᠷᠠᠯᠲᠠ ᠶᠢ ᠠᠩᠬ᠎ᠠ ᠠᠯᠬᠤᠮ ᠲᠣᠭᠲᠠᠭᠠᠵᠤ᠂ ︽1 + 16︾ ᠶᠢᠨ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ ᠡᠯ᠎ᠡ ᠬᠦᠷᠢᠶ᠎ᠡ ᠴᠠᠷᠠᠭ᠎ᠠ ᠶᠢᠨ ᠬᠢᠨ  ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ ᠡᠬᠢᠯᠠᠪᠠ᠃    ᠨᠢᠭᠡ ᠵᠢᠯ ᠤᠨ ᠲᠤᠷᠰᠢ᠂ ᠪᠢᠳᠡ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠤᠶᠠᠯᠳᠤᠭᠤᠯᠤᠨ ᠶᠠᠰᠤ ᠴᠢᠨᠠᠷ ᠢ ᠳᠡᠭᠡᠭᠰᠢᠯᠡᠭᠦᠯᠪᠡ᠃ ᠬᠤᠲᠠ ᠶᠢᠨ ᠰᠢᠨᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠤᠷᠤ ᠬᠤᠰᠢᠭᠤ ᠦᠵᠦᠬᠦᠷ ᠵᠠᠮ ᠵᠡᠷᠭᠡ 14 ᠵᠤᠷᠪᠤᠰ ᠵᠠᠮ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ ᠶᠠᠪᠤᠭᠳᠠᠵᠤ᠂ ᠡᠬᠦᠨ ᠳᠤ ᠭᠠᠵᠠᠷ ᠳᠣᠣᠷᠠᠬᠢ ᠬᠤᠭᠤᠯᠠᠢ ᠶᠢᠨ ᠲᠣᠣᠷ   ᠢ ᠵᠠᠰᠠᠨ ᠥᠭᠡᠷᠡᠴᠢᠯᠡᠬᠦ ᠢᠨᠵᠧᠨᠧᠷᠢᠩ ᠢ ᠴᠤᠬᠭᠠᠷ ᠶᠠᠪᠤᠬᠳᠠᠭᠤᠯᠵᠤ᠂ 41.3 ᠺᠢᠯᠦᠮᠧᠲᠷ ᠬᠤᠭᠤᠯᠠᠢ ᠶᠢ ᠦᠬᠡᠷᠡᠴᠢᠯᠡᠨ ᠰᠢᠨᠡᠳᠭᠡᠵᠤ᠂ ᠮᠤᠨᠢ ᠴᠡᠴᠡᠷᠯᠢᠭ᠂ ᠱᠢ ᠵᠢᠢ ᠠᠭᠤᠳᠠᠮ ᠲᠠᠯᠠᠪᠠᠢ᠂ ᠬᠦᠰᠡᠯ ᠠᠭᠤᠳᠠᠮ ᠲᠠᠯᠠᠪᠠᠢ ᠶᠢ ᠥᠭᠡᠷᠡᠴᠢᠯᠡᠨ ᠪᠠᠶᠢᠭᠤᠯᠵᠤ᠂ 37 ᠭᠠᠵᠠᠷ ᠲᠤ ︽ᠬᠠᠷᠮᠠᠨ ᠴᠡᠴᠡᠷᠯᠢᠭ︾ ᠪᠠ ᠵᠡᠭᠡᠯᠢ ᠶᠢᠨ ᠥᠨᠴᠥᠭ ᠲᠠᠬᠢ ᠦᠵᠡᠮᠵᠢ ᠶᠢᠨ ᠴᠡᠭ ᠢ ᠪᠠᠶᠢᠭᠤᠯᠵᠤ᠂ ᠪᠤᠭᠤᠳᠤ ᠶᠢᠨ ᠪᠦᠷᠢᠨ ᠪᠠᠷᠠᠭᠠᠳᠤ ᠬᠤᠳᠠᠯᠳᠤᠭᠠᠨ ᠤ ᠲᠣᠭᠤᠷᠢᠭ ᠤᠨ ︽ᠰᠢᠯ ᠵᠡᠬᠦᠬᠦ ᠦᠬᠡᠢ 3D︾ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠣᠯᠠᠨ ᠲᠦᠮᠡᠨ ᠤ ᠵᠤᠭᠠᠯᠠᠵᠤ ᠰᠡᠯᠡᠭᠦᠴᠡᠬᠦ ᠠᠮᠠᠷᠠᠬᠤ ᠣᠷᠣᠨ ᠵᠠᠢ ᠶᠢ ᠤᠯᠠᠮ ᠨᠢᠭᠡ ᠠᠯᠬᠤᠮ ᠥᠷᠭᠡᠳᠬᠡᠨ ᠶᠠᠰᠦ ᠴᠢᠨᠡᠷ ᠢ ᠳᠡᠭᠡᠭᠰᠢᠯᠡᠭᠦᠯᠵᠡᠢ᠃ ᠬᠤᠲᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ 50 ᠭᠠᠷᠤᠢ ᠵᠤᠷᠪᠤᠰ ᠭᠤᠣᠯ ᠳᠡᠳ᠋ ᠱᠤᠭᠤᠮ ᠤᠨ ᠵᠠᠮ᠂ 12 ᠴᠡᠴᠡᠷᠯᠢᠭ ᠪᠠ ᠠᠭᠤᠳᠠᠮ ᠲᠠᠯᠠᠪᠠᠢ  ᠳᠤ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠤᠳᠠ ᠶᠢᠨ ᠵᠦᠯᠬᠡᠨ ᠭᠠᠵᠠᠷ ᠢ 16.4 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠵᠠᠰᠠᠵᠤ᠂ 108 ᠭᠠᠵᠠᠷ ᠲᠠᠬᠢ ᠪᠣᠷᠣᠭᠠᠨ ᠤ ᠤᠰᠤ ᠭᠠᠳᠠᠬᠰᠢᠯᠠᠭᠤᠯᠬᠤ ᠪᠠ ᠪᠤᠬᠢᠷ ᠤᠰᠤ ᠭᠠᠳᠠᠬᠰᠢᠯᠠᠭᠤᠯᠬᠤ ᠬᠤᠭᠤᠯᠠᠢ ᠶᠢ  ᠬᠤᠳᠬᠤᠯᠳᠤᠭᠤᠯᠤᠨ ᠵᠠᠯᠭᠠᠬᠰᠠᠨ ᠬᠡᠰᠡᠭ ᠢ ᠴᠡᠭᠴᠡᠯᠡᠨ ᠵᠠᠰᠠᠵᠤ᠂ 49 ᠬᠠᠭᠤᠴᠢᠨ ᠬᠤᠷᠢᠶᠠᠯᠠᠯ᠂ 176.4 ᠲᠦᠮᠡᠨ ᠲᠡᠭᠰᠢ ᠳᠥᠷᠪᠡᠯᠵᠢᠨ ᠮᠧᠲᠷ ᠢ ᠥᠭᠡᠷᠡᠴᠢᠯᠡᠨ ᠰᠢᠨᠡᠳᠭᠡᠵᠤ᠂ 115 ᠡᠷᠦᠬᠡ᠂ 8.8 ᠲᠦᠮᠡᠨ ᠲᠡᠭᠰᠢ ᠳᠥᠷᠪᠡᠯᠵᠢᠨ ᠮᠧᠲᠷ ᠤᠨ ᠳᠥᠭᠦᠮ ᠪᠦᠳᠦᠴᠠᠲᠤ ᠤᠷᠤᠨ ᠰᠠᠭᠤᠴᠠ ᠶᠢ ᠥᠭᠡᠷᠡᠴᠢᠯᠡᠨ ᠰᠢᠨᠡᠳᠬᠡᠵᠤ᠂ 17 ᠰᠠᠭᠤᠷᠢ ᠨᠡᠶᠢᠲᠡ ᠶᠢᠨ ᠵᠣᠷᠯᠣᠩ ᠢ ᠰᠢᠨ᠎ᠡ ᠪᠠᠷ ᠪᠤᠶᠤ ᠥᠷᠭᠡᠳᠬᠡᠨ ᠪᠠᠶᠢᠭᠤᠯᠵᠤ᠂ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠨᠠᠩ ᠲᠠᠭᠠᠯᠠᠮᠵᠢᠲᠠᠢ ᠪᠣᠯᠪᠠ᠃ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾᠂ ︽ᠵᠠᠰᠠᠮᠠᠯ ᠵᠠᠮ ᠲᠡᠭᠡᠷ᠎ᠡ ᠠᠯᠪᠠᠯᠠᠬᠤ︾᠂ ︽ᠵᠡᠭᠡᠯᠢ ᠶᠢᠨ ᠳᠠᠷᠤᠭ᠎ᠠ ᠶᠢᠨ ᠳᠦᠷᠢᠮ︾᠂ ︽ᠲᠤᠤᠷᠵᠢᠭᠤᠯᠤᠯᠳᠠ   ᠶᠢᠨ ᠬᠠᠮᠢᠶᠠᠷᠤᠯᠲᠠ︾ ᠶᠢ ᠴᠢᠩᠭ᠎ᠠ ᠨᠠᠶᠢᠳᠠᠪᠤᠷᠢᠵᠢᠭᠤᠯᠵᠤ᠂ 23 ᠪᠤᠶᠢᠳᠠ ᠪᠦᠭᠯᠡᠬᠦᠦ ᠵᠡᠭᠡᠯᠢ ᠵᠢᠵᠢᠭ ᠭᠤᠳᠤᠮᠵᠢ ᠶᠢ ᠴᠡᠭᠴᠡᠯᠡᠨ ᠵᠠᠰᠠᠵᠤ᠂ 2.4 ᠲᠦᠮᠡᠨ ᠭᠠᠵᠠᠷ ᠲᠠᠬᠢ ᠬᠤᠲᠠ ᠶᠢᠨ ︽ᠵᠢᠷᠭᠤᠭᠠᠨ ᠡᠷᠦᠢ ᠬᠤᠷᠤᠢ ᠦᠬᠡᠢ︾   ᠶᠢ ᠴᠡᠪᠡᠷᠯᠡᠵᠦ᠂ 3200 ᠭᠠᠷᠤᠢ ᠭᠠᠵᠠᠷ ᠲᠤ 6.2 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠣᠷᠣᠨ ᠰᠠᠭᠤᠴᠠ ᠶᠢᠨ ᠬᠤᠷᠢᠶᠠᠯᠠᠯ ᠤᠨ ᠲᠤᠳᠤᠷᠠᠬᠢ ᠬᠠᠤᠯᠢ ᠠᠴᠠ ᠵᠦᠷᠢᠴᠡᠵᠤ ᠪᠦᠲᠦᠭᠡᠨ ᠪᠠᠶᠢᠭᠤᠯᠤᠬᠰᠠᠨ ᠪᠠᠷᠢᠯᠭ᠎ᠠ ᠶᠢ ᠬᠠᠤᠯᠢ ᠶᠣᠰᠣᠭᠠᠷ ᠨᠤᠷᠠᠭᠠᠵᠤ᠂ 6 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠵᠤ ᠰᠢᠢᠳᠪᠦᠷᠢᠯᠡᠬᠦ ᠶᠢ ᠲᠤᠷᠰᠢᠨ ᠬᠡᠷᠡᠭᠵᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠡᠴᠦᠰ ᠤᠨ ᠠᠯᠬᠤᠮ ᠤᠨ ᠢᠯᠭᠠᠨ ᠬᠤᠪᠢᠶᠠᠬᠤ ᠲᠥᠪ ᠢ ᠪᠠᠶᠢᠭᠤᠯᠵᠤ᠂ ᠬᠤᠲᠠ ᠶᠢᠨ ᠲᠣᠭᠤᠷᠢᠭ ᠤᠨ ᠪᠦᠬᠦ᠋ᠢᠯᠡ ᠣᠷᠴᠢᠨ ᠲᠣᠭᠤᠷᠢᠨ ᠢᠯᠡᠳᠳᠡ ᠰᠠᠶᠢᠵᠢᠷᠠᠵᠠᠢ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠨᠢᠭᠡᠨᠲᠡ ᠳᠠᠭᠤᠰᠬᠠᠵᠤ᠂ ᠬᠦᠳᠡᠭᠡ ᠲᠤᠰᠬᠤᠨ ᠮᠠᠯᠵᠢᠬᠤ ᠤᠷᠤᠨ  ᠤ 1242 ᠡᠷᠦᠬᠡ ᠶᠢᠨ ᠵᠣᠷᠯᠣᠩ ᠢ ᠥᠭᠡᠷᠡᠴᠢᠯᠡᠨ  ᠪᠠᠶᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠬᠦ ᠰᠢᠰᠲ᠋ᠧᠮ ᠢ ᠪᠦᠷᠬᠦᠬᠦᠯᠬᠦ ᠨᠣᠷᠮ᠎ᠠ ᠶᠢ 100% ᠳᠤ ᠬᠦᠷᠭᠡᠪᠡ᠃ ᠪᠤᠭᠤᠲᠤ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠨ ᠰᠢᠯᠭᠠᠯᠳᠠ ᠳᠤ ᠬᠢᠷᠢ ᠲᠡᠩᠴᠡᠬᠦ ᠳᠤ ᠬᠦᠴᠦᠨ ᠨᠡᠮᠡᠷᠢᠯᠡᠪᠡ᠃    ᠨᠢᠭᠡ ᠵᠢᠯ ᠤᠨ ᠲᠤᠷᠰᠢ᠂ ᠪᠢᠳᠡ ᠦᠨᠡᠨ ᠰᠡᠳᠬᠢᠯ ᠠᠴᠠ ᠪᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠡ ᠃ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠤ ᠲᠤᠮᠳᠠ ᠰᠠᠶᠢᠵᠢᠷᠠᠬᠤ ᠬᠠᠨᠳᠤᠰᠢ ᠢᠯᠡᠷᠡᠵᠤ᠂ ᠬᠤᠲᠠ ᠪᠠᠯᠭᠠᠰᠤᠨ ᠤ ᠨᠡᠶᠢᠲᠡ 11006 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠦᠳᠡᠭᠡ ᠲᠤᠰᠬᠤᠨ ᠮᠠᠯᠵᠢᠬᠤ ᠤᠷᠤᠨ ᠤ 4080 ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠠᠵᠢᠯ ᠲᠠᠢ ᠬᠥᠮᠦᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠥᠬᠡᠶ ᠪᠣᠯᠭᠠᠬᠤ ᠶᠢ ᠪᠠᠲᠤᠯᠠᠪᠠ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠦᠮᠦᠨ 5030 ᠰᠢᠨ᠎ᠡ ᠪᠠᠷ ᠨᠡᠮᠡᠭᠳᠡᠵᠦ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠳᠠᠨ᠂ ᠭᠠᠵᠠᠷ ᠰᠢᠷᠣᠶ ᠪᠠᠨ ᠠᠯᠳᠠᠭᠰᠠᠨ ᠲᠠᠷᠢᠶᠠᠴᠢᠨ᠂ ︽5·7 ᠤ ᠵᠢᠭᠠᠪᠤᠷᠢ ᠶᠢ ᠴᠤᠤᠶᠠᠳᠤᠬᠰᠠᠨ ᠠᠵᠢᠯᠴᠢᠨ︾ ᠪᠠ ᠨᠥᠭᠴᠢᠭᠰᠡᠳ ᠤᠨ ᠬᠡᠷ ᠪᠦᠯᠢ ᠶᠢᠨ ᠨᠥᠬᠦᠪᠥᠷᠢ ᠶᠢ ᠭᠥᠷᠳᠡᠵᠦ ᠪᠠᠶᠢᠭ᠎ᠠ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 4.9 ᠳ᠋ᠦᠩᠰᠢᠭᠤᠷ ᠲᠥᠭᠦᠷᠢᠭ ᠲᠠᠷᠬᠠᠭᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ᠂ ᠣᠨᠴᠠ ᠬᠦᠴᠢᠷᠳᠡᠯᠲᠡᠶ ᠬᠦᠮᠦᠰ ᠢ ᠠᠰᠠᠷᠠᠨ ᠲᠡᠵᠢᠭᠡᠬᠦ ᠨᠦᠬᠦᠪᠦᠷᠢ ᠵᠡᠷᠭᠡ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠪᠠᠯᠠ ᠮᠥᠩᠭᠦ ᠶᠢ 1892 ᠲᠦᠮᠡᠨ ᠲᠥᠭᠦᠷᠢᠭ ᠲᠠᠷᠬᠠᠭᠠᠵᠤ᠂ ᠥᠨᠥᠴᠢᠨ ᠬᠡᠦᠬᠡᠳ᠂ ᠵᠡᠮᠳᠡᠭᠴᠦᠳ ᠤᠨ ᠨᠥᠬᠦᠪᠥᠷᠢ ᠵᠢᠴᠢ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠬᠦᠷᠢ ᠮᠥᠩᠭᠦ ᠶᠢ 2902 ᠲᠦᠮᠡᠨ ᠲᠥᠭᠦᠷᠢᠭ ᠲᠠᠷᠬᠠᠭᠠᠪᠠ᠃ ᠰᠤᠷᠭᠠᠨ ᠬᠥᠮᠦᠵᠢᠯ ᠤᠨ ᠦᠢᠯᠡᠰ ᠥᠷᠨᠢᠨ ᠬᠥᠭᠵᠢᠵᠦ᠂ ᠪᠤᠭᠤᠲᠤ ᠶᠢᠨ ᠬᠤᠷᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠺᠦᠨ ᠪᠸᠢ ᠶᠢᠨ ᠬᠤᠪᠢᠶᠠᠷᠢ ᠰᠤᠷᠭᠠᠭᠤᠯᠢ᠂ ᠪᠤᠯᠤᠳ ᠲᠡᠮᠦᠷ ᠵᠡᠬᠡᠯᠢ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠺᠦᠨ ᠪᠸᠢ ᠶᠢᠨ ᠬᠤᠪᠢᠶᠠᠷᠢ ᠰᠤᠷᠭᠠᠭᠤᠯᠢ᠂ ᠪᠤᠯᠤᠳ ᠲᠡᠮᠦᠷ ᠵᠡᠬᠡᠯᠢ ᠶᠢᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠠᠰᠢᠭᠯᠠᠯᠲᠠ ᠳᠤ ᠣᠷᠣᠭᠤᠯᠤᠨ᠂ ᠰᠢᠨ ᠴᠧᠩ ᠬᠡᠦᠬᠡᠳ ᠤᠨ ᠴᠡᠴᠡᠷᠯᠢᠭ᠂ ᠪᠤᠭᠤᠲᠤ ᠶᠢᠨ ᠭᠤᠴᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠪᠤᠯᠤᠳ ᠲᠡᠮᠦᠷ ᠵᠡᠬᠡᠯᠢ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠡᠬᠢᠯᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠳᠠ ᠶᠢ ᠦᠷᠭᠦᠯᠵᠢᠯᠡᠨ ᠰᠢᠯᠢᠳᠡᠭᠵᠢᠭᠦᠯᠪᠡ︔ ︽ᠬᠤᠶᠠᠷ ᠢ ᠬᠦᠩᠬᠡᠷᠡᠬᠦᠯᠬᠦ︾ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠬᠢᠴᠢᠶᠡᠯ ᠤᠨ ᠲᠠᠩᠬᠢᠮ ᠤᠨ ᠬᠤᠪᠢᠰᠬᠠᠯ︾᠂ ︽ᠳᠠᠰᠬᠠᠯ ᠤᠨ ᠬᠤᠪᠢᠰᠬᠠᠯ︾᠂ ︽ᠪᠢᠴᠢᠭ ᠤᠨ ᠪᠣᠭᠴᠣ ᠶᠢᠨ ᠬᠤᠪᠢᠰᠬᠠᠯ︾ ᠵᠡᠷᠭᠡ ᠠᠷᠭ᠎ᠠ ᠬᠡᠮᠵᠢᠶ᠎ᠡ ᠨᠢ ᠬᠡᠷ ᠤᠨ ᠠᠬᠠᠮᠠᠳ ᠤᠨ ᠦᠨᠳᠦᠷ ᠦᠨᠡᠯᠡᠯᠲᠡ ᠶᠢ ᠣᠯᠵᠤ᠂ 2021 ᠣᠨ ᠳᠤ ᠰᠤᠷᠭᠠᠨ ᠬᠥᠮᠦᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠶ ᠱᠠᠯᠠᠪᠳᠠᠭᠤᠯᠤᠨ ᠵᠢᠯᠣᠭᠤᠳᠴᠤ ᠦᠨᠡᠯᠡᠭᠰᠡᠨ ᠬᠢᠷᠢ ᠪᠦᠳᠦᠮᠵᠢ ᠪᠥᠬᠦ ᠬᠤᠲᠠ ᠳᠤ ᠲᠡᠷᠢᠭᠦᠯᠡᠪᠡ︔ ᠥᠨᠳᠥᠷ ᠵᠡᠷᠬᠡ ᠶᠢᠨ ᠳᠤᠮᠳᠠᠳᠤ ᠰᠤᠷᠭᠠᠭᠤᠯᠢ ᠳᠤ ᠲᠠᠪᠰᠢᠬᠤ ᠰᠢᠯᠭᠠᠯᠳᠠ ᠪᠠ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠦᠷᠭᠦᠯᠵᠢᠯᠡᠨ ᠪᠥᠬᠦ ᠬᠤᠲᠠ ᠳᠤ ᠲᠡᠷᠢᠭᠦᠯᠡᠵᠦ᠂ ᠤᠯᠤᠰ ᠤᠨ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ ᠰᠢᠯᠭᠠᠨ ᠤᠷᠤᠬᠰᠠᠨ ᠨᠣᠷᠮ᠎ᠠ᠂ ᠵᠢᠩᠬᠢᠨᠢ ᠠᠩᠬᠢ ᠶᠢᠨ ᠨᠢᠭᠡᠳᠦᠭᠡᠷ ᠪᠦᠯᠦᠭ ᠲᠤ ᠰᠢᠯᠭᠠᠨ ᠤᠷᠤᠬᠰᠠᠨ ᠨᠤᠷᠮ᠎ᠠ ᠪᠠ ᠲᠡᠭᠰᠢᠳᠭᠡᠭᠰᠡᠨ ᠬᠤᠪᠢ ᠵᠡᠷᠬᠡ ᠭᠤᠷᠪᠠᠨ ᠵᠦᠶᠯ ᠤᠨ ᠭᠤᠤᠯ ᠪᠤᠯᠬᠤ ᠭᠦᠶᠴᠡᠳᠬᠡᠯ ᠲᠤᠭ᠎ᠠ ᠪᠥᠬᠦ ᠬᠤᠲᠠ ᠳᠤ ᠲᠡᠷᠢᠭᠦᠯᠡᠪᠡ᠃ ᠡᠷᠡᠭᠦᠯ ᠮᠡᠨᠳᠦ ᠶᠢᠨ ᠠᠵᠢᠯ ᠦᠶᠯᠡᠰ ᠲᠦᠷᠭᠡᠨ ᠬᠥᠭᠵᠢᠵᠦ᠂ ᠡᠮᠴᠢᠯᠡᠭᠡᠨ ᠤ ᠬᠤᠯᠪᠣᠭᠠᠲᠤ ᠴᠣᠭᠴᠠ ᠂ ᠱᠠᠲᠤ ᠬᠤᠪᠢᠶᠠᠨ ᠣᠨᠣᠰᠢᠯᠠᠨ ᠡᠮᠨᠡᠬᠦ ᠲᠠᠰᠤᠷᠠᠯᠲᠠ ᠥᠬᠡᠶ ᠭᠦᠨᠵᠡᠭᠡᠶᠢᠷᠡᠨ᠂ ᠭᠤᠤᠯᠳᠠᠯᠭ᠎ᠠ ᠲᠠᠢ ᠬᠥᠮᠦᠰ ᠤᠨ ᠬᠡᠷ ᠪᠦᠯᠢ ᠶᠢᠨ ᠡᠮᠴᠢ ᠶᠢᠨ ᠦᠢᠯᠡᠴᠢᠯᠡᠭᠡ ᠶᠢᠨ ᠭᠡᠷ᠎ᠡ ᠲᠣᠭᠲᠠᠵᠤ ᠦᠢᠯᠡᠴᠢᠯᠡᠬᠦ ᠨᠣᠷᠮ᠎ᠠ 75% ᠳᠤ ᠬᠦᠷᠴᠦ᠂ ᠬᠡᠷ ᠲᠡᠭᠡᠨ ᠰᠠᠭᠤᠵᠤ ᠠᠰᠠᠷᠠᠮᠵᠢ ᠬᠦᠷᠳᠡᠬᠦ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ ︵ᠥᠷᠲᠡᠭᠡ︶ 39 ᠶᠢ ᠪᠠᠶᠢᠭᠤᠯᠵᠤ᠂ ᠪᠥᠬᠦ ᠬᠤᠲᠠ ᠶᠢᠨ ᠴᠣᠷ ᠤᠨ ᠭᠠᠭᠴᠠ ᠤᠯᠤᠰ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠨᠠᠨ ᠬᠡᠮᠵᠢᠬᠦ ᠴᠡᠭ ᠢᠶᠠᠷ ᠲᠣᠭᠲᠠᠭᠠᠭᠳᠠᠬᠰᠠᠨ ᠭᠠᠵᠠᠷ ᠤᠷᠤᠨ ᠪᠤᠯᠪᠠ᠃ ᠰᠣᠶᠣᠯ ᠤᠨ ᠠᠵᠢᠯ ᠦᠢᠯᠡᠰ ᠴᠡᠴᠡᠭᠯᠡᠨ ᠬᠥᠭᠵᠢᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠪᠠᠷ ᠭᠤᠣᠯ ᠰᠡᠳᠦᠪ ᠪᠣᠯᠭᠠᠭᠰᠠᠨ ︽ᠭᠠᠶᠢᠬᠠᠮᠰᠢᠬᠳᠤ ᠬᠥᠨᠳᠡᠯᠡᠨ︾   ᠤ ᠰᠢᠷᠢᠰ ᠠᠵᠢᠯᠯᠠᠭ᠎ᠠ ᠳᠤ 350 ᠭᠠᠷᠤᠢ ᠲᠠᠯᠠᠪᠠᠢ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠤᠯᠠᠨ ᠲᠦᠮᠡᠨ ᠲᠠᠢ ᠤᠶᠢᠷᠠᠳᠤᠭᠰᠠᠨ᠂ ᠤᠯᠠᠨ ᠲᠦᠮᠡᠨ ᠤ ᠳᠤᠮᠳᠠ ᠳᠡᠯᠭᠡᠷᠡᠵᠦ ᠤᠯᠠᠮᠵᠢᠯᠠᠬᠳᠠᠬᠰᠠᠨ ᠨᠢᠭᠡ ᠪᠦᠯᠦᠭ ᠰᠣᠳᠣᠨ ᠪᠦᠲᠦᠭᠡᠯ ᠢᠯᠡᠷᠡᠵᠤ᠂ ᠲᠣᠭᠤᠷᠢᠭ ᠤᠨ ᠰᠣᠶᠣᠯ ᠤᠨ ᠣᠷᠳᠣᠨ ᠳᠠᠬᠢᠨᠲᠠ ᠤᠯᠤᠰ ᠤᠨ ᠨᠢᠭᠡᠳᠦᠭᠡᠷ ᠳᠡᠰ ᠤᠨ ᠣᠷᠳᠣᠨ ᠢᠶᠠᠷ ᠦᠨᠡᠯᠡᠭᠳᠡᠪᠡ᠃     ᠨᠢᠭᠡ ᠵᠢᠯ ᠤᠨ ᠲᠤᠷᠰᠢ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠣᠭᠲᠠᠭᠤᠨ ᠢ ᠪᠠᠲᠤᠯᠠᠪᠠ᠃ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠠᠬᠢᠭᠤᠯᠪᠠ᠃ ᠴᠡᠯᠢᠭ ᠢ ᠦᠷᠢᠳᠦᠬᠦ ᠶᠠᠪᠤᠳᠠᠯ ᠢ ᠴᠡᠭᠴᠡᠯᠡᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ 8884 ᠨᠡᠷᠡᠰ ᠬᠥᠳᠡᠯᠮᠦᠷᠢᠯᠡᠭᠴᠢᠳ ᠤᠨ 1.2 ᠳ᠋ᠦᠩᠰᠢᠭᠤᠷ ᠲᠥᠭᠦᠷᠢᠭ ᠴᠠᠯᠢᠩ ᠢ ᠪᠦᠬᠦᠨ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠪᠠ᠃ ᠬᠤᠲᠠ ᠶᠢᠨ ᠪᠦᠬᠦ ᠬᠡᠪᠴᠢᠶᠡᠨ ᠤ ᠵᠠᠰᠠᠯᠲᠠ ᠶᠢᠨ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠵᠦ᠂ ᠲᠣᠭᠠᠴᠢᠯᠠᠭᠰᠠᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ ᠂ ᠣᠯᠠᠨ ᠲᠦᠮᠡᠨ ᠤ ᠠᠩᠬᠠᠷᠴᠤ ᠪᠠᠶᠢᠭ᠎ᠠ ᠠᠳᠠᠯ ᠠᠬᠤᠶ᠂ ᠣᠷᠴᠢᠨ ᠲᠣᠭᠤᠷᠢᠨ᠂ ᠠᠮᠤᠷ ᠲᠦᠪᠰᠢᠨ᠂ ᠬᠠᠦᠯᠢ ᠲᠤᠬᠳᠠᠭᠠᠯ ᠠᠴᠠ ᠵᠦᠷᠢᠴᠡᠵᠤ ᠪᠠᠶᠢᠭᠤᠯᠤᠬᠰᠠᠨ ᠪᠠᠷᠢᠯᠭ᠎ᠠ ᠵᠡᠷᠭᠡ ᠨᠡᠶᠢᠭᠡᠮ ᠤᠨ ᠪᠠᠶᠢᠳᠠᠯ ᠠᠷᠠᠳ ᠤᠨ  ᠰᠠᠨᠠᠭ᠎ᠠ ᠳᠤ ᠬᠤᠯᠪᠤᠬᠳᠠᠬᠰᠠᠨ 7.03 ᠲᠦᠮᠡᠨ ᠬᠤᠪᠢ ᠬᠡᠷᠡᠭ ᠶᠠᠪᠤᠳᠠᠯ ᠢ ᠰᠢᠶᠳᠪᠦᠷᠢᠯᠡᠬᠦ ᠶᠢ ᠲᠦᠷᠭᠡᠳᠭᠡᠨ ᠠᠬᠢᠭᠤᠯᠪᠠ᠃ ᠥᠯᠥ ᠬᠥᠳᠡᠯᠬᠦ ᠬᠥᠷᠥᠩᠭᠡ ᠶᠢ ᠳᠡᠩᠰᠡᠯᠡᠭᠤᠯᠬᠤ ᠲᠤᠬᠠᠢ ᠲᠡᠦᠬᠡᠨ ᠦᠯᠡᠳᠡᠭᠳᠡᠯ ᠠᠰᠠᠭᠤᠳᠠᠯ ᠢ ᠲᠦᠷᠭᠡᠳᠬᠡᠨ ᠰᠢᠶᠳᠪᠦᠷᠢᠯᠡᠵᠦ᠂ ᠪᠥᠬᠦ ᠵᠢᠯ ᠳᠤ 4.02 ᠲᠦᠮᠡᠨ ᠡᠷᠦᠬᠡ ᠳᠤ ᠭᠦᠶᠴᠡᠳᠬᠡᠨ ᠦᠭᠴᠦ᠂ ᠭᠦᠶᠴᠡᠳᠬᠡᠭᠰᠡᠨ ᠨᠣᠷᠮ᠎ᠠ 60% ᠳᠤ ᠬᠥᠷᠪᠡ᠃ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠰᠤᠷᠭᠠᠭᠤᠯᠢ ᠶᠢᠨ ᠬᠦᠷᠢᠶᠡᠨ ᠤ ︽ᠨᠢᠭᠡ ᠳᠠᠷᠤᠪᠴᠢ ᠪᠠᠷ ᠲᠦᠭᠰᠢᠭᠦᠷᠢ ᠶᠢ ᠮᠡᠳᠡᠭᠦᠯᠬᠦ︾ ᠲᠦᠷᠭᠡᠨ ᠲᠤᠰᠬᠠᠯ ᠭᠠᠷᠬᠤ ᠰᠢᠰᠲ᠋ᠧᠮ᠂ ︽24 ᠴᠠᠭ ᠡᠭᠦᠳᠡ ᠪᠠᠨ ᠬᠠᠭᠠᠬᠤ ᠥᠬᠡᠶ ᠪᠠᠶᠢᠬᠤ︾ ᠬᠦᠮᠦᠨ ᠦᠬᠡᠢ ᠴᠠᠭᠳᠠᠭ᠎ᠠ ᠶᠢᠨ ᠲᠣᠪᠴᠢᠶ᠎ᠠ᠂ ᠴᠠᠭᠳᠠᠭ᠎ᠠ ᠡᠮᠴᠢ ᠬᠤᠯᠪᠣᠭᠠᠯᠠᠨ ᠬᠥᠳᠡᠯᠦᠯᠴᠡᠭᠰᠡᠨ ︽ᠠᠷᠢᠬᠢ ᠰᠡᠷᠭᠦᠭᠡᠬᠦ ᠭᠠᠵᠠᠷ︾᠂ ︽ᠠᠷᠠᠳ ᠤᠨ ᠡᠶᠡᠳᠡᠭᠦᠯᠬᠡ ᠶᠢᠨ ᠬᠠᠮ ᠳᠡᠯᠭᠡᠭᠦᠷ︾ ᠵᠡᠷᠭᠡ ᠠᠷᠭ᠎ᠠ ᠬᠡᠮᠵᠢᠶ᠎ᠡ ᠶᠢ ᠪᠠᠶᠢᠩᠭᠤ ᠥᠷᠨᠢᠭᠦᠯᠵᠦ᠂ ︽ ᠪᠤᠯᠢᠶᠠᠬᠤ ᠲᠡᠬᠡᠷᠡᠮᠳᠡᠬᠦ ᠬᠤᠯᠠᠭᠠᠶᠢᠯᠠᠬᠤ︾᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠲᠤᠰᠬᠠᠶ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠡᠷᠡᠭᠦᠦ ᠶᠢᠨ ᠬᠡᠷᠡᠭ ᠢ ᠡᠪᠳᠡᠭᠰᠡᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 259% ᠪᠠᠷ ᠳᠡᠭᠡᠭᠰᠢᠯᠡᠵᠦ᠂ ᠨᠠᠢᠮᠠᠨ ᠲᠥᠷᠥᠯ ᠤᠨ ᠬᠦᠨᠳᠦ ᠨᠣᠴᠢᠲᠠᠶ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠶᠢᠨ ᠬᠡᠷᠡᠭ ᠠᠳᠠᠯᠢ ᠬᠤᠭᠤᠴᠠᠭᠠᠨ ᠤ ᠬᠢ ᠠᠴᠠ 29.3% ᠪᠠᠷ ᠪᠠᠭᠤᠷᠠᠵᠤ ᠂ ᠴᠠᠬᠢᠯᠭᠠᠨ ᠴᠢᠮᠡᠭᠡ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠠᠳᠠᠯᠢ ᠬᠤᠭᠤᠴᠠᠭᠠᠨ ᠤ ᠬᠢ ᠠᠴᠠ 33% ᠪᠠᠷ ᠪᠠᠭᠤᠷᠠᠵᠠᠢ᠃ ᠠᠶᠤᠯᠭᠦᠢ ᠦᠢᠯᠡᠳᠪᠦᠷᠢᠯᠡᠯ ᠤᠨ ᠠᠳᠠᠯ ᠭᠠᠷᠤᠭᠰᠠᠨ ᠲᠤᠭ᠎ᠠ᠂ ᠠᠳᠡᠭᠰᠡᠨ ᠬᠥᠮᠦᠨ ᠤ ᠲᠤᠭ᠎ᠠ ᠲᠤᠰ ᠲᠤᠰ 39.3%᠂ 23.8% ᠪᠠᠷ ᠪᠠᠭᠤᠷᠠᠵᠤ᠂ ᠢᠳᠡᠭᠡᠨ ᠪᠠ ᠡᠮ ᠤᠨ ᠵᠦᠢᠯᠡᠰ ᠤᠨ ᠬᠦᠷᠢᠶᠡᠨ ᠳᠠᠬᠢ ︽6 + 3︾ ᠢᠨᠵᠧᠨᠧᠷᠢᠩ ᠪᠠ ︽ᠲᠠᠪᠤᠨ ᠶᠡᠭᠡ ᠠᠵᠢᠯᠯᠠᠭ᠎ᠠ︾ ᠶᠢ ᠡᠮᠬᠢ ᠵᠢᠷᠤᠮ ᠲᠠᠢ ᠪᠠᠷ ᠠᠬᠢᠭᠤᠯᠵᠤ᠂ ᠲᠥᠪ ᠤᠨ ᠲᠣᠭᠤᠷᠢᠨ ᠪᠠᠶᠢᠴᠠᠭᠠᠬᠤ ᠨᠠᠢᠮᠠᠳᠤᠭᠠᠷ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠠᠷᠠᠳ ᠤᠨ ᠠᠮᠢᠳᠤᠷᠠᠯ ᠤᠨ ᠲᠦᠷᠦᠯ ᠤᠨ 225 ᠵᠠᠬᠢᠳᠠᠯ ᠰᠤᠷᠪᠤᠯᠵᠢᠯᠠᠯ ᠤᠨ ᠬᠡᠷᠡᠭ ᠢ ᠪᠦᠬᠦᠨ ᠢ ᠰᠢᠢᠳᠪᠦᠷᠢᠯᠡᠨ ᠳᠠᠭᠤᠰᠬᠠᠵᠤ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠤᠷᠤᠭᠰᠢᠲᠠᠢ ᠪᠡᠶᠡᠯᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠣᠷ ᠢ ᠨᠡᠩ ᠨᠢᠭᠲᠠ ᠨᠡᠩ ᠪᠠᠲᠤ ᠰᠦᠯᠵᠢᠪᠡ᠃    ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠲᠡᠬᠦᠨ ᠤ ᠬᠦᠴᠢᠷ ᠢ ᠮᠡᠳᠡᠬᠦ ᠦᠭᠡᠢ᠂ ᠪᠦᠲᠦᠭᠡᠬᠦ ᠳᠤ ᠠᠮᠠᠷᠬᠠᠨ ᠪᠣᠯᠪᠠᠴᠤ  ᠪᠡᠷᠬᠡ ᠬᠠᠳᠠᠭᠤᠵᠢᠯᠳᠠᠢ ᠶᠤᠮ᠃ ᠡᠨᠡ ᠵᠢᠯ᠂ ᠪᠥᠬᠦ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠭᠤᠤᠯ ᠲᠡᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠪᠢᠳᠡ ᠰᠢᠶᠠᠨ ᠤ ᠱᠠᠲᠤᠨ ᠤ ᠤᠳᠤᠷᠢᠳᠤᠯᠭ᠎ᠠ ᠵᠡᠭᠡᠯᠢ ᠭᠤᠳᠤᠮᠵᠢ ᠪᠠᠯᠭᠠᠰᠤ ᠶᠢ ᠳᠠᠭᠠᠭᠠᠴᠢᠯᠠᠬᠤ᠂ ᠪᠠᠶᠢᠭᠤᠯᠭ᠎ᠠ ᠨᠢᠭᠡᠴᠢ ᠨᠡᠶᠢᠭᠡᠮ ᠲᠣᠭᠤᠷᠢᠭ ᠢ ᠳᠠᠭᠠᠭᠠᠴᠢᠯᠠᠬᠤ᠂ ᠨᠠᠮ ᠤᠨ ᠭᠡᠰᠢᠭᠦᠨ ᠺᠠᠳ᠋ᠷ ᠠᠰᠠᠷ   ᠢ ᠲᠠᠭᠠᠭᠠᠴᠢᠯᠠᠬᠤ ᠲᠣᠭᠲᠠᠴᠠ ᠶᠢ ᠬᠡᠷᠡᠭᠵᠢᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯᠯᠠᠭ᠎ᠠ ᠶᠢ ᠥᠨᠳᠥᠷ ᠲᠦᠪᠰᠢᠨ ᠢᠶᠠᠷ ᠠᠬᠢᠭᠤᠯᠵᠤ᠂ ᠪᠤᠭᠤᠲᠤ ᠬᠤᠲᠠ ᠶᠢᠨ ᠠᠮᠵᠢᠯᠲᠠ ᠲᠠᠢ ᠪᠠᠷ ᠲᠤᠰ ᠢᠷᠠᠭᠤ ᠠᠯᠳᠠᠷ ᠢᠶᠠᠨ ᠰᠡᠷᠬᠦᠬᠡᠬᠦ ᠳᠤ ᠬᠥᠨᠳᠡᠯᠡᠨ ᠲᠣᠭᠤᠷᠢᠭ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃ ᠡᠨᠡ ᠨᠢᠭᠡ ᠵᠢᠯ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠪᠢᠳᠡ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 29.5 ᠲᠦᠮᠡᠨ ᠬᠥᠮᠦᠨ ᠳᠤ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ  ᠪᠡᠶᠡᠯᠡᠭᠦᠯᠵᠦ᠂ ᠣᠷᠴᠢᠨ ᠲᠣᠭᠤᠷᠢᠨ ᠤ ᠥᠯᠢᠭᠡᠷ᠂ ᠬᠦᠶᠲᠡᠨ ᠬᠡᠯᠬᠢᠶᠡᠲᠦ ᠦᠶᠯᠡᠳᠬᠦᠨ ᠢ 1 ᠲᠦᠮᠡ ᠭᠠᠷᠤᠶ ᠬᠤᠪᠢ ᠰᠤᠭᠤᠴᠢᠨ ᠪᠠᠶᠢᠴᠠᠭᠠᠵᠤ᠂ ᠬᠢᠵᠢᠭ ᠤᠨ ᠪᠠᠶᠢᠳᠠᠯ  ᠠᠴᠠ ᠪᠤᠯᠵᠤ ᠡᠵᠡᠨ᠎ᠡ ᠬᠤᠰᠢᠭᠤᠨ ᠳᠤ ᠬᠠᠰᠢᠭᠳᠠᠭᠰᠠᠨ 1147 ᠵᠢᠭᠤᠯᠴᠢᠯᠠᠬᠰᠠᠳ ᠢ ᠲᠣᠬᠢᠲᠠᠶ ᠭᠥᠯᠢᠶᠡᠨ ᠠᠪᠴᠤ ᠲᠥᠪᠬᠢᠨᠡᠭᠦᠯᠵᠦ᠂ ᠪᠥᠬᠦ ᠵᠢᠯ ᠳᠤ ᠸᠠᠺᠼᠢᠨ ᠤ ᠲᠠᠷᠢᠯᠭ᠎ᠠ ᠶᠢ 121.6 ᠲᠦᠮᠡᠨ ᠲᠠᠷᠢᠯᠭ᠎ᠠ ᠶᠢ ᠪᠡᠶᠡᠯᠡᠭᠦᠯᠵᠦ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠦᠨᠳᠦᠰᠦᠨ ᠳᠡᠭᠡᠨ ᠪᠠᠶᠢᠭᠤᠯᠵᠤ᠂ ᠬᠥᠨᠳᠡᠯᠡᠨ ᠲᠣᠭᠤᠷᠢᠭ ᠤᠨ ᠶᠡᠭᠡ ᠡᠭᠦᠳᠡ ᠶᠢ ᠪᠠᠲᠤ ᠰᠠᠬᠢᠪᠠ᠃ ᠡᠨᠡ ᠨᠢᠭᠡ ᠵᠢᠯ ᠳᠤ᠂ ︽ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ︾ ᠭᠦᠶᠴᠡᠳᠬᠡᠯ ᠲᠤᠭ᠎ᠠ ᠶᠢᠨ ᠬᠠᠲᠠᠭᠤ ᠬᠢᠵᠠᠭᠠᠷᠯᠠᠯ ᠤᠨ ᠡᠮᠦᠨ᠎ᠡ᠂ ᠪᠢᠳᠡ ︽ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠪᠤᠬᠢᠷᠳᠤᠯ ᠤᠨ ᠭᠠᠳᠠᠭᠰᠢᠯᠠᠭᠤᠯᠤᠯᠲᠠ ᠶᠡᠬᠡᠲᠡᠶ︾ ᠲᠥᠷᠥᠯ ᠵᠦᠶᠯ ᠤᠨ ᠣᠷᠣᠬᠤ ᠶᠢ ᠵᠦᠪᠰᠢᠶᠡᠷᠡᠬᠦ ᠪᠣᠭᠤᠮᠲᠠ ᠶᠢ ᠴᠢᠩᠭ᠎ᠠ ᠰᠠᠬᠢᠵᠤ᠂ ︽ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ︾ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃     ᠲᠥᠯᠥᠭᠡᠯᠡᠭᠴᠢᠳ ᠡ︕ ᠬᠡᠳᠦᠨ ᠵᠢᠯ ᠤᠨ ᠲᠡᠮᠡᠴᠡᠯ ᠤᠨ ᠦᠶᠯᠡᠳᠦᠯᠭᠡ ᠠᠴᠠ ᠪᠢᠳᠡ᠄ ᠡᠷᠬᠡᠪᠰᠢ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠪᠤᠳᠠᠳᠤ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠶᠯᠡᠴᠢᠯᠡᠬᠦ ᠪᠠ ᠠᠭᠤᠰᠤᠯᠴᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠶ᠃ ᠡᠷᠬᠡᠪᠰᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠶᠯᠡᠳᠦᠯᠭᠡᠵᠢᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ ᠨᠢᠭᠲᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠲᠠ ᠥᠬᠡᠶ ᠪᠤᠶᠠᠨ ᠦᠶᠯᠡᠳᠬᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠬᠦ ᠶᠢ ᠪᠠᠷᠢᠮᠲᠠᠯᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠢᠮᠠᠭᠲᠠ ᠴᠥᠬᠦᠷᠡᠰᠢ ᠥᠬᠡᠶ ᠲᠡᠮᠡᠴᠡᠬᠦ ᠬᠥᠭᠡᠭᠡᠴᠡᠯᠳᠦᠯ ᠢᠶᠠᠨ ᠪᠣᠯᠭᠠᠬᠤ ᠬᠡᠷᠡᠭᠲᠡᠶ᠃ ᠡᠷᠬᠡᠪᠰᠢ ᠦᠵᠡᠯ ᠰᠠᠨᠠᠭ᠎ᠠ ᠪᠠᠨ ᠴᠢᠯᠥᠭᠡᠯᠡᠨ᠂ ᠦᠵᠡᠯᠲᠡ ᠪᠠᠨ ᠰᠢᠨᠡᠳᠬᠡᠵᠦ᠂ ᠬᠠᠷᠠᠭ᠎ᠠ ᠪᠠᠨ ᠥᠷᠭᠡᠳᠬᠡᠨ᠂ ᠲᠠᠨᠢᠨ ᠮᠡᠳᠡᠷᠡᠬᠦᠢ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠨ᠂ ᠡᠯ᠎ᠡ ᠲᠠᠯ᠎ᠠ ᠶᠢᠨ ᠠᠵᠢᠯ ᠢᠶᠠᠨ ᠪᠦᠲᠦᠭᠡᠯᠴᠢ ᠪᠠᠷ ᠠᠬᠢᠭᠤᠯᠬᠤ ᠬᠡᠷᠡᠭᠲᠡᠢ᠃ ᠡᠷᠬᠡᠪᠰᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠭᠤᠣᠯ ᠬᠦᠭ ᠠᠶᠠᠰ ᠪᠣᠯᠭᠠᠵᠤ᠂ ᠵᠤᠷᠰᠢᠯ ᠠᠴᠠ ᠳᠠᠪᠠᠭᠰᠠᠨ ᠡᠷᠴᠢᠮ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠰᠤᠷᠲᠠᠯ ᠢᠶᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠬᠠᠮᠳᠤᠳᠬᠠᠵᠤ ᠰᠠᠶᠢᠲᠤᠷ ᠠᠳᠬᠤᠬᠤ ᠬᠡᠷᠡᠭᠲᠡᠢ ᠬᠡᠳᠡᠭ ᠢ ᠬᠦᠨᠵᠡᠬᠡᠢ ᠮᠡᠳᠡᠷᠡᠯ᠎ᠡ᠃      ᠲᠥᠯᠥᠭᠡᠯᠡᠭᠴᠢᠳ ᠡ︕ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ ᠬᠢᠯᠪᠡᠷ ᠪᠤᠰᠤ ᠪᠠᠷ ᠢᠷᠡᠭᠰᠡᠨ ᠪᠠᠶᠢᠨ᠎ᠠ᠂ ᠲᠡᠮᠡᠴᠡᠯ ᠤᠨ ᠵᠠᠮ ᠳᠤ ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠠᠮᠵᠢᠯᠳᠠ ᠤᠯᠤᠯᠳᠠ ᠲᠤᠶᠢᠯ  ᠤᠨ ᠬᠤᠪᠤᠷ ᠨᠠᠨᠳᠢᠨ ᠶᠤᠮ᠃ ᠡᠳᠡᠭᠡᠷ ᠠᠮᠵᠢᠯᠲᠠ ᠶᠢ ᠣᠯᠤᠭᠰᠠᠨ ᠤ ᠦᠨᠳᠦᠰᠦᠨ ᠰᠢᠯᠳᠠᠭᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠨ᠎ᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ  ᠶᠢᠨ ᠰᠠᠶᠢᠨ ᠳᠤ ᠪᠠᠶᠢᠨ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠠᠤᠯᠢ ᠶᠣᠰᠣᠭᠠᠷ ᠬᠢᠨᠠᠯᠲᠠ ᠲᠠᠯᠪᠢᠭᠰᠠᠨ ᠪᠠ ᠠᠷᠠᠳᠴᠢᠯᠠᠯ ᠢᠶᠠᠷ ᠬᠢᠨᠠᠯᠲᠠ ᠲᠠᠯᠪᠢᠭᠰᠠᠨ ᠤ ᠰᠠᠶᠢᠨ ᠳᠤ ᠪᠠᠶᠢᠨ᠎ᠠ᠂ ᠪᠦᠬᠦ  ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠨᠢᠭᠡᠳᠴᠦ᠂ ᠮᠥᠷᠥ ᠵᠡᠷᠭᠡᠴᠡᠨ ᠲᠡᠮᠡᠴᠡᠭᠰᠡᠨ ᠤ ᠰᠠᠶᠢᠨ ᠳᠤ ᠪᠠᠶᠢᠨ᠎ᠠ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠵᠤ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠲᠤᠭᠤᠷᠢᠭ ᠲᠤ ᠰᠠᠭᠤᠭ᠎ᠠ ᠴᠡᠷᠢᠭ ᠠᠩᠭᠢ ᠪᠣᠯᠤᠨ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ᠂ ᠬᠥᠨᠳᠡᠯᠡᠨ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ᠂ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕     ᠠᠮᠵᠢᠯᠲᠠ ᠪᠠᠨ ᠨᠤᠲᠠᠯᠠᠬᠤ ᠶᠢᠨ ᠬᠠᠮᠲᠤ ᠪᠢᠳᠡ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠪᠠᠰᠠ ᠮᠠᠰᠢ ᠤᠯᠠᠨ ᠪᠠᠶᠢᠬᠤ ᠶᠢ ᠰᠡᠷᠭᠡᠭ ᠢᠶᠠᠷ ᠲᠠᠨᠢᠵᠤ ᠤᠯᠬᠤ ᠬᠡᠷᠡᠭᠳᠡᠢ᠃ ᠬᠢᠵᠢᠭ ᠤᠨ ᠪᠠᠶᠢᠳᠠᠯ ᠤᠨ ᠬᠤᠪᠢᠷᠠᠯᠲᠠ ᠪᠠ ᠭᠠᠳᠠᠭᠠᠳᠤ ᠣᠷᠴᠢᠨ ᠲᠣᠭᠤᠷᠢᠨ ᠳᠤ ᠠᠯᠢ ᠣᠯᠠᠨ ᠲᠣᠭᠲᠠᠪᠤᠷᠢᠳᠤ ᠪᠤᠰᠤ ᠴᠢᠨᠠᠷ ᠣᠷᠣᠰᠢᠵᠤ᠂ ᠪᠥᠬᠦ  ᠲᠤᠭᠤᠷᠢᠭ ᠤᠨ ᠠᠵᠤ ᠠᠬᠤᠶ ᠶᠢᠨ ᠡᠷᠬᠢᠯᠳᠡ ᠶᠢᠨ ᠲᠣᠭᠲᠠᠭᠤᠨ ᠤ ᠳᠤᠮᠳᠠ ᠰᠠᠶᠢᠵᠢᠷᠠᠬᠤ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠨ᠎ᠠ︔ ︽ᠡᠨᠧᠷᠭᠢ ᠶᠢᠨ ᠬᠤᠷᠤᠬᠳᠠᠭᠤᠯᠤᠯ ᠤᠨ ᠬᠤᠶᠠᠷ ᠢ ᠬᠢᠵᠠᠭᠠᠷᠯᠠᠬᠤ ︾ ᠭᠦᠶᠴᠡᠳᠬᠡᠯ ᠲᠤᠭ᠎ᠠ ᠶᠢᠨ ᠬᠢᠵᠠᠭᠠᠷᠯᠠᠯ ᠴᠢᠩᠭᠠᠷᠠᠵᠤ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠶᠢᠨ ᠡᠭᠦᠷᠭᠡ ᠲᠦᠢᠯ ᠤᠨ ᠬᠠᠲᠠᠭᠤ ᠪᠡᠷᠬᠡ ᠪᠠᠶᠢᠨ᠎ᠠ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠠᠵᠤ ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠠᠭᠤᠰᠤᠯᠴᠠᠭᠰᠠᠨ ᠭᠦᠨᠴᠡ ᠬᠦᠷᠦᠯᠴᠡᠬᠦ ᠦᠭᠡᠢ︔ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠦᠨ ᠥᠷᠭᠡᠳᠬᠡᠬᠦ ᠴᠢᠬᠤᠯᠠᠳᠠᠢ ᠪᠠᠶᠢᠨ᠎ᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠴᠢᠨᠠᠭᠰᠢᠳᠠ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ︔ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ  ᠴᠦᠬᠦᠷᠡᠰᠢ ᠦᠬᠡᠢ ᠪᠠᠷᠢᠮᠲᠠᠯᠠᠬᠤ ᠬᠡᠷᠡᠭᠲᠡᠢ ᠪᠠᠶᠢᠨ᠎ᠠ︔ ᠥᠷᠢ ᠰᠢᠷᠢ ᠶᠢ ᠠᠷᠢᠯᠭᠠᠬᠤ ᠡᠭᠦᠷᠭᠡ ᠬᠠᠲᠠᠭᠤ ᠪᠡᠷᠬᠡ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠲᠣᠪᠤᠶᠢᠮ᠎ᠠ ᠪᠠᠶᠢᠨ᠎ᠠ︔ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠵᠠᠷᠢᠮ ᠳᠤᠲᠠᠭᠤᠳᠠᠯ ᠪᠠ ᠪᠠᠭᠤᠷᠠᠢ ᠭᠤᠭᠴᠤᠭ᠎ᠠ ᠣᠷᠣᠰᠢᠵᠤ ᠪᠤᠢ᠂ ᠠᠷᠠᠳ ᠤᠯᠠᠨ ᠤ ᠰᠤᠷᠭᠠᠭᠤᠯᠢ ᠳᠤ ᠣᠷᠣᠬᠤ᠂ ᠶᠠᠪᠤᠵᠤ ᠰᠠᠭᠤᠬᠤ᠂ ᠡᠪᠡᠳᠴᠢᠨ ᠦᠵᠡᠭᠦᠯᠬᠦ᠂ ᠣᠷᠴᠢᠨ ᠲᠣᠭᠤᠷᠢᠨ ᠤ ᠲᠠᠯ᠎ᠠ ᠪᠠᠷ ᠪᠠᠰᠠ ᠮᠠᠰᠢ ᠤᠯᠠᠨ ᠪᠠᠴᠢᠮᠳᠠᠵᠤ ᠂ ᠬᠦᠴᠢᠷᠳᠡᠵᠤ᠂ ᠵᠣᠪᠠᠨᠢᠵᠤ᠂ ᠬᠦᠰᠡᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠭᠡᠳᠦᠢ ᠪᠠᠶᠢᠭᠰᠠᠭᠠᠷ︔ ᠵᠠᠷᠢᠮ ᠺᠠᠳ᠋ᠷ ᠤᠨ ᠦᠵᠡᠯᠲᠡ ᠬᠠᠭᠤᠴᠢᠨ᠂ ᠲᠠᠨᠢᠨ ᠮᠡᠳᠡᠷᠡᠬᠦᠢ ᠶᠢᠨ ᠲᠦᠪᠰᠢᠨ ᠥᠨᠳᠥᠷ ᠪᠢᠰᠢ᠂ ᠠᠵᠢᠯ ᠬᠢᠵᠦ ᠦᠢᠯᠡᠰ ᠪᠤᠰᠬᠠᠬᠤ ᠤᠷᠮ᠎ᠠ ᠵᠤᠷᠢᠭ ᠳᠤᠲᠠᠮᠠᠭ ᠪᠠᠶᠢᠵᠤ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠠᠴᠠ ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠨ᠎ᠠ᠃ ᠳᠡᠭᠡᠷᠡᠬᠢ ᠠᠰᠠᠭᠤᠳᠠᠯ ᠤᠳ ᠢ ᠪᠢᠳᠠ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠴᠢᠬᠤᠯᠠᠳᠠᠢ ᠪᠠᠶᠢᠨ᠎ᠠ᠃   ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠠ ᠬᠥᠭᠵᠢᠯᠲᠡ ᠶᠢᠨ ᠬᠠᠷᠠᠯᠲᠠ       ᠬᠤᠶᠢᠰᠢᠳᠠ ᠶᠢᠨ ᠲᠠᠪᠤᠨ ᠵᠢᠯ ᠪᠣᠯ ᠮᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠲᠤᠭᠤᠷᠢᠭ ᠤᠨ ᠠᠷᠪᠠᠨ ᠬᠤᠶᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠮᠠᠨ ᠤ  ᠲᠤᠭᠤᠷᠢᠭ ᠤᠨ ᠢᠷᠡᠭᠡᠳᠦᠢ ᠶᠢᠨ ᠬᠥᠭᠵᠢᠯᠲᠡ ᠶᠢᠨ ᠠᠤᠭ᠎ᠠ ᠵᠢᠷᠤᠭ ᠲᠥᠰᠦᠪ ᠢ ᠵᠢᠷᠤᠭᠯᠠᠵᠤ᠂ ᠲᠡᠮᠡᠴᠡᠬᠦ ᠬᠠᠷᠠᠯᠲᠠ ᠪᠣᠯᠤᠨ ᠦᠢᠯᠡᠳᠦᠯᠭᠡ ᠶᠢᠨ ᠠᠷᠭ᠎ᠠ ᠵᠠᠮ ᠢ ᠲᠣᠳᠣᠷᠬᠠᠶᠢᠯᠠᠵᠠᠢ᠂ ᠪᠢᠳᠡ ᠪᠠᠶᠢᠳᠠᠯ ᠢ ᠲᠣᠳᠣᠷᠬᠠᠢ ᠲᠠᠨᠢᠵᠤ᠂ ᠶᠡᠷᠦᠩᠬᠡᠢ ᠬᠠᠨᠳᠤᠰᠢ ᠶᠢ ᠲᠣᠳᠣᠷᠬᠠᠢ ᠢᠯᠭᠠᠨ᠂ ᠪᠠᠶᠢᠳᠠᠯ ᠢ ᠡᠵᠡᠮᠳᠡᠵᠦ᠂ ᠢᠮᠠᠭᠲᠠ ︽ᠬᠤᠶᠠᠷ ᠶᠡᠭᠡ ᠲᠠᠯ᠎ᠠ︾ ᠳᠤ ᠰᠠᠭᠤᠷᠢᠯᠠᠵᠤ᠂  ᠬᠡᠬᠦᠳᠡᠭ ᠰᠡᠳᠬᠢᠯ   ᠳᠡᠭᠡᠨ ︽ᠤᠯᠤᠰ ᠤᠨ ᠶᠡᠭᠡ ᠶᠠᠪᠤᠳᠠᠯ︾ ᠢ ᠪᠤᠳᠤᠵᠥ᠂ ᠶᠡᠷᠦᠩᠬᠡᠢ ᠪᠠᠶᠢᠳᠠᠯ ᠢ ᠠᠵᠢᠬᠤ᠂ ᠪᠦᠬᠦ ᠲᠠᠯ᠎ᠠ ᠠᠴᠠ ᠪᠤᠳᠤᠯᠬᠢᠯᠠᠬᠤ᠂ ᠶᠡᠭᠡ ᠶᠠᠪᠤᠳᠠᠯ ᠢ ᠠᠳᠬᠤᠬᠤ ᠳᠤᠮᠳᠠ ᠬᠥᠨᠳᠡᠯᠡᠨ ᠲᠣᠭᠤᠷᠢᠭ ᠤᠨ ᠤᠷᠤᠨ ᠪᠠᠶᠢᠷᠢ ᠶᠢ ᠰᠠᠶᠢᠲᠤᠷ ᠲᠣᠭᠲᠠᠭᠠᠵᠤ᠂ ᠬᠥᠨᠳᠡᠯᠡᠨ ᠲᠣᠭᠤᠷᠢᠭ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠷᠢᠵᠤ ᠣᠯᠵᠤ᠂ ︽ᠲᠦᠷᠪᠡᠨ ᠰᠠᠭᠤᠷᠢᠨ ᠭᠤᠷᠪᠠᠨ ᠲᠤᠭᠤᠷᠢᠭ︾  ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠲᠤᠭᠤᠷᠢᠭ ᠤᠨ ᠳᠤᠮᠳᠠ ᠪᠠ ᠤᠷᠳᠤ ᠬᠤᠭᠤᠴᠠᠭᠠᠨ ᠤ ᠬᠥᠭᠵᠢᠯᠲᠡ ᠳᠤ ᠬᠤᠯᠪᠣᠭᠳᠠᠬᠤ ᠪᠦᠬᠦ ᠲᠠᠯ᠎ᠠ ᠶᠢᠨ ᠴᠢᠨᠠᠷᠲᠠᠢ᠂ ᠰᠠᠭᠤᠷᠢᠯᠠᠬᠤ ᠴᠢᠨᠠᠷᠲᠠᠢ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠪᠣᠭᠤᠮᠲᠠ ᠰᠢᠪᠲᠤᠯᠵᠤ᠂ ᠥᠭᠡᠷᠡᠴᠢᠯᠡᠯᠲᠡ ᠬᠥᠭᠵᠢᠯᠲᠡ ᠶᠢᠨ ᠦᠢᠯᠡᠰ ᠪᠣᠯᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠳᠠ  ᠦᠬᠡᠢ ᠨᠡᠬᠡᠬᠡᠨ  ᠡᠬᠦᠳᠬᠦ ᠬᠡᠷᠡᠭᠳᠡᠢ᠃     ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠪᠠᠶᠢᠭᠤᠯᠤᠬᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠳᠠ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠳᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ ᠶᠢᠨ ᠱᠠᠳᠤ ᠦᠶ᠎ᠡ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠦᠶᠯᠡᠴᠢᠯᠡᠬᠦ ᠪᠠ ᠠᠭᠤᠰᠤᠯᠴᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠂ ︽ᠳᠥᠷᠪᠡᠨ ᠰᠠᠭᠤᠷᠢᠨ ᠭᠤᠷᠪᠠᠨ ᠲᠤᠭᠤᠷᠢᠭ︾  ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠦᠨ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠳᠤᠷ ᠵᠠᠮᠨᠠᠵᠤ᠂ ᠬᠠᠮᠲᠤ ᠪᠠᠷ ᠪᠡᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠤ᠂ ᠵᠤᠷᠢᠬᠳᠠᠢ ᠪᠠᠷ ᠪᠦᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠳᠠᠭᠠᠭᠤᠯᠤᠭᠴᠢ᠂ ᠡᠮᠦᠨ᠎ᠡ ᠨᠢ ᠤᠷᠤᠬᠰᠢᠯᠠᠬᠴᠢ᠂ ᠵᠢᠱᠢᠶ᠎ᠡ ᠦᠵᠡᠭᠦᠯᠬᠦ ᠲᠤᠭᠤᠷᠢᠭ᠂ ᠬᠥᠳᠡᠯᠭᠡᠭᠦᠷ ᠪᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠥᠨᠳᠡᠯᠡᠨ ᠲᠣᠭᠤᠷᠢᠭ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃     — ᠪᠣᠯᠣᠳ ᠲᠡᠮᠦᠷ ᠤᠨ ᠰᠢᠨ᠎ᠡ ᠮᠠᠲ᠋ᠧᠷᠢᠶᠠᠯ ᠦᠢᠯᠡᠳᠪᠦᠷᠢᠯᠡᠵᠦ ᠡᠳ᠋ᠰᠢᠬᠦᠯᠬᠦ ᠰᠠᠭᠤᠷᠢᠨ ᠤ ᠪᠦᠲᠦᠭᠡᠨ ᠪᠠᠶᠢᠭᠤᠯᠤᠯᠳᠠ ᠶᠢ ᠴᠢᠬᠤᠯᠠ ᠶᠡᠭᠡ ᠠᠬᠢᠴᠠ ᠲᠠᠢ ᠪᠤᠯᠭᠠᠨ᠎ᠠ᠃ ︽ᠴᠢᠨᠠᠷ ᠰᠠᠶᠢᠲᠠᠶ ᠰᠢᠯᠢᠳᠡᠭ ᠪᠣᠯᠣᠳ + ᠰᠢᠷᠢᠰ ᠬᠤᠪᠣᠷ ᠰᠢᠷᠣᠶ ᠶᠢᠨ ᠪᠣᠯᠣᠳ︾ ᠢᠶᠠᠷ ᠣᠨᠴᠠᠯᠢᠭ ᠪᠣᠯᠭᠠᠭᠰᠠᠨ ᠦᠶᠯᠡᠳᠬᠦᠨ ᠤ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ ᠳᠡᠮᠵᠢᠵᠦ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠪᠥᠬᠦᠶ ᠨᠠᠩ ᠣᠯᠠᠨ ᠲᠠᠪᠳᠠᠬᠳᠠᠰᠢ ᠦᠬᠡᠢ ᠰᠢᠯᠢᠳᠡᠭ ᠦᠶᠯᠡᠳᠬᠦᠨ ᠢ ᠨᠡᠭᠡᠭᠡᠨ ᠬᠥᠭᠵᠢᠭᠦᠯᠵᠦ ᠂ ᠠᠵᠤ ᠦᠶᠯᠡᠰ ᠤᠨ ᠬᠡᠯᠬᠢᠶ᠎ᠡ ᠶᠢ ᠳᠤᠤᠷᠠᠳᠤ ᠬᠡᠯᠬᠢᠶ᠎ᠡ ᠲᠡᠶᠢᠰᠢ ᠪᠠᠨ ᠤᠷᠲᠤᠳᠬᠠᠬᠤ ᠶᠢ ᠠᠬᠢᠭᠤᠯᠤᠨ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠲᠡᠶᠢᠰᠢ ᠳᠡᠭᠡᠭᠰᠢᠯᠡᠭᠦᠯᠵᠦ᠂ ᠪᠣᠯᠣᠳ ᠲᠡᠮᠦᠷ ᠢ ᠲᠤᠬᠠᠶ ᠶᠢᠨ ᠭᠠᠵᠠᠷ ᠲᠤᠨᠢ ᠤᠨᠳᠤᠤᠰᠢᠭᠤᠯᠬᠤ ᠨᠣᠷᠮ᠎ᠠ ᠪᠠ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠦᠶᠯᠡᠳᠬᠦᠨ ᠤ ᠥᠷᠲᠡᠭ ᠨᠢ ᠮᠢᠩᠭᠠᠨ ᠳ᠋ᠦᠩᠰᠢᠭᠤᠷ ᠲᠠᠰ ᠤᠨ ᠪᠣᠯᠣᠳ ᠲᠡᠮᠦᠷ ᠤᠨ ᠰᠢᠨ᠎ᠡ ᠮᠠᠲ᠋ᠧᠷᠢᠶᠠᠯ ᠤᠨ ᠦᠶᠯᠡᠳᠪᠦᠷᠢᠯᠡᠵᠦ ᠡᠳ᠋ᠰᠢᠭᠦᠯᠬᠦ ᠰᠠᠭᠤᠷᠢᠨ ᠢ ᠪᠠᠶᠢᠭᠤᠯᠤᠨ᠎ᠠ᠃    — ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠬᠡᠷᠡᠭᠯᠡᠭᠡᠨ ᠤ ᠰᠠᠭᠤᠷᠢᠨ ᠤ ᠪᠦᠲᠦᠭᠡᠨ ᠪᠠᠶᠢᠭᠤᠯᠤᠯᠳᠠ   ᠶᠢ ᠴᠢᠬᠤᠯᠠ ᠶᠡᠭᠡ ᠠᠬᠢᠯᠲᠠ ᠲᠠᠢ ᠪᠤᠯᠭᠠᠨ᠎ᠠ᠃ ᠬᠤᠪᠣᠷ ᠰᠢᠷᠣᠶ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠴᠤᠯ ᠴᠡᠪᠡᠷ ᠬᠤᠪᠣᠷ ᠰᠢᠷᠣᠶ ᠶᠢᠨ ᠦᠢᠯᠡᠳᠴᠤ ᠵᠤᠬᠢᠶᠠᠬᠤ ᠪᠠᠷ ᠰᠠᠭᠤᠷᠢ ᠪᠣᠯᠭᠠᠭᠰᠠᠨ ︽ᠬᠤᠪᠣᠷ ᠰᠢᠷᠣᠶ ᠶᠢᠨ ᠦᠢᠯᠡᠳᠪᠦᠷᠢᠯᠡᠯ + ᠬᠡᠷᠡᠭᠯᠡᠭᠡᠨ︾ ᠤ ᠪᠦᠬᠦ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠦᠨ᠎ᠡ᠃ ᠬᠤᠪᠣᠷ ᠰᠢᠷᠣᠢ ᠶᠢᠨ ᠬᠠᠶᠢᠯᠤᠭᠤᠯᠤᠨ ᠰᠠᠯᠭᠠᠬᠤ ᠭᠤᠭᠴᠤᠭ᠎ᠠ ᠶᠢᠨ ᠲᠤᠨᠤᠭ ᠲᠥᠬᠦᠭᠡᠷᠦᠮᠵᠢ ᠪᠣᠯᠤᠨ ᠦᠢᠯᠡᠳᠪᠦᠷᠢᠯᠡᠯ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠪᠣᠷ ᠰᠢᠷᠣᠢ ᠶᠢᠨ ᠲᠡᠮᠦᠷᠯᠢᠭ᠂ ᠬᠤᠪᠣᠷ ᠰᠢᠷᠣᠢ ᠶᠢᠨ ᠬᠠᠶᠢᠯᠤᠰᠢ ᠵᠡᠷᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ  ᠢᠯᠡᠳᠳᠡ ᠪᠤᠵᠠᠭᠠᠶᠢᠷᠠᠭᠤᠯᠵᠤ᠂ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠢ ᠢᠳᠡᠪᠬᠢᠲᠡᠢ ᠬᠥᠭᠵᠢᠭᠦᠯᠦᠨ ᠂ ᠨᠡᠮᠡᠯᠳᠡ ᠦᠷᠳᠡᠭ ᠨᠢ ᠵᠠᠭᠤᠨ ᠳ᠋ᠦᠩᠰᠢᠭᠤᠷ ᠲᠡᠰ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠬᠡᠷᠡᠭᠯᠡᠭᠡᠨ ᠤ ᠰᠠᠭᠤᠷᠢᠨ ᠢ ᠪᠠᠶᠢᠭᠤᠯᠤᠨ᠎ᠠ᠃    — ᠪᠣᠬᠢᠷᠲᠤᠯ ᠦᠭᠡᠢ ᠰᠢᠨ᠎ᠡ ᠡᠨᠧᠷᠭᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠳᠠ ᠶᠢ ᠴᠢᠬᠤᠯᠠ ᠶᠡᠭᠡ ᠠᠬᠢᠯᠲᠠ ᠲᠠᠢ ᠪᠤᠯᠭᠠᠨ᠎ᠠ᠃ ᠲᠦᠩ ᠸᠧᠶ᠂ ᠮᠧᠶ ᠺᠧ᠂ ᠰᠢᠶᠧ ᠰᠢᠨ ᠂ ᠯᠦᠩ ᠮᠠ ᠵᠡᠷᠭᠡ  ᠲᠠᠭᠠᠭᠤᠯᠤᠬᠴᠢ ᠠᠵᠤ ᠠᠬᠤᠶᠢᠯᠠᠯ ᠳᠤ ᠲᠦᠰᠢᠭᠯᠡᠨ᠂ ᠪᠣᠬᠢᠷᠲᠤᠯ ᠥᠬᠡᠶ ᠰᠢᠨ᠎ᠡ ᠡᠨᠧᠷᠭᠢ ᠶᠢᠨ ᠠᠵᠤ ᠦᠶᠯᠡᠰ ᠢ ᠨᠠᠷᠢᠨ  ᠰᠤᠳᠤᠯᠵᠤ ᠨᠢᠮᠪᠠᠢ ᠬᠦᠭᠵᠢᠬᠦᠯᠦᠨ᠎ᠡ᠃ ︽ᠣᠯᠠᠨ ᠲᠠᠯᠠᠰᠲᠤ ᠴᠠᠬᠢᠭᠤᠷ᠂ ᠳᠠᠩ ᠲᠠᠯᠠᠰᠲᠤ ᠴᠠᠬᠢᠭᠤᠷ᠂ ᠴᠠᠬᠢᠭᠤᠷ ᠢᠯᠲᠠᠰᠤ᠂ ᠳ᠋ᠢᠶᠠᠨ ᡂᠢ ᠶᠢᠨ ᠢᠯᠲᠠᠰᠤ᠂ ᠳ᠋ᠢᠶᠠᠨ ᡂᠢ ᠶᠢᠨ ᠲᠣᠨᠣᠭᠯᠠᠯ᠂ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ᠂ ᠴᠠᠬᠢᠯᠭᠠᠨ ᠴᠡᠨᠡᠭᠯᠡᠬᠦ  ᠱᠤᠩ ︵ᠥᠷᠲᠡᠭᠡ︶︾  ᠤᠨ ᠪᠥᠬᠦ ᠬᠡᠯᠬᠢᠶ᠎ᠡ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠨᠡᠶᠢᠯᠡᠮᠡᠯ ᠮᠠᠲ᠋ᠧᠷᠢᠶᠠᠯ ᠤᠨ ᠢᠯᠴᠢ ᠶᠢᠨ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠤᠨ ᠳᠤᠯᠠᠭᠠᠨ ᠢ ᠬᠠᠳᠠᠭᠠᠯᠠᠵᠤ  ᠬᠠᠯᠠᠭᠤᠨ ᠢ ᠬᠥᠨᠳᠡᠶᠢᠷᠡᠭᠦᠯᠬᠦ ᠮᠠᠲ᠋ᠧᠷᠢᠶᠠᠯ᠂ ᠥᠭᠡᠬᠦᠨ ᠴᠢᠯᠠᠭᠤᠨ ᠬᠠᠶᠢᠯᠤᠭᠤᠷ ᠵᠡᠷᠭᠡ ᠭᠡᠷᠡᠯᠴᠢ ᠴᠡᠨᠡᠭ ᠤᠨ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠱᠠᠨᠳᠦ᠋ᠩ ᠤᠨ ᠯᠦᠡᠭ ᠮᠠ ᠪᠠᠷ ᠲᠠᠭᠠᠭᠤᠯᠤᠬᠴᠢ ᠪᠣᠯᠭᠠᠵᠤ ᠂ ᠬᠤᠯᠪᠣᠭᠳᠠᠯ ᠪᠦᠬᠦᠢ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ ᠲᠡᠬᠡᠳᠤ ᠬᠡᠮᠵᠢᠶᠡᠨ ᠤ ᠢᠵᠢ ᠪᠦᠷᠢᠳᠦᠬᠦᠯᠦᠭᠰᠡᠨ ᠲᠡᠬᠡᠳᠤ ᠲᠡᠰ ᠤᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢ ᠲᠥᠪᠯᠡᠷᠡᠭᠦᠯᠦᠨ᠂ ᠦᠢᠯᠡᠳᠬᠦᠨ ᠤ ᠦᠷᠳᠡᠭ ᠨᠢ ᠲᠠᠪᠤᠨ ᠵᠠᠭᠤᠨ ᠳ᠋ᠦᠩᠰᠢᠭᠤᠷ ᠲᠡᠰ ᠤᠨ ᠪᠣᠬᠢᠷᠲᠤᠯ ᠦᠭᠡᠢ ᠰᠢᠨ᠎ᠡ ᠡᠨᠧᠷᠭᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠤᠨ᠎ᠠ᠃     — ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠨᠳᠤᠤᠰᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠳᠠ ᠶᠢ ᠴᠢᠬᠤᠯᠠ ᠶᠡᠭᠡ ᠠᠬᠢᠴᠠ ᠲᠠᠢ ᠪᠤᠯᠭᠠᠨ᠎ᠠ᠃ ᠠᠵᠤ ᠠᠬᠤᠶᠢᠯᠠᠯ ᠤᠨ ᠵᠤᠷᠢᠬᠳᠠᠢ ᠪᠠᠷ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠠᠵᠤ ᠦᠶᠯᠡᠰ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ᠂ ᠵᠧᠵᠢᠶᠠᠩ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ᠂ ᠨᠡᠶᠢᠯᠡᠮᠡᠯ ᠮᠠᠲ᠋ᠧᠷᠢᠶᠠᠯ ᠤᠨ ᠬᠦᠷᠢᠶᠡᠯᠡᠩ ᠤᠨ ᠥᠪᠥᠷ ᠮᠣᠩᠭᠤᠯ ᠤᠨ ᠪᠠᠯ ᠴᠢᠯᠠᠭᠤᠨ ᠠᠯᠺᠧᠨ ᠤ ᠢᠨᠵᠧᠨᠧᠷᠢᠩ ᠤᠨ ᠮᠡᠷᠭᠡᠵᠢᠯ ᠤᠨ ᠲᠥᠪ ᠵᠡᠷᠭᠡ ᠰᠢᠨ᠎ᠡ ᠶᠢ ᠡᠭᠦᠳᠬᠦ ᠲᠠᠪᠴᠠᠩ ᠢ ᠬᠥᠭᠵᠢᠭᠦᠯᠦᠨ ᠪᠤᠵᠠᠭᠠᠶᠢᠷᠠᠭᠤᠯᠵᠤ᠂ ᠳᠡᠭᠡᠳᠦ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠦᠷᠭᠦᠯᠵᠢᠯᠡᠨ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠪᠯᠡᠷᠡᠭᠦᠯᠦᠨ ᠪᠣᠭᠤᠮᠲᠠ ᠰᠢᠪᠲᠤᠯᠬᠤ ᠪᠠ ᠵᠠᠪᠰᠠᠷ ᠤᠨ ᠲᠤᠷᠰᠢᠯᠲᠠ ᠶᠢᠨ ᠰᠤᠳᠤᠯᠭᠠᠨ ᠢ ᠥᠷᠨᠢᠭᠦᠯᠵᠦ᠂ ᠨᠢᠭᠡ ᠪᠦᠯᠦᠭ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠲᠥᠪ ᠢ ᠱᠠᠲᠤᠯᠵᠢᠨ ᠡᠩᠨᠡᠭᠡ ᠪᠠᠷ ᠪᠤᠶᠢᠵᠢᠭᠤᠯᠤᠨ᠎ᠠ᠃ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠪᠣᠯᠣᠳ ᠲᠡᠮᠦᠷ ᠤᠨ ᠨᠠᠷᠢᠯᠢᠭ ᠡᠳ᠋ᠰᠢᠭᠦᠯᠦᠯᠲᠡ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠶᠢ ᠲᠦᠷᠭᠡᠳᠬᠡᠵᠦ᠂ ᠦᠢᠯᠡᠳᠬᠦᠨ ᠤ ᠥᠷᠲᠡᠭ ᠨᠢ ᠵᠠᠭᠤᠨ ᠳ᠋ᠦᠩᠰᠢᠭᠤᠷ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠨᠳᠤᠤᠰᠢᠭᠤᠯᠬᠤ ᠰᠠᠭᠤᠷᠢᠨ ᠢ ᠪᠠᠶᠢᠭᠤᠯᠤᠨ᠎ᠠ᠃   — ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠳᠣᠭᠢᠷᠬᠠᠰᠠᠨ ᠵᠢᠱᠢᠶ᠎ᠡ ᠦᠵᠡᠭᠦᠯᠬᠦ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢ ᠴᠢᠬᠤᠯᠠ ᠶᠡᠭᠡ ᠠᠬᠢᠴᠠ ᠲᠠᠢ ᠪᠤᠯᠭᠠᠨ᠎ᠠ᠃ ᠬᠤᠳᠠ ᠬᠥᠳᠡᠭᠡ ᠶᠢ ᠵᠡᠷᠭᠡ ᠪᠠᠷ ᠴᠢᠬᠤᠯᠠᠴᠢᠯᠠᠬᠤ᠂ ᠣᠷᠣᠨ ᠪᠦᠰᠡ ᠶᠢ ᠬᠠᠮᠵᠢᠯᠴᠠᠭᠤᠯᠬᠤ ᠶᠢ ᠪᠠᠷᠢᠮᠲᠠᠯᠠᠨ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠭᠠᠵᠠᠷ ᠰᠢᠷᠦᠢ ᠬᠡᠷᠡᠭᠯᠡᠬᠦ ᠪᠦᠲᠦᠴᠡ ᠶᠢᠨ ᠲᠤᠬᠢᠷᠠᠭᠤᠯᠤᠯᠳᠠ ᠶᠢ ᠠᠬᠢᠭᠤᠯᠵᠤ᠂ ᠬᠤᠳᠠ ᠶᠢᠨ ᠣᠷᠣᠨ ᠵᠠᠢ ᠶᠢᠨ ᠪᠡᠶᠡᠲᠦ ᠴᠢᠨᠠᠷ᠂ ᠬᠠᠪᠲᠠᠭᠠᠢ ᠶᠢᠨ ᠵᠣᠬᠢᠴᠠᠯᠳᠤ ᠴᠢᠨᠠᠷ᠂ ᠦᠩᠬᠡ ᠳᠦᠷᠰᠦ ᠶᠢᠨ ᠪᠦᠬᠦᠯᠢ ᠴᠣᠭᠴᠠᠲᠤ ᠴᠢᠨᠠᠷ᠂ ᠬᠤᠳᠠ ᠶᠢᠨ ᠤᠢ ᠰᠠᠭᠤᠬᠳᠠᠯ ᠤᠨ ᠦᠷᠭᠦᠯᠵᠢᠯᠡᠬᠦ ᠴᠢᠨᠠᠷ ᠢ ᠴᠢᠩᠭᠠᠷᠠᠭᠤᠯᠤᠨ᠎ᠠ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ   ᠶᠢ ᠰᠠᠭᠠᠷᠮᠠᠬᠵᠢᠭᠤᠯᠬᠤ ᠬᠤᠰᠢᠭᠤᠴᠢ ᠬᠤᠳᠠ ᠶᠢᠨ ᠲᠣᠭᠤᠷᠢᠭ᠂ ᠵᠢᠱᠢᠶᠡᠴᠢ ᠬᠤᠳᠠ ᠶᠢᠨ ᠲᠣᠭᠤᠷᠢᠭ ᠢ ᠪᠦᠬᠦ ᠬᠦᠴᠦᠨ ᠢᠶᠠᠷ ᠢᠶᠠᠨ ᠪᠦᠳᠦᠬᠡᠨ ᠪᠠᠶᠢᠭᠤᠯᠵᠤ᠂ ᠬᠤᠳᠠ ᠶᠢᠨ ᠴᠢᠨᠠᠷ ᠳᠡᠰ ᠥᠨᠳᠥᠷ᠂ ᠣᠷᠣᠨ ᠵᠠᠢ ᠶᠢᠨ ᠪᠦᠲᠦᠴᠡ ᠰᠢᠯᠢᠳᠡᠭ᠂ ᠠᠮᠢ ᠠᠬᠤᠢ ᠶᠢᠨ ᠪᠠᠭᠲᠠᠭᠠᠮᠵᠢ ᠶᠡᠭᠡ ᠣᠷᠣᠰᠢᠨ ᠰᠠᠭᠤᠬᠤ ᠳᠤ ᠲᠣᠬᠢᠷᠠᠮᠵᠢᠲᠠᠢ ᠵᠤᠯ ᠵᠢᠷᠭᠠᠯ ᠲᠠᠢ ᠬᠤᠳᠠ ᠶᠢᠨ ᠲᠣᠭᠤᠷᠢᠭ ᠢ ᠪᠦᠳᠦᠬᠡᠨ ᠪᠠᠶᠢᠭᠤᠯᠤᠨ᠎ᠠ᠃    — ᠣᠷᠣᠨ ᠪᠦᠰᠡ ᠶᠢᠨ ᠴᠢᠨᠠᠷᠲᠠᠢ ᠬᠡᠷᠡᠭᠯᠡᠭᠡᠨ ᠤ ᠭᠤᠤᠯ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢ ᠴᠢᠬᠤᠯᠠ ᠶᠡᠭᠡ ᠠᠬᠢᠯᠲᠠ ᠲᠠᠢ ᠪᠤᠯᠭᠠᠨ᠎ᠠ᠃ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠢ ᠳᠡᠰ ᠳᠡᠪᠰᠢᠭᠦᠯᠦᠨ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠵᠤ᠂ ᠪᠠᠷᠠᠭᠠᠨ ᠤ ᠭᠦᠢᠯᠭᠡᠬᠡ᠂ ᠮᠥᠩᠭᠦᠨ ᠭᠦᠢᠯᠭᠡᠭᠡᠨ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠠᠵᠤ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠂ ᠲᠡᠷᠢᠭᠦᠨ ᠤ ᠦᠢᠯᠡᠳᠬᠦ ᠦᠢᠯᠡᠰ ᠬᠢᠭᠡᠳ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠬᠤ ᠪᠠ ᠳᠡᠭᠡᠳᠦ ᠳᠡᠰᠵᠢᠬᠦ ᠲᠡᠶᠢᠰᠢ ᠤᠷᠲᠤᠳᠬᠠᠬᠤ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠨᠠᠷᠢᠯᠢᠭᠵᠢᠬᠤ ᠪᠠ ᠴᠢᠨᠠᠷᠵᠢᠬᠤ ᠲᠡᠶᠢᠰᠢ ᠳᠡᠰ ᠳᠡᠪᠰᠢᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡᠰ ᠢ  ᠲᠡᠩᠴᠡᠬᠦᠷᠢᠰᠢᠬᠦᠯᠬᠦ ᠪᠠ ᠲᠦᠬᠦᠮ ᠲᠦᠷᠬᠡᠨ ᠪᠤᠯᠭᠠᠬᠤ ᠲᠡᠶᠢᠰᠢ ᠬᠥᠭᠵᠢᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠨᠥᠯᠥᠭᠡᠯᠡᠨ ᠳᠠᠶᠢᠴᠢᠯᠠᠬᠤ ᠴᠢᠳᠠᠪᠤᠷᠢ ᠪᠣᠯᠤᠨ ᠬᠥᠮᠦᠨ ᠠᠮᠠ ᠵᠡᠷᠭᠡ ᠬᠦᠴᠦᠨ ᠵᠦᠢᠯ ᠤᠨ ᠲᠥᠪᠯᠡᠷᠡᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠭᠠᠵᠠᠷ ᠪᠣᠯᠤᠨ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ  ᠤᠨ ᠤᠷᠢᠳ ᠢᠶᠠᠷ ᠰᠤᠩᠭᠤᠬᠤ ᠭᠠᠵᠠᠷ ᠪᠤᠯᠭᠠᠨ ᠪᠠᠶᠢᠭᠤᠯᠤᠨ᠎ᠠ᠃         — ᠨᠡᠶᠢᠭᠡᠮ ᠠᠷᠠᠳ ᠤᠨ ᠠᠮᠢᠳᠤᠷᠠᠯ ᠤᠨ ᠤᠷᠢᠳ ᠢᠶᠠᠷ ᠬᠡᠷᠡᠭᠵᠢᠬᠦᠯᠬᠦ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ  ᠴᠢᠬᠤᠯᠠ ᠶᠡᠭᠡ ᠠᠬᠢᠴᠠ ᠲᠠᠢ ᠪᠤᠯᠭᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠪᠡᠶ᠎ᠡ ᠶᠢᠨ ᠲᠠᠮᠢᠷ᠂ ᠰᠣᠶᠣᠯ ᠤᠨ ᠬᠠᠩᠭᠠᠯᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠪᠠ ᠰᠢᠨ᠎ᠡ ᠶᠢ ᠡᠭᠦᠳᠴᠦ᠂ ᠨᠡᠶᠢᠭᠡᠮ ᠤᠨ ᠲᠣᠭᠲᠠᠭᠤᠨ ᠪᠠ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠠᠷᠠᠯᠵᠢᠶᠠᠨ ᠤ ᠴᠢᠯᠥᠭᠡᠵᠢᠯᠲᠡ᠂ ᠲᠦᠬᠦᠮ ᠪᠤᠯᠭᠠᠬᠤ ᠬᠡᠮᠵᠢᠶ᠎ᠡ᠂ ᠰᠠᠭᠤᠭᠠᠯᠢ ᠠᠷᠠᠳ ᠤᠨ ᠠᠵᠢᠯ ᠠᠮᠢᠳᠤᠷᠠᠯ ᠤᠨ ᠴᠢᠨᠠᠷᠵᠢᠯᠲᠠ᠂ ᠲᠦᠬᠦᠮ  ᠦᠡᠵᠬᠦᠯᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠨᠳᠡᠯᠡᠨ ᠲᠣᠭᠤᠷᠢᠭ ᠤᠨ ᠤᠯᠠᠨ ᠲᠦᠮᠡᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠬᠤ ᠪᠠᠷ ᠴᠢᠷᠮᠠᠶᠢᠵᠤ᠂ ᠠᠷᠠᠳ ᠲᠦᠮᠡᠨ ᠴᠢᠨᠠᠷ ᠰᠠᠶᠢᠲᠠᠢ ᠠᠮᠢᠳᠤᠷᠠᠯ ᠢ ᠡᠳ᠋ᠯᠡᠭᠰᠡᠨ ᠰᠠᠶᠢᠨ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠤᠨ᠎ᠠ᠃ ᠭᠤᠷᠪᠠ᠂ 2022 ᠣᠨ ᠤ ᠠᠵᠢᠯ ᠤᠨ ᠲᠤᠬᠠᠢ ᠰᠠᠨᠠᠭᠤᠯᠭ᠎ᠠ      2022 ᠣᠨ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠤᠯᠤᠨ᠎ᠠ᠂ ᠡᠨᠡ ᠪᠣᠯ ᠨᠠᠮ ᠪᠣᠯᠤᠨ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠭᠡᠨ ᠲᠤᠮᠤ ᠶᠠᠪᠤᠳᠠᠯ ᠪᠣᠯᠤᠨ᠎ᠠ᠃ ᠪᠢᠳᠡ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ᠂ ᠰᠠᠭᠤᠵᠤ ᠲᠦᠪᠳᠡᠬᠦ ᠦᠭᠡᠢ ᠲᠤᠯᠭᠠᠮ ᠰᠡᠳᠬᠢᠯᠭᠡ᠂ ᠤᠳᠠᠭᠠᠰᠢᠷᠠᠭᠤᠯᠵᠤ ᠪᠣᠯᠬᠤ ᠦᠭᠡᠢ ᠲᠦᠭᠰᠢᠭᠦᠷᠢᠲᠦ  ᠪᠤᠳᠤᠯ᠂ ᠬᠦᠯᠢᠶᠡᠵᠦ ᠳᠡᠶᠢᠯᠬᠦ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠶᠢᠳᠠᠪᠤᠷᠢᠵᠢᠭᠤᠯᠤᠯᠲᠠ ᠶᠢ ᠲᠦᠷᠭᠡᠨ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠶᠢ ᠨᠢᠭᠡᠳᠦᠯᠲᠡᠢ ᠲᠥᠯᠥᠪᠵᠢᠬᠦᠯᠦᠨ ᠠᠬᠢᠭᠤᠯᠵᠤ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ    ᠡᠯ᠎ᠡ ᠲᠠᠯ᠎ᠠ ᠶᠢᠨ ᠬᠦᠴᠦᠨ ᠵᠦᠶᠯ ᠢ ᠶᠡᠷᠦᠩᠬᠡᠶᠢᠯᠡᠨ ᠪᠣᠳᠣᠯᠬᠢᠯᠠᠵᠤ᠂ 2022 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠤᠷᠤᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 8% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠬᠦ ᠶᠢ ᠦᠨᠡᠨᠬᠦ ᠪᠠᠲᠤᠯᠠᠵᠤ᠂ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 12% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ  ᠪᠤᠷᠤᠯᠠᠭᠤᠯᠬᠤ ᠶᠡᠷᠦᠩᠬᠡᠶ ᠬᠡᠮᠵᠢᠶ᠎ᠡ ᠶᠢ 9% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠡᠭᠰᠢᠳᠭᠡᠭᠰᠡᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠪᠠᠶᠢᠯᠭᠠᠵᠤ᠂ ᠬᠤᠲᠠ ᠪᠠᠯᠭᠠᠰᠤ ᠶᠢᠨ ᠳᠡᠩᠰᠡᠯᠡᠭᠤᠯᠤᠬᠰᠠᠨ ᠠᠵᠢᠯ ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠨ᠎ᠠ᠃ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄      ︵ᠨᠢᠭᠡ︶ ᠠᠵᠤ ᠠᠬᠤᠶ ᠶᠢᠨ ᠡᠷᠬᠢᠯᠳᠡ ᠶᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠬᠤ ᠳᠤᠮᠳᠠ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠶᠡᠷᠦᠩᠬᠡᠶ ᠬᠡᠮᠵᠢᠶ᠎ᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠂ ᠬᠡᠮᠵᠢᠶ᠎ᠡ ᠶᠢ ᠯᠠᠪᠳᠠᠭᠤᠨ ᠢᠶᠠᠷ ᠨᠡᠮᠡᠭᠳᠡᠬᠦᠯᠵᠤ᠂ ᠬᠠᠳᠠᠭᠠᠯᠠᠭᠳᠠᠴᠠ ᠶᠢ ᠰᠢᠯᠢᠳᠡᠭᠵᠢᠭᠦᠯᠦᠨ᠂ ᠠᠵᠤ ᠠᠬᠤᠶ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠪᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠠᠬᠢᠭᠤᠯᠤᠨ᠎ᠠ᠃    ᠨᠢᠭᠡ ᠳᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠤᠨᠢᠨ ᠲᠡᠭᠡᠷ᠎ᠡ ᠨᠢ ᠥᠷᠭᠡᠳᠬᠡᠨ᠎ᠡ᠃  ᠪᠡᠯᠡ ᠤᠷᠤᠭᠤᠯᠤᠯᠳᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 117 ᠭᠤᠣᠯᠳᠠᠯᠭ᠎ᠠ ᠲᠠᠢ ᠲᠥᠷᠥᠯ ᠵᠦᠢᠯ  ︵ᠰᠢᠨ᠎ᠡ ᠪᠠᠷ ᠪᠠᠶᠢᠭᠤᠯᠬᠤ ᠲᠥᠷᠥᠯ ᠵᠦᠢᠯ 72᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ 45︶  ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠡᠷᠦᠩᠬᠡᠶ ᠪᠡᠯᠡ ᠣᠷᠣᠭᠤᠯᠤᠯᠲᠠ ᠨᠢ 1082.3 ᠳ᠋ᠦᠩᠰᠢᠭᠤᠷ ᠲᠥᠭᠦᠷᠢᠭ᠂ ᠲᠤᠰ ᠵᠢᠯ ᠳᠡᠭᠡᠨ 249.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 4 ᠰᠠᠷ᠎ᠠ ᠶᠢᠨ ᠰᠡᠭᠦᠯᠴᠢ ᠪᠠᠷ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠨᠣᠷᠮ᠎ᠠ ᠶᠢ 100% ᠳᠤ ᠬᠦᠷᠬᠡᠬᠦ ᠶᠢ ᠦᠨᠡᠨᠬᠦ ᠪᠠᠲᠤᠯᠠᠵᠤ᠂ ᠪᠦᠬᠦ ᠵᠢᠯ ᠳᠤ 52 ᠠᠴᠠ ᠳᠡᠭᠡᠭᠰᠢ ᠶᠢ ᠪᠠᠷᠢᠯᠭ᠎ᠠ ᠳᠠᠭᠤᠰᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠨ᠎ᠡ᠃ ᠠᠵᠤ ᠦᠶᠯᠡᠳᠪᠦᠷᠢ ᠶᠢᠨ ᠪᠡᠯᠡ ᠣᠷᠣᠭᠤᠯᠤᠯᠲᠠ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠪᠣᠯᠣᠳ ᠲᠡᠮᠦᠷ ᠢ ᠨᠠᠷᠢᠯᠢᠭ ᠡᠳ᠋ᠰᠢᠬᠦᠯᠬᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ 61 ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠳᠣᠲᠣᠷ᠎ᠠ ᠠᠵᠤ ᠦᠶᠯᠡᠳᠪᠦᠷᠢ ᠶᠢᠨ ᠪᠡᠯᠡ ᠣᠷᠣᠭᠤᠯᠤᠯᠲᠠ ᠶᠢ 181.4 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠬᠦ ᠶᠠᠪᠤᠴᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠵᠤ᠂ ᠰᠤᠷᠪᠤᠯᠵᠢᠯᠠᠨ ᠤᠶᠢᠯᠠᠭᠠᠬᠰᠠᠨ ᠲᠦᠷᠦᠯ ᠵᠦᠢᠯ ᠤᠨ ᠮᠡᠳᠡᠭᠡ ᠵᠠᠩᠭᠢ ᠶᠢ ᠠᠳᠬᠤᠬᠤ᠂ ᠶᠠᠷᠢᠯᠴᠠᠵᠤ ᠪᠠᠶᠢᠭ᠎ᠠ ᠲᠦᠷᠦᠯ ᠵᠦᠢᠯ ᠤᠨ ᠭᠡᠷ᠎ᠡ ᠲᠣᠭᠲᠠᠬᠤ ᠶᠢ ᠠᠳᠬᠤᠬᠤ᠂ ᠬᠡᠷ᠎ᠡ ᠲᠤᠬᠳᠠᠬᠰᠠᠨ ᠲᠦᠷᠦᠯ ᠵᠦᠢᠯ ᠤᠨ ᠨᠠᠶᠢᠳᠠᠪᠤᠷᠢᠵᠢᠭᠤᠯᠬᠤ ᠶᠢ ᠲᠠᠭᠠᠵᠤ ᠠᠩᠬᠠᠷᠬᠤ᠂ ᠨᠠᠶᠢᠳᠠᠪᠤᠷᠢᠵᠢᠭᠤᠯᠤᠬᠰᠠᠨ ᠲᠦᠷᠦᠯ ᠵᠦᠢᠯ ᠤᠨ ᠭᠠᠷᠳᠠᠮ ᠬᠦᠢᠴᠡᠳᠬᠡᠬᠦ ᠶᠢ ᠲᠠᠭᠠᠵᠤ ᠠᠩᠬᠠᠷᠬᠤ᠂ ᠭᠠᠷᠳᠠᠮ ᠬᠦᠢᠴᠡᠳᠭᠡᠭᠰᠡᠨ ᠲᠦᠷᠦᠯ ᠵᠦᠢᠯ ᠤᠨ ᠪᠠᠷᠢᠯᠭ᠎ᠠ ᠡᠬᠢᠯᠡᠭᠦᠯᠬᠦ ᠶᠢ ᠲᠠᠭᠠᠵᠤ ᠠᠩᠬᠠᠷᠬᠤ᠂ ᠠᠵᠢᠯ ᠡᠬᠢᠯᠡᠭᠦᠯᠦᠭᠰᠡᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠲᠠᠭᠠᠵᠤ ᠠᠩᠬᠠᠷᠬᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠵᠢᠯ ᠢᠶᠠᠨ ᠳᠠᠭᠤᠰᠬᠠᠬᠤ ᠶᠢ ᠲᠠᠭᠠᠵᠤ ᠠᠩᠬᠠᠷᠬᠤ᠂ ᠪᠠᠶᠢᠭᠤᠯᠵᠤ ᠳᠠᠭᠤᠰᠬᠠᠭᠰᠠᠨ ᠲᠦᠷᠦᠯ ᠵᠦᠢᠯ ᠤᠨ ᠵᠢᠷᠤᠵᠤ ᠲᠦᠯᠦᠪᠯᠡᠭᠰᠡᠨ ᠦᠢᠯᠡᠳᠪᠦᠷᠢᠯᠡᠯ ᠤᠨ ᠴᠢᠳᠡᠪᠦᠷᠢ ᠶᠢᠨ ᠬᠡᠮᠵᠢᠶᠡᠨ ᠳᠤ ᠬᠦᠷᠬᠦ ᠶᠢ ᠲᠠᠭᠠᠵᠤ ᠠᠩᠬᠠᠷᠬᠤ᠂ ᠦᠢᠯᠡᠳᠪᠦᠷᠢᠯᠡᠯ ᠤᠨ ᠬᠡᠮᠵᠢᠶ᠎ᠡ ᠳᠤ ᠬᠦᠷᠦᠭᠰᠡᠨ ᠲᠦᠷᠦᠯ ᠵᠦᠢᠯ ᠤᠨ ᠬᠠᠮᠤᠭ ᠤᠨ ᠶᠡᠭᠡ ᠬᠡᠮᠵᠢᠶ᠎ᠡ ᠶᠢᠨ ᠬᠢᠵᠠᠭᠠᠷ ᠢ ᠲᠠᠭᠠᠵᠤ ᠠᠩᠬᠠᠷᠬᠤ᠂  ᠬᠠᠮᠤᠭ ᠤᠨ ᠶᠡᠭᠡ ᠬᠡᠮᠵᠢᠶ᠎ᠡ ᠶᠢᠨ ᠬᠢᠵᠠᠭᠠᠷ ᠲᠤ ᠬᠦᠷᠦᠭᠰᠡᠨ ᠲᠦᠷᠦᠯ ᠵᠦᠢᠯ ᠢ ᠬᠡᠪᠴᠢᠶᠡᠵᠢᠭᠰᠡᠨ ᠠᠵᠤ ᠠᠬᠤᠶᠢᠯᠠᠯ ᠤᠨ ᠪᠦᠷᠢᠳᠬᠡᠯ ᠳᠤ ᠤᠷᠤᠭᠤᠯᠬᠤ ᠶᠤᠰᠤᠭᠠᠷ᠂ ᠲᠦᠷᠦᠯ ᠵᠦᠢᠯ ᠤᠨ ᠡᠮᠦᠨ᠎ᠡ ᠬᠤᠶᠢᠨᠠᠬᠢ ᠪᠦᠬᠦ ᠠᠮᠢ ᠨᠠᠰᠤᠨ ᠤ ᠦᠶᠡᠯᠡᠯ ᠤᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠦᠳᠦᠭᠡᠨ ᠪᠠᠶᠢᠭᠤᠯᠬᠤ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ᠂ ᠨᠢᠭᠡ ᠪᠦᠯᠦᠭ ᠢ ᠨᠥᠭᠡᠴᠡᠯᠡᠬᠦ ᠱᠠᠲᠤᠯᠢᠭ ᠪᠠᠶᠢᠷᠢᠰᠢᠯ ᠢ  ᠪᠦᠷᠢᠯᠳᠦᠬᠦᠯᠦᠨ᠎ᠡ᠃    ᠬᠤᠶᠠᠷ ᠲᠤ᠂ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠬᠡᠷᠡᠭᠯᠡᠭᠡ ᠶᠢᠨ ᠲᠠᠰ ᠳᠡᠪᠰᠢᠬᠦ ᠬᠠᠨᠳᠤᠰᠢ ᠳᠤ ᠵᠣᠬᠢᠴᠠᠭᠤᠯᠤᠨ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠡᠷᠭᠡ ᠠᠵᠢᠯ ᠲᠥᠷᠥᠯ ᠤᠨ ᠤᠳᠤ ᠪᠠᠶᠢᠭ᠎ᠠ ᠬᠡᠷᠡᠭᠴᠡᠭᠡ ᠶᠢ ᠭᠦᠨᠵᠡᠭᠡᠶ ᠠᠭᠤᠳᠠᠯᠵᠤ᠂ ᠪᠡᠶᠡᠴᠢᠯᠡᠨ ᠣᠶᠢᠯᠠᠭᠠᠬᠤ ᠠᠵᠤ ᠠᠬᠤᠶ᠂ ᠬᠠᠮᠲᠤᠪᠠᠷ ᠡᠳ᠋ᠯᠡᠬᠦ ᠠᠵᠤ ᠠᠬᠤᠶ᠂ ᠪᠠᠷᠠᠭ᠎ᠠ ᠲᠠᠨᠢᠯᠴᠠᠭᠤᠯᠬᠤ ᠠᠵᠤ ᠠᠬᠤᠶ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠡᠵᠡᠩᠨᠡᠯᠲᠡ ᠶᠢᠨ ᠬᠡᠯᠪᠡᠷᠢ ᠶᠢ ᠲᠦᠷᠭᠡᠳᠬᠡᠨ ᠬᠥᠭᠵᠢᠭᠦᠯᠦᠨ᠎ᠡ᠃ ᠬᠡᠷᠡᠭᠯᠡᠭᠡᠨ ᠤ ᠰᠢᠨ᠎ᠡ ᠦᠵᠡᠭᠳᠡᠯ ᠪᠠᠶᠢᠳᠠᠯ ᠢ ᠲᠦᠭᠡᠮᠡᠯᠵᠢᠭᠦᠯᠬᠦ ᠪᠠ ᠬᠡᠷᠡᠭᠯᠡᠬᠦ ᠶᠢ ᠬᠥᠲᠥᠯᠥᠨ ᠵᠢᠯᠣᠭᠤᠳᠴᠤ᠂ ᠪᠤᠭᠤᠳᠤ ᠶᠢᠨ ᠪᠦᠷᠢᠨ ᠪᠠᠷᠠᠭᠠᠳᠤ ᠬᠤᠳᠠᠯᠳᠤᠭᠠᠨ ᠤ ᠲᠠᠯᠠᠪᠠᠢ —  ᠸᠠᠩ ᠹᠦ᠋ ᠵᠢᠩ᠂  ᠠᠷᠠᠳ ᠠᠭᠤᠳᠠᠮ ᠲᠠᠯᠠᠪᠠᠢ᠂ ᠡᠦ ᠶᠤᠸᠠᠢ ᠠᠭᠤᠳᠠᠮ ᠲᠠᠯᠠᠪᠠᠶ ᠵᠡᠷᠭᠡ ᠬᠤᠳᠠᠯᠳᠤᠭᠠᠨ ᠤ ᠲᠣᠭᠤᠷᠢᠭ ᠢᠶᠠᠷ ᠭᠤᠤᠯ ᠴᠣᠭᠴᠠ ᠪᠣᠯᠭᠠᠵᠤ᠂  ︽ᠣᠨᠴᠠᠯᠢᠭᠲᠤ ᠦᠶᠯᠡᠳᠬᠦᠨ + ᠡᠯᠧᠺᠲᠷᠣᠨ ᠬᠤᠳᠠᠯᠳᠤᠭᠠᠨ ᠤ ᠲᠠᠪᠴᠠᠩ + ᠰᠢᠭᠤᠳ ᠨᠡᠪᠲᠡᠷᠡᠭᠦᠯᠭᠡ ᠪᠠᠷ ᠪᠠᠷᠠᠭ᠎ᠠ ᠲᠠᠨᠢᠯᠴᠠᠭᠤᠯᠬᠤ︾ ᠰᠢᠨ᠎ᠡ ᠵᠠᠭᠪᠤᠷ ᠢ ᠭᠦᠨᠵᠡᠭᠡᠶᠢᠷᠡᠭᠦᠯᠦᠨ ᠬᠡᠷᠡᠭᠯᠡᠵᠦ᠂ ᠬᠡᠷᠡᠭᠯᠡᠭᠡ ᠶᠢᠨ ᠬᠤᠯᠪᠤᠯᠳᠤᠬᠤ ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠬᠤᠷᠳᠤᠨ ᠲᠡᠷᠬᠡᠨ ᠤ ᠵᠠᠮ ᠢ ᠪᠤᠢ ᠪᠣᠯᠭᠠᠨ᠎ᠠ᠃ ᠬᠤᠲᠠ ᠬᠥᠳᠡᠭᠡ ᠶᠢᠨ ᠬᠦᠢᠳᠡᠨ ᠢᠶᠠᠷ ᠬᠦᠷᠬᠡᠬᠦ ᠬᠡᠯᠬᠢᠶ᠎ᠡ ᠶᠢᠨ ᠪᠠᠶᠢᠭᠤᠯᠤᠯᠲᠠ᠂ ᠲᠤᠬᠢᠷᠠᠭᠤᠯᠤᠨ ᠬᠦᠷᠭᠡᠬᠦ ᠰᠢᠰᠲ᠋ᠧᠮ ᠢ ᠪᠦᠷᠢᠨᠰᠢᠭᠦᠯᠵᠦ᠂ ︽ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ + ᠲᠤᠰᠬᠠᠶ ᠬᠤᠷᠰᠢᠶ᠎ᠠ + ᠨᠡᠶᠢᠭᠡᠮ ᠲᠣᠭᠤᠷᠢᠭ ᠤᠨ ᠲᠤᠤᠷ ᠴᠡᠭ︾ ᠤᠨ ᠡᠵᠡᠩᠨᠡᠯᠲᠡ ᠶᠢᠨ ᠵᠠᠭᠪᠤᠷ ᠢ ᠲᠡᠭᠦᠯᠳᠡᠷᠵᠢᠭᠦᠯᠦᠨ᠂ ᠲᠠᠷᠢᠶᠠᠯᠠᠩ ᠤᠨ ᠪᠦᠳᠦᠭᠡᠭᠳᠡᠬᠦᠨ ᠪᠤᠯᠤᠨ ᠪᠥᠭᠡᠮ ᠢᠶᠠᠷ ᠪᠤᠷᠤᠯᠠᠭᠤᠯᠬᠤ ᠵᠠᠬ᠎ᠠ ᠲᠡᠯᠬᠡᠬᠦᠷ᠂ ᠲᠠᠷᠢᠶᠠᠴᠢᠨ ᠡᠷᠦᠬᠡ ᠪᠤᠯᠤᠨ ᠬᠠᠮ ᠳᠡᠯᠭᠡᠭᠦᠷ᠂ ᠲᠠᠷᠢᠶᠠᠴᠢᠨ ᠡᠷᠦᠬᠡ ᠪᠤᠯᠤᠨ ᠠᠵᠤ ᠠᠬᠤᠶᠢᠯᠠᠯ ᠢ ᠵᠣᠯᠭᠠᠭᠤᠯᠬᠤ ᠶᠢ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠬᠡᠷᠡᠭᠯᠡᠭᠡ ᠶᠢᠨ ᠳᠠᠯᠳᠠ ᠬᠦᠴᠦᠨ ᠢ ᠭᠦᠨᠵᠡᠭᠡᠶ ᠠᠭᠤᠳᠠᠯᠤᠨ᠎ᠠ᠃       ᠭᠤᠷᠪᠠ ᠳᠤ᠂ ᠡᠷᠡᠰ ᠴᠢᠩᠭ᠎ᠠ ᠠᠳᠬᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠤᠨ᠎ᠠ᠃ ᠬᠠᠷᠠᠯᠲᠠ ᠶᠢ  ᠦᠨᠳᠦᠷ ᠲᠣᠭᠲᠠᠭᠠᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠪᠥᠬᠦ ᠠᠵᠢᠯᠲᠠᠨ ᠠᠷᠠᠯᠵᠢᠶᠠᠴᠢᠨ ᠤᠷᠢᠬᠤ᠂ ᠨᠡᠶᠢᠭᠡᠮᠴᠢᠯᠡᠭᠰᠡᠨ ᠠᠷᠠᠯᠵᠢᠶᠠᠴᠢᠨ ᠤᠷᠢᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ 160 ᠬᠠᠷᠠᠯᠳᠠ ᠡᠭᠦᠷᠭᠡ ᠶᠢ ᠪᠡᠶᠡᠯᠡᠭᠦᠯᠦᠨ᠎ᠡ᠃ ᠴᠢᠭᠯᠡᠯ ᠢ ᠣᠨᠢᠯᠠᠵᠤ᠂ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠬᠦ ᠶᠢᠨ ᠲᠤᠭᠤᠷᠢᠨ ᠳᠤ᠂ ᠳᠡᠯᠡᠬᠡᠢ ᠶᠢᠨ 500 ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ ᠤᠨ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠨᠡᠪᠳᠡᠷᠡᠯᠴᠡᠨ᠂ ᠠᠵᠢᠯ ᠲᠦᠷᠦᠯ ᠤᠨ ᠮᠠᠩᠯᠠᠢ ᠪᠣᠯᠤᠨ ᠠᠵᠢᠯ ᠲᠦᠷᠦᠯ ᠤᠨ ᠰᠢᠨ᠎ᠡ ᠠᠵᠤ ᠠᠬᠤᠶᠢᠯᠠᠯ ᠲᠠᠢ ᠨᠠᠷᠢᠨ ᠬᠢᠨᠠᠮᠠᠭᠠᠢ ᠬᠠᠷᠢᠯᠴᠠᠵᠤ᠂ ᠡᠯ᠎ᠡ ᠭᠠᠵᠠᠷ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠳᠠᠯᠳᠤᠭᠠᠴᠢᠳ ᠤᠨ ᠡᠪᠯᠡᠯ᠂ ᠠᠵᠢᠯ ᠲᠦᠷᠦᠯ ᠤᠨ ᠨᠡᠶᠢᠭᠡᠮᠯᠢᠭ᠂ ᠡᠯ᠎ᠡ ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠥᠷᠭᠡᠨ ᠢᠶᠠᠷ ᠬᠠᠷᠢᠯᠴᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠤᠶᠠᠯᠳᠤᠯ ᠤᠨ ᠴᠡᠭ ᠪᠣᠯᠤᠨ ᠰᠢᠪᠲᠤᠯᠤᠯᠲᠠ ᠶᠢᠨ ᠴᠡᠭ ᠢ ᠦᠨᠡᠨ ᠬᠦ ᠣᠨᠣᠪᠴᠢᠲᠠᠢ ᠡᠷᠢᠵᠦ ᠤᠯᠤᠨ᠎ᠠ᠃ ᠬᠢᠨᠠᠨ ᠰᠢᠯᠭᠠᠬᠤ ᠶᠢ ᠴᠢᠩᠭᠠᠳᠬᠠᠨ᠂ ᠰᠠᠷ᠎ᠠ ᠪᠦᠷᠢ ᠲᠤᠬᠢᠷᠠᠭᠤᠯᠤᠯᠳᠠ ᠬᠢᠬᠦ᠂ ᠤᠯᠠᠷᠢᠯ ᠢᠶᠠᠷ ᠦᠨᠡᠯᠡᠨ ᠵᠢᠱᠢᠬᠦ᠂ ᠣᠨ ᠢᠶᠠᠷ ᠬᠢᠨᠠᠨ ᠰᠢᠯᠭᠠᠬᠤ ᠲᠣᠭᠲᠠᠴᠠ ᠶᠢ ᠪᠦᠷᠢᠨᠰᠢᠬᠦᠯᠵᠦ᠂ ᠡᠯ᠎ᠡ ᠠᠵᠤ ᠦᠢᠯᠡᠰ ᠤᠨ ᠬᠡᠯᠬᠢᠶ᠎ᠡ ᠶᠢᠨ ᠠᠵᠢᠯ ᠤᠨ ᠦᠷ᠎ᠡ ᠪᠦᠲᠦᠭᠡᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ᠎ᠡ᠃ ︽ᠲᠦᠯᠬᠢᠭᠴᠢ︾᠂ ︽ᠭᠤᠯᠭᠤᠭᠤᠷ ᠡᠳ᠋︾  ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠤᠳᠤ ᠪᠠᠶᠢᠭ᠎ᠠ ᠠᠵᠤ ᠠᠬᠤᠶᠢᠯᠠᠯ ᠤᠨ ᠰᠢᠨ᠎ᠡ ᠲᠥᠷᠥᠯ ᠵᠦᠶᠯ ᠢ ᠨᠡᠬᠡᠬᠡᠬᠦ᠂ ᠦᠶᠯᠡᠳᠪᠦᠷᠢᠯᠡᠯ ᠤᠨ ᠴᠢᠳᠠᠪᠤᠷᠢ ᠪᠠᠨ ᠥᠷᠭᠡᠳᠬᠡᠬᠦ᠂ ᠮᠡᠷᠭᠡᠵᠢᠯ ᠤᠨ ᠥᠭᠡᠷᠡᠴᠢᠯᠡᠯᠲᠡ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠶᠡᠬᠡᠪᠡᠷ ᠳᠠᠮᠵᠢᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠤ ᠦᠢᠯᠡᠰ ᠤᠨ ᠣᠨᠴᠠᠯᠢᠭ ᠪᠠ ᠠᠵᠤ ᠦᠢᠯᠡᠰ ᠤᠨ ᠪᠠᠶᠢᠷᠢ ᠲᠣᠭᠲᠠᠭᠠᠯᠲᠠ ᠪᠠᠨ ᠦᠨᠳᠦᠰᠦᠯᠡᠨ᠂ ᠡᠬᠢᠨ ᠤ ᠪᠠ ᠳᠤᠮᠳᠠ ᠳᠣᠣᠷᠠᠳᠤ ᠬᠡᠯᠬᠢᠶ᠎ᠡ ᠶᠢᠨ ᠬᠠᠮᠢᠶ᠎ᠠ ᠪᠦᠬᠦᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠤᠨ᠂ ︽ᠨᠢᠭᠡ ᠶᠢ ᠣᠷᠣᠭᠤᠯᠤᠨ ᠠᠪᠴᠢᠷᠠᠪᠠᠯ ᠲᠡᠭᠡᠷ᠎ᠡ ᠨᠢ ᠨᠢᠭᠡ ᠪᠦᠯᠦᠭ ᠢ ᠲᠠᠭᠠᠭᠤᠯᠤᠨ ᠠᠪᠴᠢᠷᠠᠬᠤ ︾ ᠰᠣᠷᠢᠨᠵᠢᠨ ᠤᠷᠤᠨ ᠤ ᠨᠦᠯᠦᠬᠡᠯᠴᠡᠯ ᠢ ᠪᠤᠢ ᠪᠣᠯᠭᠠᠨ᠎ᠠ᠃    ᠳᠥᠷᠪᠡ ᠳᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠪᠠᠶᠢᠷᠢᠯᠠᠭᠤᠯᠤᠯᠲᠠ ᠶᠢ ᠭᠦᠨᠵᠡᠬᠡᠶᠢᠷᠡᠬᠦᠯᠦᠨ ᠨᠠᠶᠢᠳᠠᠪᠤᠷᠢᠵᠢᠭᠤᠯᠤᠨ᠎ᠠ᠃ ᠳᠡᠭᠡᠳᠦ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠬᠦᠴᠦᠯᠡᠨ ᠪᠠᠶᠢᠭᠤᠯᠵᠤ᠂ ᠴᠢᠩᠳᠣᠤ ᠶᠢᠨ ᠬᠡᠯᠬᠢᠶ᠎ᠡ ᠪᠤᠯᠤᠩ ᠤᠨ ᠴᠦᠷᠬᠡᠯᠡᠭᠡ ᠬᠡᠯᠬᠢᠶ᠎ᠡ ᠶᠢᠨ ᠰᠤᠳᠤᠯᠭᠠᠨ ᠤ ᠬᠦᠷᠢᠶᠡᠯᠡᠩ ᠢ ᠣᠷᠣᠭᠤᠯᠤᠨ ᠠᠪᠴᠢᠷᠠᠵᠤ᠂ ᠲᠡᠮᠦᠷᠯᠢᠭ ᠢ ᠨᠠᠷᠢᠯᠢᠭ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠥᠪᠡᠷᠲᠡᠭᠡᠨ ᠵᠠᠰᠠᠬᠤ ᠤᠷᠤᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠤᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠤᠯᠤᠰ ᠤᠨ ᠮᠡᠷᠭᠡᠵᠢᠯ ᠢ ᠰᠢᠯᠵᠢᠭᠦᠯᠬᠦ ᠲᠥᠪ ᠤᠨ ᠪᠤᠭᠤᠲᠤ ᠶᠢᠨ ᠬᠤᠪᠢᠶᠠᠷᠢ ᠲᠥᠪ ᠤᠨ ᠫᠠᠶᠢᠰᠠ ᠡᠯᠭᠦᠨ ᠡᠵᠡᠩᠨᠡᠬᠦ ᠶᠢ ᠲᠦᠷᠭᠡᠳᠬᠡᠵᠦ᠂ ᠴᠢᠨᠠᠷ ᠰᠠᠶᠢᠲᠠᠶ ᠰᠢᠨ᠎ᠡ ᠶᠢ ᠡᠭᠦᠳᠴᠦ ᠦᠶᠯᠡᠰ ᠪᠤᠰᠬᠠᠬᠤ ᠬᠠᠮᠲᠤ ᠶᠢᠨ ᠴᠣᠭᠴᠠ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠠᠵᠤ  ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠠᠵᠤ ᠦᠶᠯᠡᠰ ᠤᠨ ᠦᠶᠯᠡᠰ ᠪᠤᠰᠬᠠᠬᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ᠂ ᠲᠤᠬᠠᠶᠢᠯᠠᠬᠰᠠᠨ ᠠᠵᠢᠯ ᠤᠨ ᠡᠵᠡᠩᠨᠡᠨ ᠬᠠᠮᠢᠶᠠᠷᠤᠭᠴᠢ ᠶᠢᠨ ᠵᠠᠭᠪᠤᠷ ᠢ ᠬᠡᠷᠡᠭᠯᠡᠨ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠢ ᠪᠠᠶᠢᠭᠤᠯᠵᠤ᠂ ᠨᠡᠩ ᠤᠯᠠᠨ ᠠᠷᠠᠳ ᠤᠨ ᠬᠥᠷᠥᠩᠭᠡ ᠶᠢᠨ ᠰᠢᠨ᠎ᠡ ᠶᠢ ᠡᠭᠦᠳᠬᠦ ᠬᠦᠷᠢᠶ᠎ᠡ ᠴᠠᠷᠠᠭ᠎ᠠ ᠳᠤ ᠣᠷᠣᠬᠤ ᠶᠢ ᠳᠡᠮᠵᠢᠬᠦ ᠪᠠ ᠬᠥᠲᠥᠯᠦᠨ ᠵᠢᠯᠣᠭᠤᠳᠴᠤ᠂ ᠣᠯᠠᠨ ᠡᠰᠢᠵᠢᠭᠰᠡᠨ ᠪᠠᠯᠠ ᠣᠷᠣᠭᠤᠯᠤᠯᠲᠠ᠂ ᠦᠷᠭᠦᠯᠵᠢᠯᠡᠨ ᠨᠡᠮᠡᠭᠳᠡᠬᠦ ᠰᠠᠶᠢᠨ ᠰᠠᠶᠢᠬᠠᠨ ᠬᠥᠭᠵᠢᠯᠲᠡ ᠶᠢᠨ ᠲᠣᠭᠲᠠᠴᠠ ᠶᠢ ᠪᠣᠶ ᠪᠣᠯᠭᠠᠨ᠎ᠠ᠃ ᠥᠪᠡᠷᠲᠡᠭᠡᠨ ᠵᠠᠰᠠᠬᠤ ᠤᠷᠤᠨ ᠤ ᠠᠩᠬᠠᠳᠠᠭᠴᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠤᠤᠯ ᠰᠡᠳᠦᠪᠲᠦ ᠴᠡᠴᠡᠷᠯᠢᠭ ᠢ ᠪᠠᠶᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠣᠯᠠᠨ ᠲᠦᠮᠡᠨ ᠲᠠᠢ ᠦᠨᠡᠨ ᠬᠦ ᠣᠶᠢᠷᠠᠲᠤᠭᠤᠯᠵᠤ᠂ ᠠᠮᠢᠳᠤᠷᠠᠯ ᠳᠤ ᠦᠨᠡᠨ ᠬᠦ ᠠᠭᠤᠰᠬᠠᠨ᠎ᠠ᠃ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠴᠢᠳᠠᠪᠤᠷᠢᠲᠠᠨ ᠢ ᠨᠡᠪᠴᠢᠬᠦᠯᠬᠦ ᠲᠥᠪ ᠢ ᠢᠳᠡᠪᠬᠢᠲᠡᠢ ᠪᠠᠶᠢᠭᠤᠯᠵᠤ᠂ ᠡᠯ᠎ᠡ ᠬᠦᠷᠢᠶ᠎ᠡ ᠴᠠᠷᠠᠭᠠᠨ ᠳᠠᠬᠢ 600 ᠰᠢᠯᠢᠳᠡᠭ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠢ ᠣᠷᠣᠭᠤᠯᠤᠨ ᠠᠪᠴᠢᠷᠠᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠲᠡᠭᠡᠳᠤ ᠮᠡᠷᠭᠡᠵᠢᠯ ᠤᠨ ᠴᠢᠳᠠᠪᠤᠷᠢᠲᠠᠨ 200  ᠬᠦᠮᠦᠨ ᠢ ᠣᠷᠣᠭᠤᠯᠤᠨ ᠠᠪᠴᠢᠷᠠᠨ᠎ᠠ᠃  ︵ᠬᠤᠶᠠᠷ︶ ᠠᠵᠤ ᠦᠶᠯᠡᠰ ᠤᠨ ᠬᠡᠯᠬᠢᠶ᠎ᠡ ᠥᠷᠲᠡᠭ ᠤᠨ ᠬᠡᠯᠬᠢᠶ᠎ᠡ ᠶᠢᠨ ᠲᠦᠪᠰᠢᠨ ᠢ ᠳᠡᠭᠡᠭᠰᠢᠯᠡᠭᠦᠯᠬᠦ ᠳᠤᠮᠳᠠ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ᠃ ᠣᠳᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ︽ᠨᠢᠭᠡ ᠠᠵᠤ ᠦᠢᠯᠡᠰ ᠲᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠬᠦᠯᠬᠦ︾ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠯᠠᠪᠳᠠᠭᠤᠨ ᠢᠶᠠᠷ ᠠᠬᠢᠭᠤᠯᠵᠤ᠂ ᠣᠯᠠᠨ ᠡᠰᠢᠵᠢᠨ ᠬᠥᠭᠵᠢᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ      ᠨᠢᠭᠡ ᠳᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠪᠣᠯᠣᠳ ᠲᠡᠮᠦᠷ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠵᠦ᠂ ᠪᠤᠭᠤᠲᠤ ᠪᠣᠯᠣᠳ ︵ᠪᠦᠯᠦᠭᠯᠡᠯ︶ ᠺᠣᠮᠫᠠᠨᠢ ᠶᠢᠨ ᠬᠤᠪᠣᠷ ᠰᠢᠷᠣᠶ ᠶᠢᠨ ᠪᠣᠯᠣᠳ᠂ ᠮᠠᠰᠢᠨ ᠲᠡᠷᠭᠡᠨ ᠳᠤ ᠬᠡᠷᠡᠭᠯᠡᠬᠦ ᠪᠣᠯᠣᠳ᠂ ᠥᠩᠭᠡᠯᠡᠭᠰᠡᠨ ᠲᠠᠪᠬᠤᠷᠭᠠᠳᠤ ᠪᠣᠯᠣᠳ ᠬᠠᠪᠲᠠᠰᠤ ᠵᠡᠷᠭᠡ ᠨᠡᠮᠡᠯᠲᠡ ᠥᠷᠲᠡᠭ ᠢᠶᠠᠷ ᠥᠨᠳᠥᠷ ᠦᠢᠯᠡᠳᠬᠦᠨ ᠢ ᠡᠬᠦᠳᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠯᠦᠩ ᠮᠠ ᠶᠢᠨ ᠬᠦᠨᠳᠦ ᠬᠡᠯᠪᠡᠷᠢ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ 25 ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠪᠣᠯᠣᠳ ᠲᠡᠮᠦᠷ ᠤᠨ ᠠᠵᠤ ᠦᠢᠯᠡᠰ ᠢ ᠬᠡᠯᠬᠢᠶᠡᠵᠢᠬᠦᠯᠦᠨ᠂ ᠳᠡᠭᠡᠳᠦ ᠲᠡᠰᠵᠢᠬᠦᠯᠦᠨ ᠥᠭᠡᠷᠡᠴᠢᠯᠡᠬᠦ ᠶᠢ ᠠᠬᠢᠭᠤᠯᠤᠨ᠎ᠠ᠃ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠠᠵᠤ ᠦᠶᠯᠡᠰ ᠢ ᠬᠥᠭᠵᠢᠭᠦᠯᠵᠦ᠂ ᠪᠢᠶᠤᠤ ᠳ᠋ᠠ ᠬᠤᠪᠣᠷ ᠰᠢᠷᠣᠶ ᠶᠢᠨ ᠬᠠᠶᠢᠯᠤᠰᠢ ᠶᠢᠨ ᠦᠩᠬᠡᠯᠡᠭᠰᠡᠨ ᠬᠠᠪᠲᠠᠰᠤᠳᠤ ᠪᠦᠰᠡ ᠵᠡᠷᠭᠡ 8 ᠲᠥᠷᠥᠯ ᠵᠦᠶᠯ ᠢ ᠬᠡᠷᠡᠭᠵᠢᠭᠦᠯᠵᠦ᠂ ᠬᠤᠪᠣᠷ ᠰᠢᠷᠣᠶ ᠶᠢᠨ ᠡᠯᠧᠮᠧᠨ᠋ᠲ ᠤᠨ ᠦᠨᠳᠦᠷ ᠨᠡᠮᠡᠯᠲᠡ ᠥᠷᠲᠡᠭ ᠪᠦᠬᠦᠢ ᠬᠡᠷᠡᠭᠯᠡᠭᠡᠨ ᠢ ᠠᠬᠢᠭᠤᠯᠤᠨ᠎ᠠ᠃     ᠬᠤᠶᠠᠷ ᠲᠤ᠂ ᠰᠢᠨ᠎ᠡ ᠠᠵᠤ ᠦᠢᠯᠡᠰ ᠰᠢᠨ᠎ᠡ ᠬᠥᠳᠡᠯᠭᠡᠬᠦ ᠡᠨᠧᠷᠭᠢ ᠶᠢ ᠶᠡᠭᠡ ᠪᠠᠷ ᠪᠤᠶᠢᠵᠢᠭᠤᠯᠤᠨ᠎ᠠ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠢ ᠳᠠᠬᠢᠨ ᠢᠶᠠᠷ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠦᠩ ᠸᠧᠶ ᠶᠢᠨ 5 ᠲᠦᠮᠡᠨ ᠲᠣᠨ ᠤ ᠴᠤᠯ ᠴᠡᠪᠡᠷ ᠲᠠᠯᠠᠰᠲᠤ ᠴᠠᠬᠢᠭᠤᠷ ︵ᠬᠤᠶᠠᠳᠤᠭᠠᠷ ᠬᠤᠭᠤᠴᠠᠭ᠎ᠠ︶᠂ ᠰᠢᠨ ᠶᠤᠸᠠᠨ ᠤ 10 ᠲᠦᠮᠡᠨ ᠲᠣᠨ ᠤ ᠮᠥᠬᠦᠯᠢᠭᠲᠦ ᠴᠠᠬᠢᠭᠤᠷ ︵ᠨᠢᠭᠡᠳᠦᠭᠡᠷ ᠬᠤᠭᠤᠴᠠᠭ᠎ᠠ︶ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠵᠤ᠂ ᠮᠧᠶ ᠺᠧ ᠶᠢᠨ 20GW  ᠤᠨ ᠳᠠᠩ ᠲᠠᠯᠠᠰᠲᠤ ᠤᠳᠠᠰᠤ ᠲᠠᠳᠠᠬᠤ ᠮᠤᠨᠠ ᠵᠢᠴᠢ ᠬᠡᠷᠴᠢᠮᠡᠯ ᠢᠯᠳᠠᠰᠦ ︵ᠭᠤᠷᠪᠠᠳᠤᠭᠠᠷ ᠬᠤᠭᠤᠴᠠᠭ᠎ᠠ︶  ᠶᠢᠨ ᠲᠦᠷᠦᠯ ᠵᠦᠢᠯ ᠢ  ᠲᠦᠷᠭᠡᠳᠬᠡᠨ ᠬᠡᠷᠡᠭᠵᠢᠭᠦᠯᠵᠦ᠂ ᠺᠠᠩ ᠲᠠᠨ ᠲᠠᠨ / ᠨᠡᠭᠦᠷᠡᠰᠦᠲᠥ᠋ᠷᠥᠭᠴᠢ ᠶᠢᠨ ᠨᠡᠶᠢᠯᠡᠮᠡᠯ ᠮᠠᠲ᠋ᠧᠷᠢᠶᠠᠯ ︵ᠬᠤᠶᠠᠳᠤᠭᠠᠷ ᠬᠤᠭᠤᠴᠠᠭ᠎ᠠ︶᠂ ᠯᠧ ᠴᠧᠩ ᠤᠨ ᠲᠡᠭᠡᠳᠤ ᠴᠢᠳᠠᠪᠬᠢᠲᠤ ᠨᠡᠭᠦᠷᠡᠰᠦᠲᠥ᠋ᠷᠥᠭᠴᠢ ᠶᠢᠨ ᠰᠢᠷᠬᠡᠭᠯᠢᠭᠳᠦ ᠨᠡᠶᠢᠯᠡᠮᠡᠯ ᠮᠠᠲ᠋ᠧᠷᠢᠶᠠᠯ ︵ᠬᠤᠶᠠᠳᠤᠭᠠᠷ ᠬᠤᠭᠤᠴᠠᠭ᠎ᠠ︶ ᠵᠡᠷᠭᠡ ᠲᠥᠷᠥᠯ ᠵᠦᠶᠯ ᠢ ᠡᠮᠬᠢ ᠵᠢᠷᠤᠮ ᠲᠠᠢ ᠪᠠᠷ ᠠᠬᠢᠭᠤᠯᠵᠤ᠂ ᠨᠠᠨᠤ᠋ ᠴᠠᠬᠢᠭᠤᠷ — ᠣᠯᠠᠨ ᠲᠠᠯᠠᠰᠲᠤ ᠴᠠᠬᠢᠭᠤᠷ —  ᠳᠠᠩ ᠲᠠᠯᠠᠰᠲᠤ ᠤᠳᠠᠰᠤ ᠲᠠᠳᠠᠬᠤ ᠮᠤᠨᠠ — ᠢᠯᠳᠡᠰᠦ ᠶᠢᠨ ᠠᠵᠤ ᠦᠶᠯᠡᠰ ᠤᠨ ᠬᠡᠯᠬᠢᠶ᠎ᠡ ᠶᠢ ᠤᠷᠳᠤᠳᠬᠠᠵᠤ᠂ ᠴᠠᠬᠢᠭᠤᠷ ᠤᠨ ᠨᠤᠨᠳᠠᠭ᠂ ᠴᠠᠬᠢᠭᠤᠷ ᠤᠨ ᠴᠠᠬᠢᠮ ᠢᠯᠳᠠᠰᠤ᠂ ᠲᠤᠯᠠᠭᠠᠨ ᠢ ᠬᠠᠳᠠᠭᠠᠯᠠᠬᠤ ᠮᠠᠲ᠋ᠧᠷᠢᠶᠠᠯ᠂ ᠨᠡᠭᠦᠷᠡᠰᠦᠲᠥ᠋ᠷᠥᠭᠴᠢ / ᠨᠡᠭᠦᠷᠡᠰᠦᠲᠥ᠋ᠷᠥᠭᠴᠢ ᠬᠠᠶᠢᠯᠤᠭᠤᠷ ᠤᠨ ᠬᠠᠩᠭᠠᠯᠭ᠎ᠠ ᠶᠢᠨ ᠬᠡᠯᠬᠢᠶ᠎ᠡ ᠶᠢ ᠬᠦᠴᠦᠷᠭᠡᠭᠵᠢᠬᠦᠯᠵᠤ᠂ ᠡᠷᠬᠢᠯᠳᠡᠳᠤ ᠠᠵᠤ ᠠᠬᠤᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠤᠭᠤᠲᠤ ᠪᠣᠯᠣᠳ ᠺᠣᠮᠫᠠᠨᠢ ᠶᠢᠨ ᠦᠯᠡᠭᠦᠦ ᠲᠠᠷᠤᠯᠳᠠ ᠦᠯᠡᠬᠦᠦ ᠬᠡᠢ ᠶᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠂ ᠹᠧᠨᠣᠯ ᠼᠢᠶᠠᠨᠲᠤ ᠬᠠᠶᠠᠭᠳᠠᠮᠠᠯ ᠤᠰᠤ ᠶᠢ ᠭᠦᠨᠵᠡᠭᠡᠢ ᠰᠢᠢᠳᠪᠦᠷᠢᠯᠡᠬᠦ ᠵᠡᠷᠭᠡ ᠲᠥᠷᠦᠯ ᠵᠦᠢᠯ ᠢ ᠦᠷᠭᠦᠯᠵᠢᠯᠡᠨ ᠠᠬᠢᠭᠤᠯᠵᠤ᠂ ᠬᠠᠶᠠᠭᠳᠠᠮᠠᠯ ᠤᠰᠤ ᠬᠠᠶᠠᠭᠳᠠᠮᠠᠯ ᠬᠡᠢ ᠬᠠᠶᠠᠭᠳᠠᠮᠠᠯ ᠰᠢᠭᠠᠷᠤ ᠶᠢ ᠡᠬᠢ ᠪᠠᠶᠠᠯᠢᠭᠵᠢᠭᠤᠯᠤᠨ ᠡᠷᠭᠢᠯᠳᠦᠭᠦᠯᠦᠨ ᠠᠰᠢᠭᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠠᠵᠤ ᠠᠬᠤᠶ ᠳᠤ ᠡᠨᠧᠷᠭᠢ ᠣᠯᠭᠤᠬᠤ ᠢᠨᠵᠧᠨᠧᠷᠢᠩ ᠢ ᠬᠡᠷᠡᠭᠵᠢᠭᠦᠯᠵᠦ᠂ 5G ᠰᠠᠭᠤᠷᠢ ᠥᠷᠲᠡᠭᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠦᠬᠦᠬᠡᠷᠦᠮᠵᠢ ᠶᠢ ᠰᠢᠰᠲ᠋ᠧᠮ ᠲᠠᠢ ᠪᠠᠶᠢᠷᠢᠰᠢᠭᠤᠯᠵᠤ᠂ ᠬᠥᠨᠳᠡᠯᠡᠨ ᠲᠣᠭᠤᠷᠢᠭ ᠤᠨ 5G   ᠶᠢᠨ ᠬᠡᠷᠡᠭᠯᠡᠭᠡᠨ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠪᠤᠭᠤᠲᠤ ᠪᠣᠯᠣᠳ ︵ᠪᠦᠯᠦᠭᠯᠡᠯ︶ ᠺᠣᠮᠫᠠᠨᠢ ᠶᠢᠨ ᠣᠶᠤᠨᠴᠢ ᠡᠵᠡᠮᠳᠠᠯ ᠤᠨ ᠲᠥᠪ᠂ ᠲᠣᠭᠠᠴᠢᠯᠠᠭᠰᠠᠨ ᠦᠶᠯᠡᠳᠪᠦᠷᠢ ᠶᠢᠨ ᠲᠠᠰᠤᠭ ᠵᠡᠷᠭᠡ ᠠᠵᠤ ᠦᠶᠯᠡᠳᠪᠦᠷᠢ ᠶᠢᠨ ᠢᠨᠲ᠋ᠧᠷ ᠰᠦᠯᠵᠢᠶᠡᠨ ᠤ ᠲᠥᠷᠥᠯ ᠵᠦᠶᠯ ᠢ ᠪᠥᠲᠥᠭᠡᠨ ᠪᠠᠶᠢᠭᠤᠯᠬᠤ ᠶᠢ ᠳᠡᠮᠵᠢᠵᠦ᠂ ᠲᠣᠭᠠᠴᠢᠯᠠᠭᠰᠠᠨ ᠠᠵᠤ ᠦᠶᠯᠡᠰ ᠤᠨ ᠬᠤᠷᠳᠤᠴᠠ ᠪᠠᠨ ᠲᠦᠷᠭᠡᠳᠭᠡᠨ ᠬᠦᠭᠵᠢᠬᠦ ᠶᠢ ᠠᠬᠢᠭᠤᠯᠤᠨ᠎ᠠ᠃     ᠭᠤᠷᠪᠠ ᠳᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠤᠨ ᠣᠯᠠᠨ ᠡᠰᠢᠵᠢᠨ ᠬᠥᠭᠵᠢᠬᠦ ᠶᠢ ᠠᠬᠢᠭᠤᠯᠵᠤ᠂ ᠬᠤᠲᠠ ᠶᠢᠨ ᠬᠤᠳᠠᠯᠳᠤᠭᠠᠨ ᠤ ᠲᠣᠭᠤᠷᠢᠭ ᠢ ᠥᠭᠡᠷᠡᠴᠢᠯᠡᠨ ᠲᠡᠰ ᠲᠡᠪᠰᠢᠬᠦᠯᠵᠤ᠂ ᠬᠦᠮᠦᠨ ᠤ ᠴᠤᠬᠯᠠᠷᠠᠯ ᠪᠡ ᠬᠤᠳᠠᠯᠳᠤᠭᠠᠨ ᠤ ᠬᠦᠭᠵᠢᠶᠡᠨᠳᠤ ᠠᠭᠤᠷ ᠠᠮᠢᠰᠬᠤᠯ ᠢ ᠤᠯᠠᠮ ᠨᠢᠭᠡ ᠠᠯᠬᠤᠮ ᠨᠢᠭᠲᠠᠷᠠᠭᠤᠯᠤᠨ᠎ᠠ︔ ︽ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠰᠠᠭᠤᠷᠢᠨ︾  ᠳᠤ ᠲᠦᠰᠢᠭᠯᠡᠨ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠰᠣᠶᠣᠯ ᠤᠨ ᠲᠥᠪ ᠢ ᠠᠰᠢᠬᠯᠠᠯᠳᠠ ᠳᠤ ᠣᠷᠣᠭᠤᠯᠵᠤ ᠡᠵᠡᠩᠨᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠢᠳᠡᠭᠡᠨ ᠤᠮᠳᠠᠭᠠᠨ᠂ ᠠᠷᠠᠯᠵᠢᠶ᠎ᠠ ᠬᠤᠳᠠᠯᠳᠤᠭ᠎ᠠ᠂ ᠮᠥᠩᠭᠦᠨ ᠭᠦᠶᠯᠭᠡᠬᠡᠨ᠂ ᠡᠯᠧᠺᠲᠷᠣᠨ ᠬᠤᠳᠠᠯᠳᠤᠭ᠎ᠠ ᠵᠡᠷᠭᠡ ᠠᠵᠢᠯ ᠲᠥᠷᠥᠯ ᠤᠨ ᠶᠡᠷᠦᠩᠬᠡᠶ ᠬᠡᠯᠲᠡᠰ ᠤᠨ ᠠᠵᠤ ᠠᠬᠤᠶ ᠶᠢᠨ ᠲᠥᠷᠥᠯ ᠵᠦᠶᠯ ᠢ ᠣᠷᠣᠭᠤᠯᠵᠤ ᠠᠪᠴᠢᠷᠠᠨ᠎ᠠ᠃ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ᠂ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠢᠳᠡᠪᠬᠢᠲᠡᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠦᠭᠰᠡᠨ ᠮᠥᠩᠭᠦᠨ ᠭᠦᠶᠯᠭᠡᠭᠡᠨ ᠤ ᠬᠠᠮᠲᠤᠷᠠᠭᠰᠠᠨ ᠦᠶᠯᠡᠴᠢᠯᠡᠭᠡᠨ ᠤ ᠲᠥᠪ ᠢ ᠪᠠᠶᠢᠭᠤᠯᠤᠨ᠂ ᠨᠠᠩ ᠣᠯᠠᠨ ᠴᠢᠨᠠᠷ ᠰᠠᠶᠢᠲᠠᠶ ᠪᠠᠯᠠ ᠬᠤᠷᠠᠮᠳᠤᠭᠤᠯᠬᠤ ᠲᠠᠪᠴᠠᠩ ᠢ ᠪᠠᠶᠢᠭᠤᠯᠵᠤ ᠠᠵᠤ ᠠᠬᠤᠶᠢᠯᠠᠯ ᠳᠤ ᠪᠠᠯᠠ ᠬᠤᠷᠠᠮᠳᠤᠭᠤᠯᠬᠤ ᠦᠶᠯᠡᠴᠢᠯᠡᠭᠡ ᠬᠠᠩᠭᠠᠨ᠎ᠠ︔ ︽ᠢᠨᠲ᠋ᠧᠷ ᠰᠦᠯᠵᠢᠶ᠎ᠡ + ᠦᠶᠯᠡᠳᠪᠦᠷᠢᠯᠡᠯ ᠤᠨ ᠰᠠᠭᠤᠷᠢᠨ  +  ᠪᠠᠷᠠᠭᠠᠨ ᠤ ᠭᠦᠶᠯᠭᠡᠬᠡ︾  ᠶᠢᠨ ᠰᠢᠨ᠎ᠡ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠺᠤᠸᠠᠢ ᠴᠧᠩ ᠪᠠᠷᠠᠭᠠᠨ ᠤ ᠬᠦᠢᠯᠬᠡᠬᠡ᠂ ᠱᠠᠩᠬᠠᠶ ᠶᠢᠨ ᠭᠠᠩ ᠯᠢᠶᠠᠨ ᠵᠡᠷᠭᠡ ᠳ᠋ᠠᠶᠢᠲ᠋ᠠ ᠶᠢᠨ ᠲᠠᠪᠴᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠣᠯᠣᠳ ᠲᠡᠮᠦᠷ ᠤᠨ ᠠᠷᠠᠯᠵᠢᠶ᠎ᠠ ᠶᠢᠨ ᠪᠠᠷᠠᠭᠠᠨ ᠤ ᠬᠦᠢᠯᠬᠡᠬᠡ ᠶᠢᠨ ᠲᠣᠮᠣ ᠳ᠋ᠠᠶᠢᠲ᠋ᠠ ᠶᠢᠨ ᠲᠥᠪ ᠢ ᠴᠢᠷᠮᠠᠶᠢᠨ ᠪᠠᠶᠢᠭᠤᠯᠵᠤ᠂ ᠪᠠᠷᠠᠭᠠᠨ ᠤ ᠬᠦᠢᠯᠬᠡᠬᠡ᠂ ᠪᠠᠷᠢᠮᠲᠠ ᠶᠢᠨ ᠭᠦᠶᠯᠭᠡᠬᠡ᠂ ᠪᠠᠯᠠ ᠮᠥᠩᠭᠦ ᠶᠢᠨ ᠭᠦᠶᠯᠭᠡᠬᠡ ᠶᠢ ᠮᠠᠨ ᠤ ᠲᠤᠭᠤᠷᠢᠭ ᠲᠤ ᠨᠢᠭᠡᠳᠦᠯᠲᠡᠶ ᠲᠠᠰᠤᠯᠤᠨ ᠪᠤᠳᠤᠬᠤ ᠶᠢ ᠪᠡᠶᠡᠯᠡᠭᠦᠯᠵᠦ᠂ ᠲᠢᠶᠧ ᠵᠢᠶᠧ ᠪᠠᠷᠠᠭᠠᠨ ᠤ ᠬᠦᠢᠯᠬᠡᠬᠡ᠂ ᠵᠥᠩ ᠶᠤᠸᠠᠨ ᠲᠠᠯᠠᠢ ᠶᠢᠨ ᠲᠡᠭᠡᠭᠡᠪᠦᠷᠢ ᠶᠢᠨ ᠣᠯᠠᠨ ᠮᠠᠶ᠋ᠢᠭ ᠤᠨ ᠬᠤᠯᠪᠣᠭᠠᠯᠠᠨ ᠲᠡᠭᠡᠭᠡᠪᠦᠷᠢᠯᠡᠬᠦ ᠲᠥᠷᠥᠯ ᠵᠦᠶᠯ ᠢ ᠡᠬᠢᠯᠡᠭᠦᠯᠬᠦ ᠶᠢ ᠳᠠᠮᠵᠢᠵᠤ᠂ ᠤᠳᠤ ᠦᠶ᠎ᠡ ᠶᠢᠨ ᠪᠠᠷᠠᠭᠠᠨ ᠤ ᠭᠦᠶᠯᠭᠡᠬᠡ ᠶᠢᠨ ᠠᠮᠢ ᠠᠬᠤᠢ ᠶᠢᠨ ᠴᠠᠭᠠᠷᠢᠭ ᠢ ᠲᠦᠷᠭᠡᠳᠬᠡᠨ ᠪᠠᠶᠢᠭᠤᠯᠵᠤ᠂ ︽ᠤᠯᠤᠰ ᠤᠨ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ︾  ᠶᠢ ᠬᠦᠴᠦᠯᠡᠨ ᠴᠤᠬᠴᠠᠯᠠᠨ᠎ᠠ᠃     ︵ᠭᠤᠷᠪᠠ︶ ᠥᠭᠡᠷᠡᠴᠢᠯᠡᠯᠲᠡ ᠶᠢᠨ ᠥᠷᠭᠡᠴᠡ ᠭᠦᠨᠴᠡ ᠶᠢ ᠥᠷᠭᠡᠳᠬᠡᠬᠦ ᠳᠤᠮᠳᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠡᠯ᠎ᠡ ᠬᠦᠷᠢᠶᠡᠨ ᠳᠠᠬᠢ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠠᠬᠢᠭᠤᠯᠵᠤ᠂ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢᠶᠠᠷ ᠪᠢᠯᠬᠠᠬᠰᠠᠨ ᠬᠤᠳᠠ ᠶᠢ ᠲᠦᠷᠬᠡᠳᠬᠡᠨ ᠪᠠᠶᠢᠭᠤᠯᠤᠨ᠎ᠠ᠃    ᠨᠢᠭᠡ ᠳᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠪᠤᠭᠤᠲᠤ ᠪᠣᠯᠣᠳ  ︵ᠪᠦᠯᠦᠭᠯᠡᠯ︶ ᠺᠣᠮᠫᠠᠨᠢ ᠶᠢᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠳᠡᠮᠵᠢᠵᠦ᠂ ᠲᠤᠭᠤᠷᠢᠭ  ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠬᠡᠶᠢᠷᠡᠬᠦᠯᠦᠨ ᠬᠡᠷᠡᠭᠵᠢᠭᠦᠯᠵᠦ᠂ ᠲᠤᠭᠤᠷᠢᠭ ᠤᠨ ᠬᠠᠷᠢᠶ᠎ᠠ ᠠᠵᠤ ᠠᠬᠤᠶᠢᠯᠠᠯ ᠢ ᠴᠡᠭᠴᠡᠯᠡᠨ ᠨᠡᠶᠢᠳᠬᠡᠵᠤ ᠲᠠᠬᠢᠵᠤ ᠲᠤᠬᠢᠷᠠᠭᠤᠯᠤᠨ ᠪᠠᠶᠢᠭᠤᠯᠬᠤ ᠶᠢ ᠠᠬᠢᠭᠤᠯᠤᠨ᠂ ᠠᠵᠤ ᠠᠬᠤᠶᠢᠯᠠᠯ ᠤᠨ ︽ᠴᠢᠰᠤ ᠪᠦᠲᠦᠭᠡᠬᠦ ᠴᠢᠳᠠᠪᠤᠷᠢ︾᠂ ︽ᠡᠵᠡᠩᠨᠡᠬᠦ ᠴᠢᠳᠠᠪᠤᠷᠢ︾ ᠶᠢ ᠬᠦᠴᠦᠯᠡᠨ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯᠯᠠᠭᠠᠨ ᠤ ᠶᠠᠰᠤ ᠴᠢᠨᠠᠷ ᠪᠠ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠠᠵᠢᠯ ᠢ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠠᠬᠢᠭᠤᠯᠵᠤ᠂ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠪᠠᠶᠢᠩᠭᠤᠵᠢᠬᠰᠠᠨ ᠲᠤᠮᠤ ᠬᠡᠪᠴᠢᠶᠠᠨ ᠤ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠂ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠠᠵᠢᠯ ᠤᠨ ᠶᠠᠰᠤ ᠴᠢᠨᠠᠷ ᠪᠣᠯᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ 2.0 ᠢᠨᠵᠧᠨᠧᠷᠢᠩ ᠢ ᠯᠠᠪᠳᠠᠭᠤᠨ ᠪᠠᠲᠤᠲᠠᠶ ᠥᠷᠨᠢᠭᠦᠯᠵᠦ᠂ ᠡᠭᠦᠯᠡᠨ ᠪᠤᠳᠤᠯᠲᠠ ᠪᠠᠷ ᠰᠠᠭᠤᠷᠢ ᠪᠣᠯᠭᠠᠭᠰᠠᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠂ ︽ᠰᠤᠷᠭᠠᠨ ᠬᠥᠮᠦᠵᠢᠯ ᠤᠨ ᠣᠶᠤᠨᠴᠢ ᠵᠢᠱᠢᠶ᠎ᠡ ᠦᠵᠡᠭᠦᠯᠬᠦ ᠲᠣᠭᠤᠷᠢᠭ︾ ᠢ ᠬᠦᠴᠦᠯᠡᠨ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠰᠢᠰᠲ᠋ᠧᠮ ᠤᠨ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠤᠵᠠᠭᠠᠶᠢᠷᠠᠭᠤᠯᠤᠨ᠂ ᠰᠠᠨᠠᠭ᠎ᠠ ᠠᠮᠤᠷ ᠬᠡᠷᠡᠭᠯᠡᠭᠡ ᠶᠢᠨ ᠣᠷᠴᠢᠨ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃         ᠬᠤᠶᠠᠷ ᠲᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠨᠢᠭᠡ ᠰᠦᠯᠵᠢᠶ᠎ᠡ ᠪᠠᠷ ᠭᠦᠶᠴᠡᠳᠬᠡᠬᠦ︾᠂ ︽ᠨᠢᠭᠡ ᠯᠡ ᠤᠳᠠᠭ᠎ᠠ ᠳᠤ ᠭᠦᠶᠴᠡᠳᠬᠡᠬᠦ︾᠂ ︽ᠠᠯᠠᠭᠠᠨ ᠳᠡᠭᠡᠷ᠎ᠡ ᠭᠦᠶᠴᠡᠳᠬᠡᠬᠦ︾᠂ ︽ᠲᠠᠨ ᠳᠤ ᠬᠠᠪᠰᠤᠷᠤᠨ ᠭᠦᠶᠴᠡᠳᠬᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠤᠭᠤᠷᠢᠭ  ᠤᠨ ᠲᠣᠰ ᠱᠠᠲᠤᠨ ᠤ ᠥᠪᠡᠰᠦᠪᠡᠨ ᠪᠠᠶᠢᠭᠤᠯᠤᠭᠰᠠᠨ ᠲᠠᠪᠴᠠᠩ ᠢ ︽ᠮᠥᠩᠬᠡ ᠰᠤᠪᠠᠭ︾ APP ᠳᠤ ᠵᠠᠯᠭᠠᠨ ᠣᠷᠣᠭᠤᠯᠬᠤ ᠬᠡᠮᠵᠢᠶ᠎ᠡ ᠶᠢ ᠨᠡᠮᠡᠭᠳᠡᠭᠦᠯᠵᠦ᠂ ︽ᠮᠥᠩᠬᠡ ᠰᠤᠪᠠᠭ︾ APP ᠳᠤ ᠳᠠᠩᠰᠠᠯᠠᠭᠤᠯᠤᠭᠰᠠᠨ ᠡᠷᠦᠬᠡ ᠶᠢᠨ ᠲᠤᠭ᠎ᠠ ᠶᠢ 40 ᠲᠦᠮᠡᠨ ᠬᠥᠮᠦᠨ ᠠᠴᠠ ᠳᠠᠪᠠᠭᠤᠯᠬᠤ ᠪᠠᠷ ᠴᠢᠷᠮᠠᠶᠢᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠤᠪᠤᠷᠠᠯ ᠢ ᠳᠠᠬᠢᠨ ᠵᠣᠬᠢᠶᠠᠬᠤ᠂ ᠳ᠋ᠠᠶᠢᠲ᠋ᠠ ᠶᠢ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠵᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠭᠦᠶᠴᠡᠳᠬᠡᠬᠦ᠂ ᠬᠤᠷᠠᠮᠠᠯ ᠦᠶᠯᠡᠴᠢᠯᠡᠭᠡ︾   ᠶᠢᠨ ᠴᠢᠳᠠᠮᠵᠢ ᠶᠢ ᠥᠷᠭᠡᠳᠬᠡᠨ᠂ ᠠᠳᠠᠯᠢ ᠨᠢᠭᠡᠨ ᠵᠦᠶᠯᠡᠰ ᠲᠤ ︽ᠰᠠᠯᠠᠭ᠎ᠠ ᠮᠦᠴᠢᠷ ᠢᠯᠭᠠᠬᠤ ᠥᠬᠡᠶ ᠪᠠᠷ ᠭᠥᠯᠢᠶᠡᠨ ᠠᠪᠴᠤ ᠭᠦᠶᠴᠡᠳᠬᠡᠬᠦ︾ ᠶᠢ ᠬᠡᠷᠡᠭᠵᠢᠭᠦᠯᠦᠨ᠎ᠡ︔ ᠬᠢᠨᠠᠨ ᠵᠦᠪᠰᠢᠶᠡᠷᠡᠬᠦ ᠪᠠ ᠬᠢᠨᠠᠨ ᠬᠠᠮᠢᠶᠠᠷᠬᠤ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠪᠠ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠬᠤᠤᠰ ᠴᠢᠭᠯᠡᠯ ᠢᠶᠠᠷ ᠮᠡᠳᠡᠭᠳᠡᠵᠦ᠂ ᠬᠢᠨᠠᠨ ᠵᠦᠪᠰᠢᠶᠡᠷᠡᠬᠦ ᠬᠢᠨᠠᠨ ᠬᠠᠮᠢᠶᠠᠷᠬᠤ ᠮᠡᠳᠡᠭᠡ ᠵᠠᠩᠭᠢ ᠶᠢ ᠬᠠᠮᠲᠤ  ᠪᠠᠷ ᠡᠳ᠋ᠯᠠᠵᠤ ᠭᠥᠷᠳᠡᠵᠦ ᠬᠠᠮᠲᠤ ᠪᠠᠷ ᠬᠡᠷᠡᠭᠯᠡᠬᠦ᠂ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠦᠨ᠎ᠡ︔ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ︽ᠵᠥᠪᠳᠡᠯᠴᠡᠵᠦ ᠬᠠᠮᠲᠤᠷᠠᠨ ᠬᠢᠨᠡᠨ ᠵᠦᠪᠰᠢᠶᠡᠷᠡᠬᠦ︾ ᠲᠣᠭᠲᠠᠴᠠ ᠶᠢ ᠪᠠᠶᠢᠭᠤᠯᠵᠤ᠂ ︽ᠲᠥᠪᠯᠡᠷᠡᠭᠦᠯᠦᠨ ᠬᠤᠷᠢᠶᠠᠩᠭᠤᠶᠢᠯᠠᠬᠤ᠂ ᠬᠤᠭᠤᠴᠠᠭ᠎ᠠ ᠬᠢᠵᠠᠭᠠᠷᠯᠠᠨ ᠭᠦᠶᠴᠡᠳᠬᠡᠬᠦ᠂ ᠬᠠᠮᠲᠤᠷᠠᠨ ᠠᠬᠢᠭᠤᠯᠬᠤ︾ ᠵᠠᠭᠪᠤᠷ ᠶᠣᠰᠣᠭᠠᠷ ᠶᠠᠪᠤᠬᠳᠠᠭᠤᠯᠵᠤ᠂ ᠬᠢᠨᠠᠨ ᠵᠥᠪᠰᠢᠶᠡᠷᠡᠬᠦ ᠬᠦᠴᠦᠨ ᠴᠢᠳᠠᠪᠤᠷᠢ ᠶᠢᠨ ᠳᠠᠬᠢᠨᠲᠠ ᠬᠤᠷᠳᠤᠴᠠ ᠪᠠᠨ ᠲᠦᠷᠭᠡᠳᠬᠡᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃   ᠭᠤᠷᠪᠠ ᠳᠤ᠂ ᠦᠶᠯᠡᠴᠢᠯᠡᠭᠡᠨ ᠤ ᠣᠷᠴᠢᠨ ᠨᠥᠬᠦᠴᠡᠯ ᠪᠠ ᠬᠠᠦᠯᠢᠵᠢᠯ ᠤᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠳᠠᠭᠠᠭᠤᠯᠤᠨ ᠭᠦᠶᠴᠡᠳᠬᠡᠬᠦ︾᠂ ︽ᠬᠠᠪᠰᠤᠷᠤᠨ ᠭᠦᠶᠴᠡᠳᠬᠡᠬᠦ︾᠂ ︽ᠣᠷᠣᠯᠠᠨ ᠭᠦᠶᠴᠡᠳᠬᠡᠬᠦ︾ ᠦᠶᠯᠡᠴᠢᠯᠡᠭᠡ ᠶᠢ ᠨᠠᠷᠢᠯᠢᠭᠵᠢᠭᠤᠯᠵᠤ᠂ ᠲᠥᠷᠥᠯ ᠵᠦᠶᠯ ᠢ ᠵᠥᠪᠳᠡᠨ ᠶᠠᠷᠢᠯᠴᠠᠬᠤ᠂ ᠭᠡᠷ᠎ᠡ ᠲᠣᠭᠲᠠᠬᠤ᠂ ᠨᠠᠶᠢᠳᠠᠪᠤᠷᠢᠵᠢᠭᠤᠯᠬᠤ᠂ ᠠᠰᠢᠭᠯᠠᠯᠲᠠ ᠳᠤ ᠣᠷᠣᠭᠤᠯᠬᠤ ᠵᠡᠷᠬᠡ ︽ᠪᠥᠬᠦ ᠶᠠᠪᠤᠴᠠ ᠶᠢᠨ ᠦᠶᠯᠡᠴᠢᠯᠡᠭᠡ︾ ᠶᠢ ᠪᠣᠳᠠᠲᠠᠶ ᠬᠢᠵᠦ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠲᠤᠳᠠᠬᠳᠠᠬᠰᠠᠨ ᠢ ᠠᠭᠤᠴᠢᠯᠠᠨ ᠬᠦᠯᠢᠶᠡᠨ ᠠᠪᠴᠤ ᠬᠢᠨᠠᠨ ᠵᠥᠪᠰᠢᠶᠡᠷᠡᠬᠦ᠂ ᠮᠡᠳᠡᠭᠳᠡᠬᠦ ᠠᠮᠠᠯᠠᠯᠲᠠ ᠬᠢᠵᠤ ᠬᠢᠨᠠᠨ ᠵᠥᠪᠰᠢᠶᠡᠷᠡᠭᠦᠯᠬᠦ ᠶᠢ ᠰᠠᠶᠢᠲᠤᠷ ᠬᠢᠵᠦ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠶᠴᠡᠳᠬᠡᠬᠦ︾ ᠶᠢ ᠴᠢᠷᠮᠠᠶᠢᠨ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ ᠦᠭᠬᠦ︾ ᠲᠦᠷᠢᠮ ᠢ ᠲᠡᠭᠦᠯᠳᠡᠷᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠦᠨᠡᠯᠡᠯᠲᠡ ᠶᠢᠨ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ︽ᠮᠧᠩ ᠴᠢ ᠲᠦᠩ︾ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠦᠨ᠂ ︽ᠵᠠᠭᠤᠴᠢ  ᠶᠢᠨ ᠬᠠᠮ ᠳᠡᠯᠭᠡᠭᠦᠷ︾ ᠤᠨ ᠨᠠᠷᠢᠨ ᠲᠠᠩᠰᠠ ᠶᠢ ᠪᠦᠷᠢᠨᠰᠢᠬᠦᠯᠵᠦ᠂ ᠨᠠᠷᠢᠨ ᠲᠠᠩᠰᠠ ᠠᠴᠠ ᠭᠠᠳᠠᠨ᠎ᠠ ᠶᠠᠮᠠᠷ ᠴᠤ ᠵᠠᠭᠤᠴᠢ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠭᠡᠷ᠎ᠡ ᠶᠢᠨ ᠵᠣᠷᠢᠭ ᠰᠠᠨᠠᠭ᠎ᠠ ᠶᠢ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠢᠲᠡᠭᠡᠮᠵᠢ ᠠᠯᠳᠠᠭᠰᠠᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠵᠦ᠂ ᠡᠯ᠎ᠡ ᠲᠥᠷᠥᠯ ᠤᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠡᠷᠬᠡ ᠲᠡᠭᠰᠢ᠂ ᠲᠥᠪ ᠭᠤᠤᠯᠴᠢ᠂ ᠵᠢᠱᠢᠵᠦ ᠪᠣᠯᠬᠤᠶᠢᠴᠠ ᠬᠥᠭᠵᠢᠯᠲᠡ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃    ︵ᠳᠥᠷᠪᠡ︶ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤᠮᠳᠠ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠬᠥᠭᠵᠢᠯᠲᠡ ᠨᠠᠩ ᠵᠣᠬᠢᠴᠠᠩᠭᠤᠶ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠬᠤᠲᠠ ᠶᠢᠨ ᠲᠣᠭᠤᠷᠢᠭ ᠢ ᠬᠦᠴᠦᠯᠡᠨ ᠪᠠᠶᠢᠭᠤᠯᠤᠨ᠎ᠠ᠃      ᠨᠢᠭᠡ ᠳᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ︽ᠭᠤᠷᠪᠠᠨ ᠱᠤᠭᠤᠮ ᠨᠢᠭᠡ ᠲᠠᠩᠰᠠ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠥᠯᠥᠪᠵᠢᠭᠦᠯᠭᠡ ᠶᠢᠨ ᠬᠠᠲᠠᠭᠤ ᠬᠢᠵᠠᠭᠠᠷᠯᠠᠯ ᠬᠢᠭᠡᠳ ᠬᠡᠷᠡᠭᠵᠢᠭᠦᠯᠬᠦ ᠬᠦᠴᠦᠨ ᠢ ᠴᠢᠩᠭᠠᠳᠬᠠᠨ᠂ ᠭᠤᠤᠯ ᠲᠤᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠤᠮᠠᠷᠠᠲᠤ ᠬᠡᠰᠡᠭ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ᠂ ᠡᠮᠦᠨᠡᠲᠦ ᠬᠡᠰᠡᠭ ᠤᠨ ᠡᠵᠡᠩᠨᠡᠯᠲᠡ ᠶᠢᠨ ᠬᠡᠯᠪᠡᠷᠢ ᠶᠢ ᠲᠡᠭᠦᠯᠳᠡᠷᠵᠢᠭᠦᠯᠬᠦ᠂ ᠪᠠᠷᠠᠭᠤᠨ ᠬᠡᠰᠡᠭ ᠢ ᠨᠢᠭᠡᠳᠦᠯᠲᠡᠶ ᠲᠥᠯᠥᠪᠵᠢᠬᠦᠯᠤᠨ ᠬᠥᠭᠵᠢᠬᠦᠯᠬᠦ ᠶᠢ ᠪᠦᠬᠦᠯᠢ ᠴᠣᠭᠴᠠ ᠪᠠᠷ ᠨᠢ ᠠᠬᠢᠭᠤᠯᠵᠤ᠂ ᠪᠥᠬᠦ ᠲᠤᠭᠤᠷᠢᠭ ᠤᠨ ︽ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠬᠤ︾ ᠶᠢ ᠦᠨᠡᠨᠬᠦ ᠪᠠᠲᠤᠯᠠᠨ᠎ᠠ᠃ ᠬᠥᠳᠡᠭᠡ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠭᠤᠣᠯ ᠬᠤᠲᠠ ᠶᠢᠨ ᠲᠣᠭᠤᠷᠢᠭ ᠤᠨ ᠬᠤᠲᠠ ᠶᠢᠨ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠵᠦ᠂ ᠴᠢᠬᠤᠯᠠ ᠵᠠᠩᠭᠢᠯᠠᠭ᠎ᠠ ᠶᠢᠨ ᠴᠡᠭ ᠤᠨ ᠲᠠᠩ ᠴᠤᠬᠴᠠᠳᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠤᠮᠠᠷᠠᠲᠤ ᠬᠡᠰᠡᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠲᠤᠰᠬᠠᠢ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠠᠭᠤᠳᠠᠮ ᠲᠡᠭᠰᠢᠬᠡᠨ ᠪᠦᠳᠦᠴᠡ ᠲᠤᠳᠤᠷᠬᠠᠢ᠂ ᠲᠦᠬᠦᠮ ᠠᠪᠰᠠᠬᠠᠨ ᠰᠦᠷᠯᠢᠭ ᠦᠵᠡᠮᠵᠢᠳᠠᠢ᠂ ᠠᠵᠢᠯᠯᠠᠵᠤ ᠠᠮᠢᠳᠤᠷᠠᠬᠤ ᠳᠤ  ᠲᠠᠭᠠᠯᠠᠮᠵᠢᠳᠠᠢ ᠣᠳᠣᠬᠢᠴᠢᠯᠠᠭᠰᠠᠨ ᠬᠤᠲᠠ ᠶᠢᠨ ᠠᠭᠤᠷ ᠠᠮᠢᠰᠬᠤᠯ ᠢ ᠳᠣᠪᠤᠶᠢᠯᠭᠠᠨ᠎ᠠ᠃   ᠬᠤᠶᠠᠷ ᠲᠤ᠂ ᠬᠤᠲᠠ ᠶᠢᠨ ᠰᠢᠨᠡᠴᠢᠯᠡᠯᠲᠡ ᠶᠢ ᠳᠣᠪᠤᠶᠢᠯᠭᠠᠨ᠎ᠠ᠃ ᠬᠤᠲᠠ ᠶᠢᠨ ᠲᠣᠭᠤᠷᠢᠭ ᠤᠨ ᠵᠠᠮ ᠤᠨ ᠲᠤᠤᠷ ᠢ ᠰᠢᠯᠢᠳᠡᠭᠵᠢᠭᠦᠯᠵᠦ᠂ ᠴᠢᠩ ᠱᠠᠨ ᠵᠠᠮ᠂ ᠪᠤᠷᠤ ᠬᠤᠰᠢᠭᠤ ᠦᠵᠦᠬᠦᠷ ᠵᠠᠮ ᠵᠡᠷᠭᠡ 19 ᠵᠤᠷᠪᠤᠰ 28.4 ᠺᠢᠯᠦᠮᠧᠲᠷ ᠵᠠᠮ ᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠵᠠᠰᠠᠨ᠎ᠠ᠂ ᠡᠬᠦᠨ ᠲᠠᠢ ᠴᠤᠬᠭᠠᠷ 10 ᠵᠤᠷᠪᠤᠰ 42.3  ᠺᠢᠯᠦᠮᠧᠲᠷ ᠤᠨ ᠭᠠᠵᠠᠷ ᠳᠣᠣᠷᠠᠬᠢ ᠬᠤᠭᠤᠯᠠᠢ ᠶᠢᠨ ᠲᠣᠣᠷ ᠢ ᠵᠡᠷᠭᠡᠪᠡᠷ ᠪᠠᠶᠢᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠳᠥᠭᠦᠮ   ᠪᠣᠯᠭᠠᠨ᠎ᠠ᠃ ᠠᠮᠢᠳᠤᠷᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠭᠠᠯᠲᠤ ᠲᠡᠷᠭᠡᠨ ᠥᠷᠲᠡᠭᠡ ᠵᠢᠴᠢ ᠲᠡᠬᠦᠨ ᠤ ᠣᠶᠢᠷ᠎ᠠ ᠬᠠᠪᠢ ᠶᠢ ᠥᠭᠡᠷᠡᠴᠢᠯᠡᠨ ᠲᠠᠰ ᠳᠡᠪᠰᠢᠭᠦᠯᠬᠦ ᠢᠨᠵᠧᠨᠧᠷᠢᠩ ᠢ ᠠᠬᠢᠭᠤᠯᠵᠤ᠂ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ᠂ ᠣᠷᠣᠨ ᠵᠠᠶ ᠶᠢᠨ ᠬᠡᠯᠪᠡᠷᠢ ᠪᠠᠶᠢᠳᠠᠯ᠂ ᠪᠠᠷᠢᠯᠭ᠎ᠠ ᠶᠢᠨ ᠦᠵᠡᠮᠵᠢ᠂ ᠣᠯᠠᠨ ᠨᠡᠶᠢᠲᠡ ᠶᠢᠨ ᠣᠷᠣᠨ ᠵᠠᠶ᠂ ᠦᠩᠬᠡ ᠪᠠᠶᠢᠳᠠᠯ ᠣᠷᠴᠢᠨ ᠲᠣᠭᠤᠷᠢᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠶᠢᠷᠢᠰᠢᠭᠤᠯᠤᠯᠳᠠ ᠨᠢ ᠵᠦᠶ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ᠂ ᠣᠨᠴᠠᠯᠢᠭ ᠨᠢ ᠢᠯᠡ ᠲᠣᠳᠣ ᠬᠤᠲᠠ ᠶᠢᠨ ᠨᠡᠷ᠎ᠡ ᠶᠢᠨ ᠬᠠᠭᠤᠳᠠᠰᠤ ᠶᠢ ᠬᠦᠴᠦᠯᠡᠨ ᠪᠣᠶ ᠪᠣᠯᠭᠠᠨ᠎ᠠ︔ 45 ᠭᠠᠵᠠᠷ   ᠲᠠᠬᠢ 227 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠨᠥᠬᠦᠷᠯᠡᠯ 19# ᠬᠤᠷᠢᠶᠠᠯᠠᠯ ᠢ ᠥᠪᠡᠷᠲᠡᠭᠡᠨ ᠵᠠᠰᠠᠬᠤ ᠤᠷᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠵᠢᠱᠢᠶ᠎ᠡ ᠦᠵᠡᠭᠦᠯᠬᠦ ᠪᠠ ᠳᠠᠭᠤᠷᠢᠶᠠᠯ ᠵᠠᠬᠪᠤᠷ ᠬᠤᠷᠢᠶᠠᠯᠠᠯ ᠪᠣᠯᠭᠠᠨ ᠪᠠᠶᠢᠭᠤᠯᠵᠤ᠂ ᠣᠯᠠᠨ ᠲᠦᠮᠡᠨ ᠤ ᠠᠮᠢᠳᠤᠷᠠᠯ ᠢ ᠨᠠᠩ ᠲᠦᠬᠦᠮ ᠲᠠᠭᠠᠯᠠᠮᠵᠢᠲᠠᠢ ᠪᠣᠯᠭᠠᠨ᠎ᠠ᠃ ᠬᠤᠲᠠ ᠶᠢᠨ ᠥᠩᠭᠡ ᠦᠵᠡᠮᠵᠢ ᠶᠢ ᠰᠢᠯᠢᠳᠡᠭᠵᠢᠭᠦᠯᠵᠦ᠂ 15 ᠬᠠᠷᠮᠠᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠬᠦᠨᠳᠡᠯᠡᠨ ᠭᠤᠤᠯ ᠴᠡᠴᠡᠷᠯᠢᠭ ᠢ ᠲᠠᠰ ᠳᠡᠪᠰᠢᠭᠦᠯᠦᠨ᠂ ᠭᠤᠤᠯ ᠪᠠ ᠳᠡᠳ᠋ ᠱᠤᠭᠤᠮ ᠤᠨ ᠵᠠᠮ᠂ ᠵᠠᠩᠭᠢᠯᠠᠭ᠎ᠠ ᠶᠢᠨ ᠴᠡᠭ ᠲᠠᠬᠢ ᠦᠩᠬᠡ ᠦᠵᠡᠮᠵᠢ ᠶᠢ ᠨᠥᠬᠦᠵᠦ ᠳᠠᠷᠢᠵᠤ ᠨᠣᠭᠤᠭᠠᠷᠠᠭᠤᠯᠬᠤ ᠢᠨᠵᠧᠨᠧᠷᠢᠩ ᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠨᠣᠭᠤᠭᠠᠨ ᠥᠩᠭᠡ ᠶᠢ ᠬᠥᠨᠳᠡᠯᠡᠨ ᠲᠣᠭᠤᠷᠢᠭ ᠤᠨ ᠭᠤᠤᠯ ᠥᠩᠭᠡ ᠠᠶᠠᠰ ᠪᠣᠯᠭᠠᠨ᠎ᠠ᠃ ᠠᠵᠤ ᠦᠢᠯᠡᠰ ᠢᠶᠠᠷ ᠬᠤᠲᠠ ᠶᠢ ᠠᠬᠢᠭᠤᠯᠬᠤ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠶᠢ ᠪᠠᠷᠢᠮᠲᠠᠯᠠᠵᠤ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠰᠤᠯᠠ ᠭᠠᠷᠤᠬᠰᠠᠨ ᠬᠤᠭᠤᠰᠤᠨ ᠣᠷᠣᠨ ᠪᠦᠰᠡ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠶᠡᠷᠦᠩᠬᠡᠶ ᠬᠡᠯᠲᠡᠰ ᠤᠨ ᠠᠵᠤ ᠠᠬᠤᠶ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ᠂ ᠬᠤᠳᠠᠯᠳᠤᠭᠠᠨ ᠳᠤ ᠬᠡᠷᠡᠭᠯᠡᠬᠦ ᠪᠠ ᠰᠠᠭᠤᠬᠤ ᠳᠤ ᠬᠡᠷᠡᠭᠯᠡᠬᠦ ᠠᠰᠠᠷ ᠤᠨ ᠰᠢᠨ᠎ᠡ ᠬᠡᠯᠪᠡᠷᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃    ᠭᠤᠷᠪᠠ ᠳᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠶᠢᠨ ᠦᠩᠬᠡ ᠳᠦᠷᠰᠦ  ᠦᠵᠡᠮᠵᠢ ᠶᠢ ᠴᠢᠩᠭ᠎ᠠ ᠵᠢᠷᠤᠮᠵᠢᠭᠤᠯᠵᠤ᠂ ᠠᠮᠢᠳᠤᠷᠠᠯ ᠤᠨ ᠬᠤᠭ ᠨᠣᠪᠰᠢ᠂ ᠬᠤᠭᠤᠯᠠᠨ ᠭᠡᠷ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠴᠤᠭᠯᠠᠭᠤᠯᠬᠤ ᠠᠴᠠ ᠠᠪᠤᠭᠠᠳ ᠰᠢᠯᠵᠢᠭᠦᠯᠦᠨ ᠲᠡᠭᠡᠭᠡᠪᠦᠷᠢᠯᠡᠬᠦ᠂ ᠰᠢᠶᠳᠪᠦᠷᠢᠯᠡᠬᠦ ᠬᠦᠷᠲᠡᠯᠡᠬᠢ ᠪᠦᠬᠦ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠲᠣᠪᠤᠶᠢᠮ᠎ᠠ ᠰᠠᠶᠢᠲᠤᠷ ᠠᠳᠬᠤᠵᠤ᠂ ᠬᠤᠳᠠ ᠶᠢᠨ ᠲᠤᠭᠤᠷᠢᠭ ᠤᠨ ᠲᠤᠳᠤᠷ᠎ᠠ ᠪᠠᠶᠢᠭᠤᠯᠤᠬᠰᠠᠨ ᠬᠠᠶᠠᠭᠳᠠᠮᠠᠯ ᠡᠳ᠋ ᠢ ᠡᠭᠡᠭᠦᠯᠦᠨ ᠬᠤᠷᠢᠶᠠᠬᠤ ᠥᠷᠲᠡᠭᠡ ᠶᠢ ᠬᠠᠤᠯᠢ ᠶᠣᠰᠣᠭᠠᠷ ᠬᠦᠴᠦᠨ ᠦᠭᠡᠶ ᠪᠣᠯᠭᠠᠵᠤ᠂ ᠬᠤᠲᠠ ᠶᠢᠨ ︽ᠵᠢᠷᠭᠤᠭᠠᠨ ᠡᠷᠦᠢ ᠬᠤᠷᠤᠢ ᠦᠬᠡᠢ︾᠂ ᠭᠡᠷ ᠤᠨ ᠭᠠᠳᠠᠨᠠᠬᠢ ᠵᠠᠷ ᠮᠡᠳᠡᠭᠡ᠂ ᠲᠣᠰᠣ ᠤᠲᠤᠭ᠎ᠠ ᠶᠢᠨ ᠪᠣᠬᠢᠷᠲᠤᠯ ᠢ ᠵᠠᠰᠠᠬᠤ ᠵᠡᠷᠬᠡ ᠲᠤᠰᠬᠠᠶ ᠵᠠᠰᠠᠯᠳᠠ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠪᠦᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠤᠲᠠ ᠶᠢᠨ ᠲᠤᠮᠳᠠᠬᠢ ᠲᠣᠰᠬᠤᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠤᠪᠢ ᠬᠦᠮᠦᠨ ᠤ  ᠳᠤᠷ᠎ᠠ ᠪᠠᠷ ᠢᠶᠠᠨ ᠪᠠᠷᠢᠯᠭ᠎ᠠ ᠪᠠᠷᠢᠬᠤ ᠪᠠ ᠡᠭᠦᠳᠡ ᠪᠠᠨ ᠡᠪᠳᠡᠵᠤ ᠳᠡᠯᠭᠡᠭᠦᠷ ᠨᠡᠭᠡᠭᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠠᠷᠢᠭᠤᠨ ᠴᠡᠪᠡᠷ ᠲᠡᠭᠰᠢ ᠬᠤᠲᠠ ᠶᠢᠨ ᠦᠵᠡᠮᠵᠢ  ᠪᠠᠶᠢᠳᠠᠯ  ᠢ ᠬᠦᠴᠦᠯᠡᠨ ᠪᠤᠶ ᠪᠣᠯᠭᠠᠨ᠎ᠠ᠃  ᠳᠥᠷᠪᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠬᠰᠠᠨ ᠦᠷ᠎ᠡ ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠦᠨ ᠥᠷᠭᠡᠳᠬᠡᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠣᠭᠲᠠᠪᠤᠷᠢᠵᠢᠭᠤᠯᠤᠨ᠂ ᠳᠠᠬᠢᠨ ᠶᠠᠳᠠᠭᠤᠷᠠᠬᠤ᠂ ᠶᠠᠳᠠᠭᠤᠷᠠᠬᠤ ᠠᠴᠠ ᠰᠡᠷᠬᠡᠶᠢᠯᠡᠬᠦ ᠬᠢᠨᠠᠨ ᠬᠡᠮᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠂ ᠲᠠᠭᠠᠭᠤᠯᠤᠬᠴᠢ ᠠᠵᠤ ᠠᠬᠤᠶᠢᠯᠠᠯ ᠢ ᠢᠳᠡᠪᠬᠢᠲᠡᠶ ᠬᠥᠲᠥᠯᠦᠨ ᠵᠢᠯᠣᠭᠤᠳᠴᠤ ᠮᠠᠯᠴᠢᠨ ᠲᠠᠷᠢᠶᠠᠴᠢᠨ ᠯᠤᠭ᠎ᠠ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠎ᠡ᠃ ᠬᠥᠳᠡᠭᠡ ᠲᠣᠰᠬᠤᠨ ᠤ ᠵᠠᠰᠠᠯᠲᠠ ᠶᠢ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠮ ᠬᠠᠷᠢᠯᠴᠠᠭ᠎ᠠ᠂ ᠬᠤᠭᠤᠯᠠᠶ ᠶᠢᠨ ᠲᠤᠤᠷ᠂ ᠨᠡᠶᠢᠲᠡ ᠶᠢᠨ ᠵᠣᠷᠯᠣᠩ᠂ ᠤᠤᠭᠤᠬᠤ ᠤᠰᠤ ᠵᠡᠷᠭᠡ ᠰᠠᠭᠤᠷᠢ ᠲᠦᠬᠦᠬᠡᠷᠦᠮᠵᠢ ᠪᠠ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡᠨ ᠤ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠰᠢᠨ᠎ᠡ ᠴᠠᠭ ᠦᠶ᠎ᠡ ᠶᠢᠨ ᠮᠠᠯᠴᠢᠨ ᠲᠠᠷᠢᠶᠠᠴᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠬᠦ᠂ ᠲᠦᠮᠡᠨ ᠲᠣᠰᠬᠤᠨ ᠢᠶᠠᠷ ᠠᠵᠢᠯᠯᠠᠭ᠎ᠠ ᠥᠷᠨᠢᠭᠦᠯᠬᠦ︾  ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠦᠳᠡᠭᠡ ᠨᠤᠲᠤᠭ ᠤᠨ ᠪᠣᠯᠪᠠᠰᠤᠨ ᠰᠤᠷᠲᠠᠯ ᠢ ᠶᠡᠬᠡᠪᠡᠷ ᠪᠠᠳᠠᠷᠠᠭᠤᠯᠤᠨ᠎ᠠ᠃    ︵ᠲᠠᠪᠤ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠳᠤᠮᠳᠠ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠪᠢᠰᠬᠡᠷ ᠥᠩᠭᠡ ᠶᠢ ᠦᠵᠡᠰᠬᠦᠯᠡᠩᠲᠦ ᠰᠠᠶᠢᠬᠠᠨ ᠪᠣᠯᠭᠠᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠰᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠬᠤ  ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃    ᠨᠢᠭᠡ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠬᠦᠨᠳᠡᠯᠡᠨ ᠭᠤᠣᠯ ᠠᠴᠠ ᠪᠠᠷᠠᠭᠤᠨᠰᠢᠬᠢ ᠣᠷᠣᠨ ᠪᠦᠰᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠂ ᠭᠤᠣᠯᠳᠠᠯᠭ᠎ᠠ ᠲᠠᠢ ᠠᠵᠢᠯ ᠲᠥᠷᠥᠯ ᠤᠨ ᠲᠤᠶᠢᠯ ᠤᠨ ᠳᠣᠣᠷ᠎ᠠ ᠭᠠᠳᠠᠭᠰᠢᠯᠠᠭᠤᠯᠤᠯᠲᠠ ᠲᠠᠢ ᠪᠤᠯᠭᠠᠬᠤ ᠥᠭᠡᠷᠡᠴᠢᠯᠡᠯᠲᠡ ᠪᠠ ᠪᠣᠬᠢᠷᠲᠤᠯ ᠪᠣᠳᠠᠰ ᠤᠨ ᠣᠨᠴᠠᠭᠠᠢ ᠬᠢᠵᠠᠭᠠᠷ ᠬᠡᠮᠵᠢᠭᠳᠡᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠵᠤ᠂ ᠪᠤᠭᠤᠲᠤ ᠪᠣᠯᠣᠳ ᠤᠨ ᠲᠣᠭᠤᠰᠣ ᠠᠷᠢᠯᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠵᠡᠷᠭᠡ 5 ᠵᠦᠢᠯ ᠤᠨ ᠠᠵᠤ ᠦᠶᠯᠡᠳᠪᠦᠷᠢ ᠶᠢᠨ ᠭᠦᠨᠵᠡᠭᠡᠢ ᠵᠠᠰᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ 1.6 ᠲᠦᠮᠡᠨ ᠡᠷᠦᠬᠡ ᠶᠢᠨ ᠨᠡᠭᠦᠷᠡᠰᠦ ᠶᠢ ᠰᠤᠯᠠ ᠵᠠᠳᠠᠭᠠᠢ ᠪᠠᠷ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ᠂ ᠲᠣᠭᠤᠰᠣ ᠳᠡᠭᠳᠡᠬᠦ ᠶᠢ ᠵᠠᠰᠠᠬᠤ ᠠᠵᠢᠯ ᠢ ᠪᠠᠶᠢᠩᠭᠤ ᠥᠷᠨᠢᠭᠦᠯᠦᠨ᠂ ᠣᠯᠠᠨ ᠡᠬᠢᠲᠦ ᠪᠣᠬᠢᠷᠲᠤᠯ ᠪᠠ ᠠᠵᠤ ᠦᠶᠯᠡᠳᠪᠦᠷᠢ ᠶᠢᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠠᠭᠠᠷ ᠤᠨ ᠶᠠᠰᠦ ᠴᠢᠨᠡᠷ ᠰᠢᠯᠢᠳᠡᠭ ᠪᠠᠶᠢᠬᠤ ᠨᠤᠷᠮ᠎ᠠ ᠶᠢ ᠬᠤᠲᠠ ᠶᠢᠨ ᠲᠤᠬᠳᠠᠭᠠᠬᠰᠠᠨ ᠬᠠᠷᠠᠯᠲᠠ ᠳᠤ ᠬᠦᠷᠭᠡᠬᠦ ᠶᠢ ᠪᠠᠲᠤᠯᠠᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠥᠬᠦ ᠬᠦᠴᠦᠨ ᠢᠶᠠᠷ   ᠢᠶᠠᠨ ᠥᠷᠨᠢᠭᠦᠯᠵᠦ᠂ ᠪᠤᠭᠤᠲᠤ ᠪᠣᠯᠣᠳ ᠤᠨ ᠥᠳᠬᠡᠨ ᠳᠠᠪᠤᠰᠤᠳᠤ ᠤᠰᠤ ᠶᠢ ᠭᠦᠨᠵᠡᠭᠡᠶ ᠰᠢᠶᠳᠪᠦᠷᠢᠯᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠪᠠᠷᠠᠭᠤᠨ ᠲᠡᠭᠦᠷᠭᠡ ᠶᠢᠨ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠳᠤ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠵᠦ᠂ ᠬᠠᠳᠠᠮᠠᠯ ᠭᠤᠤ᠂ ᠫᠢᠩ ᠫᠠᠩ ᠭᠸᠦ ᠵᠡᠷᠭᠡ 7 ᠵᠤᠷᠪᠤᠰ ᠭᠤᠤᠯ ᠤᠨ ᠵᠠᠮ ᠢ ᠶᠡᠷᠦᠩᠬᠡᠶᠢᠯᠡᠨ ᠵᠠᠰᠠᠵᠤ᠂ ᠤᠤᠭᠤᠬᠤ ᠤᠰᠤᠨ ᠤ ᠤᠰᠤᠨ ᠤ ᠡᠬᠢ ᠶᠢᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠠᠪᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠵᠠᠷ ᠳᠡᠭᠡᠷᠡᠬᠢ ᠤᠰᠤ᠂ ᠭᠠᠵᠠᠷ ᠳᠤᠤᠷᠠᠬᠢ ᠤᠰᠤᠨ ᠤ ᠲᠣᠭᠲᠠᠭᠤᠨ ᠢᠶᠠᠷ ᠪᠠᠷᠢᠮᠵᠢᠶ᠎ᠠ ᠳᠤ ᠬᠥᠷᠬᠦ ᠶᠢ ᠦᠨᠡᠨᠬᠦ ᠪᠠᠲᠤᠯᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠠᠵᠤ ᠦᠢᠯᠡᠳᠪᠦᠷᠢ ᠶᠢᠨ ᠠᠶᠤᠯᠲᠠᠢ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠬᠠᠮᠢᠶᠠᠷᠬᠤ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ ᠶᠢ ᠴᠢᠩᠭᠠᠳᠬᠠᠵᠤ᠂ ᠬᠦᠨᠳᠦ ᠲᠡᠮᠦᠷᠯᠢᠭ ᠲᠤ ᠬᠤᠯᠪᠣᠭᠳᠠᠬᠤ ᠠᠵᠢᠯ ᠲᠦᠷᠦᠯ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠠᠬᠢᠭᠤᠯᠵᠤ᠂ ︽ᠬᠠᠶᠠᠭᠳᠠᠮᠠᠯ  ᠦᠭᠡᠢ ᠬᠤᠳᠠ︾ ᠶᠢᠨ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠬᠤᠶᠠᠳᠤᠭᠠᠷ ᠡᠭᠡᠯᠵᠢ ᠶᠢᠨ ᠰᠢᠯᠭᠠᠨ ᠪᠠᠶᠢᠴᠠᠭᠠᠯᠲᠠ ᠶᠢ ᠤᠭᠲᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃    ᠬᠤᠶᠠᠷ ᠲᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠳᠦᠷᠢᠮ ᠤᠨ ᠰᠢᠰᠲ᠋ᠧᠮ ᠢ ᠲᠦᠷᠭᠡᠳᠬᠡᠨ ᠪᠦᠷᠢᠨᠰᠢᠭᠦᠯᠵᠦ᠂ ︽1 + 16︾ ᠶᠢᠨ ᠬᠡᠷᠡᠭᠵᠢᠭᠦᠯᠬᠦ ᠲᠥᠰᠦᠯ ᠢ ᠲᠡᠭᠦᠯᠳᠡᠷᠵᠢᠭᠦᠯᠦᠨ᠂ ᠬᠦᠷᠢᠶ᠎ᠡ ᠴᠠᠷᠠᠭ᠎ᠠ ᠪᠠ ᠠᠵᠢᠯ ᠲᠥᠷᠥᠯ ᠬᠤᠪᠢᠶᠠᠨ ᠬᠡᠷᠡᠭᠵᠢᠭᠦᠯᠬᠦ ᠲᠥᠰᠦᠯ ᠪᠣᠯᠤᠨ ᠲᠤᠯᠭᠠᠭᠤᠷᠢᠯᠠᠨ ᠪᠠᠲᠤᠯᠠᠬᠤ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠠᠷᠠᠯᠲᠠ ᠨᠢ ᠲᠣᠳᠣᠷᠬᠠᠶ᠂ ᠵᠣᠯᠭᠠᠭᠤᠯᠤᠯᠲᠠ ᠨᠢ ᠡᠮᠬᠢ ᠵᠢᠷᠤᠮ ᠲᠠᠢ ᠪᠠᠶᠢᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠯᠳᠦᠬᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠡᠷᠡᠭᠵᠢᠭᠦᠯᠵᠦ᠂ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠢᠯᠭᠠᠷᠠᠭᠤᠯᠤᠨ ᠰᠢᠭᠰᠢᠭᠳᠡᠬᠦᠯᠬᠦ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠶᠢ ᠬᠡᠮᠵᠢᠶᠡᠵᠢᠭᠦᠯᠬᠦ ᠪᠠ ᠥᠨᠳᠥᠷ ᠪᠦᠲᠦᠮᠵᠢᠲᠡᠢ ᠠᠰᠢᠭᠯᠠᠬᠤ ᠶᠢ ᠶᠡᠭᠡ ᠪᠠᠷ ᠠᠬᠢᠭᠤᠯᠤᠨ᠂ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠥᠳᠤᠯᠤᠨ ᠵᠢᠯᠣᠭᠤᠳᠬᠤ ᠪᠠ ᠲᠡᠮᠵᠢᠵᠤ᠂ ᠰᠢᠨ᠎ᠡ ᠡᠨᠧᠷᠭᠢ ᠪᠠ ᠴᠡᠪᠡᠷ ᠡᠨᠧᠷᠭᠢ ᠶᠢ ᠬᠡᠷᠡᠭᠯᠡᠬᠦ ᠶᠢ ᠢᠳᠡᠪᠬᠢᠲᠡᠢ ᠬᠥᠭᠵᠢᠭᠦᠯᠦᠨ᠂ ᠡᠯ᠎ᠡ ᠬᠦᠷᠢᠶᠡᠨ ᠳᠠᠬᠢ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠠᠰᠬᠠᠬᠤ ᠬᠠᠮᠵᠢᠯᠴᠠᠬᠤ ᠰᠢᠰᠲ᠋ᠧᠮ ᠢ ᠪᠠᠶᠢᠭᠤᠯᠬᠤ ᠶᠢ ᠨᠢᠭᠡᠳᠦᠯᠲᠡᠢ ᠲᠥᠯᠥᠪᠵᠢᠬᠦᠯᠦᠨ ᠠᠬᠢᠭᠤᠯᠤᠨ᠎ᠠ᠃ ︽ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ︾  ᠶᠢ ᠴᠢᠩᠭ᠎ᠠ ᠨᠠᠶᠢᠳᠠᠪᠤᠷᠢᠵᠢᠭᠤᠯᠵᠤ᠂ ︽ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠤᠬᠢᠷᠳᠤᠯ ᠤᠨ ᠭᠠᠳᠠᠭᠰᠢᠯᠠᠭᠤᠯᠤᠯᠲᠠ ᠶᠡᠬᠡᠲᠡᠢ︾ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ ᠵᠣᠭᠰᠣᠭᠠᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠶᠠᠪᠤᠴᠠ ᠳᠠᠬᠢ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠠᠮᠵᠢᠯᠲᠠ ᠤᠯᠬᠤ ᠶᠢ ᠶᠠᠭᠠᠷᠠᠬᠤ ᠪᠠ ︽ᠬᠥᠳᠡᠯᠭᠡᠭᠡᠨ ᠤ ᠮᠠᠶ᠋ᠢᠭ︾  ᠤᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠰᠡᠷᠭᠡᠶᠢᠯᠡᠨ᠎ᠡ᠃     ᠭᠤᠷᠪᠠ ᠳᠤ᠂ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ︽ᠠᠭᠤᠯᠨ ᠶᠢᠨ ᠳᠠᠷᠤᠭ᠎ᠠ ᠶᠢᠨ ᠲᠦᠷᠢᠮ︾᠂ ︽ᠭᠤᠣᠯ ᠤᠨ ᠳᠠᠷᠤᠭ᠎ᠠ ᠶᠢᠨ ᠲᠦᠷᠢᠮ︾᠂ ︽ᠤᠢ ᠰᠢᠭᠤᠢ ᠨᠤᠳᠤᠭ ᠪᠡᠯᠴᠢᠭᠡᠷ ᠤᠨ ᠳᠠᠷᠤᠭ᠎ᠠ ᠶᠢᠨ ᠲᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠢ ᠰᠢᠭᠤᠢ᠂ ᠨᠤᠲᠤᠭ ᠪᠡᠯᠴᠢᠭᠡᠷ᠂ ᠣᠶᠢᠲᠤ ᠭᠠᠵᠠᠷ᠂ ᠨᠤᠭᠤ ᠭᠠᠵᠠᠷ ᠵᠡᠷᠭᠡ ᠶᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠭᠤᠣᠯᠳᠠᠯᠭ᠎ᠠ ᠲᠠᠢ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠦᠨᠳᠡᠯᠡᠨ ᠭᠤᠣᠯ ᠤᠨ 2.8  ᠺᠢᠯᠦᠮᠧᠲᠷ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ ︵ᠬᠦᠨᠳᠡᠯᠡᠨ ᠭᠤᠣᠯ ᠤᠨ ᠡᠮᠦᠨ᠎ᠡ ᠬᠥᠭᠦᠷᠭᠡ — ᠪᠤᠭᠤᠲᠤ ᠠᠴᠠ ᠯᠠᠨᠵᠸᠦ ᠬᠦᠷᠬᠦ ᠲᠡᠮᠦᠷ ᠵᠠᠮ︶ ᠢ ᠲᠦᠷᠭᠡᠳᠬᠡᠨ ᠠᠬᠢᠭᠤᠯᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 300 ᠮᠦ ᠬᠡᠷᠡᠭᠵᠢᠭᠦᠯᠵᠦ᠂ ᠬᠦᠨᠳᠡᠯᠡᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠠᠮᠢ ᠠᠬᠤᠶ ᠶᠢᠨ ᠦᠵᠡᠮᠵᠢ ᠶᠢ ᠦᠷᠭᠦᠯᠵᠢᠯᠡᠨ ᠪᠠᠶᠢᠭᠤᠯᠵᠤ᠂ ᠤᠮᠠᠷᠠᠲᠤ ᠬᠡᠰᠡᠭ ᠤᠨ ᠡᠷᠭᠢᠨ ᠲᠣᠭᠤᠷᠢᠨ ᠤ ᠣᠷᠣᠨ ᠪᠦᠰᠡ ᠶᠢᠨ ︽ᠪᠠᠭ᠎ᠠ ᠠᠭᠤᠷ ᠠᠮᠢᠰᠬᠤᠯ︾ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠠᠮᠢ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢᠵᠢᠬᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠣᠭᠲᠣ ᠠᠭᠤᠴᠢᠯᠠᠬᠤ ᠥᠬᠡᠶ ᠣᠪᠣᠷ ᠢᠶᠠᠷ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃    ︵ᠵᠢᠷᠭᠤᠭ᠎ᠠ︶ ᠣᠯᠠᠨ ᠲᠦᠮᠡᠨ ᠤ ᠬᠦᠰᠡᠯ ᠡᠷᠡᠮᠡᠯᠵᠡᠯ ᠢ ᠬᠠᠩᠭᠠᠬᠤ ᠳᠤᠮᠳᠠ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ︽ᠬᠦᠰᠡᠵᠦ ᠪᠠᠶᠢᠭ᠎ᠠ ᠶᠠᠪᠤᠳᠠᠯ︾ ᠢ ᠵᠠᠰᠠᠭ ᠤᠨ ᠣᠷᠳᠣᠨ ᠤ ︽ᠬᠢᠵᠤ ᠪᠠᠶᠢᠭ᠎ᠠ ᠶᠠᠪᠤᠳᠠᠯ︾ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠨᠠᠩ ᠥᠨᠳᠥᠷ ᠪᠣᠯᠭᠠᠨ᠎ᠠ᠃      ᠨᠢᠭᠡ ᠳᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠨ᠎ᠡ᠃ ︽ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂  ᠬᠦᠯᠦᠰᠦᠨ ᠮᠠᠯᠴᠢᠨ ᠲᠠᠷᠢᠶᠠᠴᠢᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠬᠤᠲᠠ ᠪᠠᠯᠭᠠᠰᠤ ᠶᠢᠨ 1 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠦᠨ᠎ᠡ᠃ ᠠᠵᠢᠯ ᠣᠯᠭᠤᠯᠲᠠ ᠶᠢᠨ ᠬᠠᠩᠭᠠᠯᠭ᠎ᠠ ᠬᠢᠭᠡᠳ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠣᠷᠣᠬᠤ ᠳᠦᠷᠢᠮ ᠢ ᠪᠦᠬᠦ ᠲᠠᠯ᠎ᠠ ᠪᠠᠷ ᠳᠡᠯᠭᠡᠷᠡᠭᠦᠯᠵᠦ᠂ ᠬᠠᠨᠳᠤᠯᠭᠠᠲᠤ ᠮᠠᠶ᠋ᠢᠭ ᠤᠨ᠂ ᠵᠠᠬᠢᠶᠠᠯᠠᠭ᠎ᠠ ᠶᠢᠨ ᠮᠠᠶ᠋ᠢᠭ ᠤᠨ᠂ ᠠᠵᠢᠯ ᠤᠨ ᠪᠠᠶᠢᠷᠢ ᠲᠣᠭᠲᠠᠭᠠᠬᠤ ᠮᠠᠶ᠋ᠢᠭ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠡᠯ᠎ᠡ ᠲᠥᠷᠥᠯ ᠤᠨ ᠠᠵᠢᠯᠳᠠᠨ 8000 ᠬᠥᠮᠦᠨ ᠢ ᠪᠣᠯᠪᠠᠰᠤᠷᠠᠭᠤᠯᠤᠨ᠎ᠠ᠃ ᠦᠢᠯᠡᠰ  ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠨ᠂ 1500 ᠦᠢᠯᠡᠰ ᠪᠣᠰᠬᠠᠭᠴᠢᠳ ᠢ ᠪᠣᠯᠪᠠᠰᠤᠷᠠᠭᠤᠯᠵᠤ᠂ 9000 ᠲᠦᠮᠡᠨ ᠲᠥᠭᠦᠷᠢᠭ ᠤᠨ ᠦᠢᠯᠡᠰ ᠪᠤᠰᠬᠠᠬᠤ ᠵᠢᠭᠡᠯᠡᠯᠭᠡ ᠶᠢ ᠲᠠᠯᠪᠢᠨ᠎ᠠ᠃ ᠠᠵᠢᠯ ᠠᠯᠳᠠᠯᠲᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠵᠢᠯ   ᠲᠠᠢ  ᠬᠥᠮᠦᠨ ᠦᠭᠡᠶ ᠭᠡᠷ ᠪᠦᠯᠢ ᠶᠢᠨ ᠬᠦᠮᠦᠰ ᠢ ᠲᠥᠪᠬᠢᠨᠡᠭᠦᠯᠵᠦ ᠠᠵᠢᠯ ᠣᠯᠭᠤᠨ᠎ᠠ᠃    ᠬᠤᠶᠠᠷ ᠲᠤ᠂ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠬᠦᠨᠳᠦ ᠶᠡᠭᠡ ᠡᠪᠡᠳᠴᠢᠨ ᠡᠮᠭᠡᠭ ᠤᠨ ᠡᠮ ᠡᠮᠨᠡᠯᠬᠡ   ᠶᠢᠨ ᠳᠠᠭᠠᠳᠬᠠᠯ ᠪᠠ ᠠᠪᠤᠷᠠᠨ ᠲᠤᠰᠠᠯᠠᠬᠤ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠵᠡᠷᠭᠡ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠳᠠᠭᠠᠳᠬᠠᠯ ᠢ ᠮᠡᠬᠡᠯᠡᠨ ᠠᠪᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠨ᠎ᠡ᠃ ︽ᠡᠳ᠋ ᠪᠣᠳᠠᠰ + ᠦᠶᠯᠡᠴᠢᠯᠡᠭᠡ︾ ᠶᠢᠨ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠵᠠᠭᠪᠤᠷ ᠢ ᠪᠦᠷᠢᠨᠰᠢᠬᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠵᠡᠮᠳᠡᠭᠴᠦᠳ᠂ ᠬᠡᠷ ᠲᠡᠭᠡᠨ ᠬᠤᠴᠣᠷᠤᠭᠰᠠᠨ ᠬᠡᠦᠬᠡᠳ᠂ ᠠᠰᠠᠷᠠᠨ ᠬᠠᠷᠠᠭᠠᠯᠵᠠᠬᠤ ᠡᠲᠡᠭᠡᠳ ᠵᠡᠷᠭᠡ ᠤᠨᠴᠠᠭᠠᠢ ᠬᠥᠮᠦᠰ  ᠲᠠᠬᠢ ᠣᠯᠠᠨ ᠲᠠᠰ ᠳᠠᠪᠬᠤᠷᠭ᠎ᠠ ᠶᠢᠨ᠂ ᠱᠠᠲᠤᠯᠢᠭ ᠮᠠᠶ᠋ᠢᠭ ᠤᠨ ᠂ ᠦᠨᠳᠦᠰᠦᠨ ᠵᠦᠢᠯ ᠢ ᠪᠠᠲᠤᠯᠠᠬᠤ ᠮᠠᠶ᠋ᠢᠭ ᠤᠨ ᠠᠪᠤᠷᠠᠨ ᠲᠤᠰᠠᠯᠠᠬᠤ ᠶᠢ ᠴᠢᠩᠭᠠᠳᠬᠠᠨ᠎ᠠ᠃ ︽ ᠬᠦᠯᠦᠰᠦᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠲᠡᠭᠡᠯ ᠢᠶᠠᠨ ᠠᠯᠳᠠᠭᠰᠠᠨ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠴᠠᠯᠢᠩ ᠢ ᠥᠷᠢᠲᠦᠬᠦ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂  ᠬᠦᠯᠦᠰᠦᠨ  ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠡ᠃    ᠭᠤᠷᠪᠠ ᠳᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠦᠷᠳᠡᠭᠡᠮᠵᠢᠳᠤ ᠬᠥᠭᠵᠢᠯᠲᠡ ᠶᠢ ᠠᠬᠢᠭᠤᠯᠵᠤ᠂ ᠬᠡᠦᠬᠡᠳ ᠤᠨ ᠴᠡᠴᠡᠷᠯᠢᠭ ᠡᠷᠬᠢᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠲᠠ ᠪᠠᠯᠭᠠᠰᠤᠨ ᠤ ᠬᠤᠷᠢᠶᠠᠯᠠᠯ ‍ᠤᠨ‌ᠢᠵᠢ ᠪᠦᠷᠢᠳᠦᠭᠦᠯᠦᠭᠰᠡᠨ ᠬᠡᠦᠬᠡᠳ ᠤᠨ ᠴᠡᠴᠡᠷᠯᠢᠭ ᠢ ᠵᠢᠷᠤᠮᠵᠢᠭᠤᠯᠤᠨ ᠬᠠᠮᠢᠶᠠᠷᠬᠤ ᠡᠷᠴᠢᠮ ᠢ ᠴᠢᠩᠭᠠᠷᠠᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠪᠤᠭᠤᠳᠤ ᠶᠢᠨ ᠭᠤᠴᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠪᠤᠯᠤᠳ ᠲᠡᠮᠦᠷ ᠵᠠᠮ ᠤᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠢ ᠪᠠᠶᠢᠭᠤᠯᠵᠤ᠂ ᠪᠤᠭᠤᠲᠤ ᠪᠣᠯᠣᠳ ᠠᠷᠪᠠᠳᠤᠭᠠᠷ ᠪᠠᠭ᠎ᠠ ᠰᠤᠷᠭᠠᠭᠤᠯᠢ᠂ ᠪᠤᠭᠤᠲᠤ ᠶᠢᠨ ᠲᠠᠪᠢᠨ ᠨᠢᠭᠡᠳᠦᠭᠡᠷ ᠳᠤᠮᠳᠠᠳᠤ ᠰᠤᠷᠭᠠᠭᠤᠯᠢ᠂ ᠪᠤᠭᠤᠲᠤ ᠶᠢᠨ ᠲᠡᠮᠤᠷ ᠵᠠᠮ ᠤᠨ ᠲᠠᠪᠤᠳᠤᠭᠠᠷ ᠪᠠᠭ᠎ᠠ ᠰᠤᠷᠭᠠᠭᠤᠯᠢ ᠵᠡᠷᠭᠡ 7 ᠰᠤᠷᠭᠠᠭᠤᠯᠢ ᠶᠢ ᠥᠭᠡᠷᠡᠴᠢᠯᠡᠨ ᠰᠢᠨᠡᠳᠬᠡᠵᠤ ᠥᠷᠭᠡᠳᠬᠡᠨ ᠪᠠᠶᠢᠭᠤᠯᠵᠤ᠂ ᠨᠢᠭᠡ ᠪᠦᠯᠦᠭ ᠰᠤᠷᠭᠠᠭᠤᠯᠢ ᠶᠢᠨ ᠲᠠᠮᠢᠷ ᠤᠨ ᠲᠠᠯᠠᠪᠤᠷ᠂ ᠬᠢᠴᠢᠶᠡᠯ ᠤᠨ ᠭᠡᠷ ᠤᠨ ᠭᠡᠷᠡᠯᠲᠦᠭᠦᠯᠭᠡ ᠵᠡᠷᠭᠡ ᠰᠠᠭᠤᠷᠢ ᠲᠥᠬᠦᠭᠡᠷᠦᠮᠵᠢ ᠶᠢᠨ ᠶᠠᠰᠦ ᠴᠢᠨᠠᠷ   ᠢ ᠲᠡᠭᠡᠭᠰᠢᠯᠡᠬᠦᠯᠵᠤ ᠥᠭᠡᠷᠡᠴᠢᠯᠡᠨ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ︽ᠤᠶᠤᠨᠲᠤ ᠰᠠᠮᠪᠠᠷ᠎ᠠ︾ ᠶᠢ ᠨᠡᠶᠢᠳᠡᠮ ᠪᠦᠷᠬᠦᠬᠦᠯᠬᠦ ᠶᠢ ᠪᠡᠶᠡᠯᠡᠭᠦᠯᠦᠨ᠎ᠡ᠃ ᠪᠦᠯᠦᠭᠯᠡᠯ ᠤᠨ ᠬᠡᠯᠪᠡᠷᠢ ᠪᠠᠷ ᠰᠤᠷᠭᠠᠭᠤᠯᠢ ᠡᠷᠬᠢᠯᠡᠬᠦ᠂ ᠰᠤᠷᠭᠠᠨ ᠬᠦᠮᠦᠵᠢᠯ ᠤᠨ ᠬᠠᠮᠢᠶᠠᠷᠤᠯᠳᠠ ᠶᠢᠨ ᠲᠤᠮᠤ ᠲᠣᠭᠤᠷᠢᠭ ᠤᠨ ᠲᠦᠷᠢᠮᠳᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠬᠦᠯᠦᠨ ᠠᠬᠢᠭᠤᠯᠵᠤ᠂ ᠲᠤᠭᠤᠷᠢᠭ ᠤᠨ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ ᠬᠢᠭᠡᠳ ᠲᠣᠭᠤᠷᠢᠭ ᠲᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠬᠠᠮᠲᠤᠷᠠᠨ ᠰᠤᠷᠭᠠᠭᠤᠯᠢ ᠡᠷᠬᠢᠯᠡᠬᠦ ᠶᠢ ᠠᠬᠢᠭᠤᠯᠵᠤ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠦᠨᠡᠨᠬᠦ ᠪᠠᠭᠠᠰᠬᠠᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠥᠷᠥᠯ ᠬᠤᠪᠢᠶᠠᠭᠰᠠᠨ ᠣᠨᠴᠠᠯᠢᠭᠲᠤ ᠬᠥᠭᠵᠢᠯᠲᠡ ᠶᠢ ᠠᠬᠢᠭᠤᠯᠵᠤ᠂ ︽ᠬᠥᠨᠳᠡᠯᠡᠨ ᠲᠣᠭᠤᠷᠢᠭ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠠᠷᠠᠲᠤ ᠰᠤᠷᠭᠠᠭᠤᠯᠢ ᠶᠢᠨ ᠵᠠᠬᠢᠷᠤᠯ ᠨᠠᠷᠠᠲᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ︽ᠨᠢᠭᠡ ᠪᠢᠯᠧᠲ ᠢᠶᠠᠷ ᠦᠭᠡᠶᠢᠰᠬᠡᠬᠦ︾ ᠲᠦᠷᠢᠮ ᠢ ᠴᠢᠩᠭ᠎ᠠ ᠬᠡᠷᠡᠭᠵᠢᠭᠦᠯᠵᠦ᠂ ᠨᠠᠷᠠᠲᠤ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠬᠤ ︽ᠰᠠᠭᠠᠳ ᠥᠬᠡᠶ ᠨᠡᠪᠲᠡᠷᠡᠬᠦ ᠵᠠᠮ︾ ᠢ ᠰᠢᠯᠤᠭᠤᠳᠬᠠᠵᠤ᠂ ᠪᠠᠭᠰᠢ ᠰᠤᠷᠭᠠᠭᠤᠯᠢ ᠶᠢᠨ ᠬᠤᠭᠤᠷᠣᠨᠳᠣᠬᠢ ᠨᠡᠪᠳᠡᠷᠡᠯᠴᠡᠵᠤ ᠰᠤᠯᠢᠯᠴᠠᠬᠤ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠢᠯ ᠤᠨ ᠳᠣᠲᠣᠷ᠎ᠠ ᠳᠤᠮᠳᠠᠳᠤ ᠪᠠᠭ᠎ᠠ ᠰᠤᠷᠭᠠᠭᠤᠯᠢ ᠶᠢᠨ 350 ᠪᠠᠭᠰᠢ ᠶᠢ ᠣᠷᠣᠭᠤᠯᠤᠨ ᠠᠪᠴᠢᠷᠠᠵᠤ᠂ ᠨᠠᠷᠠᠲᠤ ᠰᠤᠷᠭᠠᠭᠤᠯᠢ ᠶᠢᠨ ᠵᠠᠬᠢᠷᠤᠯ ᠨᠠᠷᠠᠲᠤ ᠪᠠᠭᠰᠢ ᠶᠢᠨ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠎ᠠ᠃ ᠰᠤᠷᠭᠠᠨ ᠬᠥᠮᠦᠵᠢᠯ ᠤᠨ ᠠᠴᠢᠶᠠᠯᠠᠪᠤᠷᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠨᠳᠡᠯᠡᠨ ᠲᠣᠭᠤᠷᠢᠭ ᠤᠨ ᠪᠠᠭᠠᠴᠤᠳ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠨᠳᠡᠯᠡᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠦᠶᠯᠡᠳᠦᠯᠭᠡ ᠶᠢᠨ ᠰᠠᠭᠤᠷᠢᠨ ᠢ ᠤᠯᠤᠰ ᠤᠨ ᠲᠠᠰ ᠤᠨ ᠡᠩᠨᠡᠭᠡᠨ ᠳᠤ ᠣᠷᠣᠭᠤᠯᠬᠤ ᠶᠢ ᠢᠳᠡᠪᠬᠢᠲᠡᠶ ᠠᠬᠢᠭᠤᠯᠤᠨ᠎ᠠ᠃  ᠳᠥᠷᠪᠡ ᠳᠤ᠂ ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳᠠᠬᠢ ᠪᠠᠶᠠᠷ ᠳᠤᠷᠠᠰᠬᠠᠯ ᠤᠨ ᠡᠳᠦᠷ ᠤᠨ ᠤᠳᠬ᠎ᠠ ᠤᠷᠠᠯᠢᠭ᠂ ᠤᠯᠠᠭᠠᠨᠮᠥ᠋ᠴᠢᠷ ᠤᠨ ᠲᠣᠭᠯᠠᠯᠲᠠ ᠵᠡᠷᠭᠡ ᠠᠵᠢᠯᠯᠠᠭ᠎ᠠ ᠶᠢ 500 ᠭᠠᠷᠤᠶ ᠲᠠᠯᠠᠪᠤᠷ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ︽ᠭᠠᠶᠢᠬᠠᠮᠰᠢᠬᠳᠤ ᠬᠥᠨᠳᠡᠯᠡᠨ︾ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠨᠠᠶᠢᠷ᠂ ᠬᠦᠨᠳᠡᠯᠡᠨ ᠭᠤᠤᠯ ᠤᠨ ᠳᠠᠭᠤᠤ ᠬᠥᠭᠵᠢᠮ ᠤᠨ ᠨᠠᠶᠢᠷ᠂  ᠪᠤᠭᠤᠳᠤ ᠬᠤᠳᠠ ᠶᠢᠨ ᠫᠢᠸᠤ᠋ ᠶᠢᠨ ᠨᠠᠶᠢᠷ ᠵᠡᠷᠭᠡ ᠣᠨᠴᠠᠯᠢᠭᠲᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠤᠶᠤᠯ ᠤᠨ ᠤᠷᠳᠤᠨ ᠪᠠ ᠨᠣᠮ ᠤᠨ ᠰᠠᠩ ᠨᠠᠶᠢᠳᠠ 32 ᠶᠡᠷᠦᠩᠬᠡᠶ ᠤᠷᠳᠤᠨ ᠪᠠ ᠬᠤᠪᠢᠶᠠᠷᠢ ᠣᠷᠳᠣᠨ ᠢ ᠲᠣᠭᠠᠴᠢᠯᠠᠭᠰᠠᠨ ᠲᠡᠶᠢᠰᠢ ᠲᠠᠰ ᠳᠡᠪᠰᠢᠭᠦᠯᠵᠤ᠂ ᠪᠡᠶ᠎ᠡ ᠴᠢᠭᠢᠷᠠᠭᠵᠢᠭᠤᠯᠬᠤ ᠠᠷᠭ᠎ᠠ ᠵᠠᠮ ᠢ 450 ᠭᠠᠷᠤᠶ ᠲᠣᠬᠢᠷᠠᠭᠤᠯᠵᠤ᠂ ᠪᠥᠬᠦ ᠠᠷᠠᠳ ᠤᠨ ᠨᠣᠮ ᠤᠩᠰᠢᠬᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ︽15 ᠮᠢᠨᠦ᠋ᠲ ᠤᠨ ᠴᠢᠨᠠᠷ ᠰᠠᠶᠢᠲᠠᠶ ᠰᠣᠶᠣᠯ ᠤᠨ ᠠᠮᠢᠳᠤᠷᠠᠯ ᠤᠨ ᠲᠣᠭᠤᠷᠢᠭ︾ ᠢ ᠪᠠᠶᠢᠭᠤᠯᠤᠨ᠎ᠡ᠃ ᠪᠥᠬᠦ ᠣᠷᠣᠨ ᠪᠦᠰᠡ ᠶᠢᠨ ᠰᠣᠶᠣᠯ ᠤᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠬᠡᠶᠢᠷᠡᠬᠦᠯᠦᠨ ᠥᠷᠨᠢᠭᠦᠯᠵᠦ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠬᠡᠪᠡᠷ ᠪᠤᠶᠢᠵᠢᠭᠤᠯᠤᠨ ᠦᠶᠯᠡᠳᠦᠯᠭᠡᠵᠢᠭᠦᠯᠵᠦ᠂ ᠪᠣᠯᠪᠠᠰᠤᠨ ᠢᠶᠠᠷ ᠶᠠᠪᠤᠵᠤ ᠰᠠᠭᠤᠬᠤ᠂ ᠶᠠᠪᠠᠭᠠᠨ ᠬᠥᠮᠦᠨ ᠳᠤ ᠨᠠᠶᠢᠷ ᠲᠠᠯᠪᠢᠬᠤ᠂ ᠪᠣᠯᠪᠠᠰᠤᠨ ᠬᠤᠭᠤᠯᠠᠨ ᠰᠢᠷᠡᠭᠡ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠲᠠ ᠶᠢᠨ ᠠᠷᠠᠳ ᠤᠨ ᠪᠣᠯᠪᠠᠰᠤᠨ ᠬᠡᠪ ᠰᠤᠷᠳᠠᠯ ᠪᠠ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃    ᠲᠠᠪᠤ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠵᠤ᠂ ᠲᠠᠬᠤᠯ ᠡᠪᠡᠳᠴᠢᠨ ᠤ ᠪᠠᠶᠢᠴᠠᠭᠠᠯᠲᠠ ᠪᠠᠷ ᠬᠢᠵᠢᠭ ᠤᠨ ᠡᠬᠢ ᠶᠢ ᠮᠦᠷᠳᠡᠬᠦ᠂ ᠪᠥᠭᠡᠮ ᠬᠦᠴᠢᠯ ᠤᠨ ᠪᠠᠶᠢᠴᠠᠭᠠᠯᠲᠠ᠂ ᠪᠣᠯᠪᠠᠰᠤᠷᠠᠯ ᠰᠣᠷᠢᠯᠲᠠ᠂ ᠡᠳ᠋ ᠪᠣᠳᠠᠰ ᠨᠥᠭᠡᠴᠡᠯᠡᠬᠦ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠡᠮᠨᠡᠯᠬᠡ ᠶᠢᠨ ᠡᠬᠢ ᠪᠠᠶᠠᠯᠢᠭ ᠪᠠ ᠦᠶᠯᠡᠴᠢᠯᠡᠭᠡᠨ ᠤ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠬᠥᠨᠳᠡᠯᠡᠨ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠪᠤᠷᠬᠠᠨᠲᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠬᠥᠨᠳᠡᠯᠡᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠠ ᠪᠤᠭᠤᠲᠤ ᠪᠣᠯᠣᠳ ᠤᠨ ᠤᠷᠢᠳᠴᠢᠯᠠᠨ ᠰᠡᠷᠬᠡᠶᠢᠯᠡᠬᠦ ᠡᠷᠡᠬᠦᠯᠵᠢᠯ ᠤᠨ ᠲᠥᠪ ᠤᠨ ᠠᠭᠤᠰᠤᠯᠴᠠᠨ ᠬᠥᠭᠵᠢᠬᠦ ᠲᠣᠭᠲᠠᠴᠠ ᠶᠢ ᠪᠠᠶᠢᠭᠤᠯᠵᠤ᠂ ︽ᠡᠮᠴᠢᠯᠡᠭᠡᠨ ᠤ ᠬᠤᠯᠪᠣᠭᠠᠲᠤ ᠴᠣᠭᠴᠠ︾᠂ ︽ᠱᠠᠲᠤ ᠬᠤᠪᠢᠶᠠᠨ ᠣᠨᠣᠰᠢᠯᠠᠨ ᠡᠮᠨᠡᠬᠦ︾᠂ ︽ᠬᠡᠷ ᠪᠦᠯᠢ ᠶᠢᠨ ᠡᠮᠴᠢ ︾ ᠵᠡᠷᠭᠡ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠦᠨ ᠮᠠᠨᠳᠤᠭᠤᠯᠬᠤ ᠶᠢ ᠳᠡᠮᠵᠢᠵᠦ᠂ ᠪᠥᠬᠦ ᠬᠤᠲᠠ ᠶᠢᠨ ᠠᠩᠬᠠᠳᠠᠭᠴᠢ ᠡᠮ ᠡᠮᠨᠡᠯᠬᠡ ᠶᠢᠨ ᠳᠠᠭᠠᠳᠬᠠᠯ ᠤᠨ ᠪᠠᠷᠢᠮᠵᠢᠶᠠᠵᠢᠭᠤᠯᠤᠭᠰᠠᠨ ᠦᠶᠯᠡᠴᠢᠯᠡᠭᠡᠨ ᠤ ᠲᠢᠩᠬᠢᠮ ᠢ ᠪᠠᠶᠢᠭᠤᠯᠤᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠪᠡᠶᠡᠳᠡᠨ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ ᠨᠠᠰᠤᠳᠠᠶᠢᠴᠤᠳ ᠪᠠ  ᠨᠢᠯᠬᠠᠰ︾  ᠲᠤ ᠦᠢᠯᠡᠴᠢᠯᠡᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠢ ᠨᠠᠰᠤᠵᠢᠯ ᠤᠨ ᠠᠰᠠᠷᠠᠮᠵᠢ ᠶᠢᠨ ᠦᠢᠯᠡᠳᠬᠦᠨ ᠵᠢᠴᠢ ᠨᠠᠶᠢᠳᠠᠨ  ᠠᠰᠠᠷᠠᠭᠤᠯᠬᠤ ᠦᠢᠯᠡᠴᠢᠯᠡᠭᠡ ᠶᠢᠨ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ 20 ᠥᠷᠲᠡᠭᠡ ︵ᠴᠡᠭ︶  ᠂ ᠨᠠᠰᠤᠲᠠᠶᠢᠴᠤᠳ ᠲᠠᠢ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ 8 ᠪᠠᠶᠢᠭᠤᠯᠵᠤ᠂ ᠭᠡᠷ ᠲᠡᠭᠡᠨ ᠰᠠᠭᠤᠵᠤ ᠠᠰᠠᠷᠠᠮᠵᠢ ᠬᠦᠷᠳᠡᠬᠦ  ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ︽15 ᠮᠢᠨᠦ᠋ᠲ ᠤᠨ ᠭᠡᠷ ᠲᠡᠭᠡᠨ ᠰᠠᠭᠤᠵᠤ ᠠᠰᠠᠷᠠᠮᠵᠢ ᠬᠦᠷᠳᠡᠬᠦ ᠦᠢᠯᠡᠴᠢᠯᠡᠭᠡᠨ ᠤ ᠲᠤᠭᠤᠷᠢᠭ︾ ᠢ ᠬᠦᠴᠦᠯᠡᠨ ᠪᠠᠶᠢᠭᠤᠯᠤᠨ᠎ᠠ᠃    ︵ᠳᠣᠯᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠳᠤᠮᠳᠠ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠯᠬᠠᠪᠴᠢ ᠶᠢ ᠪᠠᠲᠤ ᠴᠣᠭᠴᠠᠯᠠᠨ᠎ᠠ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠬᠡᠷᠡᠭ ᠤᠨ ᠡᠮᠦᠨ᠎ᠡ ᠡᠷᠡᠰ ᠰᠡᠷᠭᠡᠶᠢᠯᠡᠵᠦ᠂ ᠦᠨᠳᠦᠰᠦᠨ ᠱᠠᠲᠤᠨ ᠳᠤ ᠠᠷᠢᠯᠭᠠᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃     ᠨᠢᠭᠡ ᠳᠤ᠂ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠠᠷᠢᠯᠭᠠᠨ᠎ᠠ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ᠂ ᠨᠡᠶᠢᠭᠡᠮ ᠤᠨ ᠬᠦᠷᠢᠶᠡᠨ ᠤ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠬᠦᠷᠢᠶᠡᠨ ᠤ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤᠮᠳᠠᠬᠢ ᠡᠯ᠎ᠡ ᠲᠦᠷᠦᠯ ᠤᠨ ᠠᠶᠤᠯ ᠲᠦᠭᠰᠢᠭᠦᠷᠢ ᠬᠡᠮ ᠰᠣᠭᠤᠭ ᠢ ᠢᠳᠡᠪᠬᠢᠲᠡᠢ ᠠᠷᠭᠠᠴᠠᠭᠠᠨ ᠰᠢᠢᠳᠪᠦᠷᠢᠯᠡᠨ᠎ᠡ᠃ ᠲᠥᠰᠦᠪ ᠤᠨ ᠲᠣᠬᠢᠷᠠᠭᠤᠯᠤᠯᠲᠠ᠂ ᠭᠠᠵᠠᠷ ᠰᠢᠷᠣᠶ  ᠶᠢᠨ ᠡᠵᠡᠩᠨᠡᠯᠳᠡ ᠶᠢᠨ ᠡᠷᠬᠡ ᠶᠢ ᠰᠢᠯᠵᠢᠭᠦᠯᠦᠨ ᠥᠭᠬᠦ᠂ ᠡᠳ᠋ ᠬᠥᠷᠥᠩᠭᠡ ᠶᠢ ᠪᠡᠯᠡᠨ ᠵᠣᠭᠤᠰ ᠪᠣᠯᠭᠠᠬᠤ᠂ ᠪᠠᠯᠠ ᠮᠥᠩᠭᠦ ᠶᠢ ᠠᠮᠢᠳᠤᠯᠢᠬᠵᠢᠭᠤᠯᠬᠤ ᠵᠡᠷᠭᠡ ︽ᠬᠠᠮ ᠠᠷᠭ᠎ᠠ ᠬᠡᠮᠵᠢᠶ᠎ᠡ︾ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠤᠯᠤᠰ ᠤᠨ ᠥᠮᠴᠢᠯᠡᠯ ᠤᠨ ᠲᠠᠪᠴᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠢ ᠥᠭᠴᠡᠭᠡ ᠶᠢᠨ ᠦᠯᠡᠳᠡᠭᠳᠡᠯ ᠢ ᠠᠷᠢᠯᠭᠠᠵᠤ᠂ ᠣᠨ ᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠥᠷᠢ ᠥᠭᠴᠡᠭᠡ ᠶᠢᠨ ᠲᠦᠭᠰᠢᠭᠦᠷᠢ ᠶᠢ ᠦᠨᠡᠯᠡᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠬᠢᠨᠠᠨ ᠬᠠᠮᠢᠶᠠᠷᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠬᠠᠤᠯᠢ ᠪᠤᠰᠤ ᠪᠠᠷ ᠪᠠᠯᠠ ᠬᠤᠷᠠᠮᠳᠤᠭᠤᠯᠬᠤ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠮᠥᠩᠭᠦᠨ ᠭᠦᠶᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃    ᠬᠤᠶᠠᠷ ᠲᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠡᠷᠡᠰ ᠲᠤᠭᠤᠰᠢᠯᠠᠭᠤᠯᠤᠨ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠴᠢᠰᠤ ᠮᠢᠬᠠᠨ ᠳᠤ ᠠᠭᠤᠰᠬᠠᠵᠤ᠂ ᠦᠨᠳᠦᠰᠦᠲᠡᠨ ᠨᠦᠭᠦᠳ ᠤᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ‌‍ᠲ᠋ᠡᠮᠡᠴᠡᠵᠦ ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ   ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠤᠳᠠᠭᠠᠨ ᠳᠠᠭᠠᠭᠠᠮᠠᠭᠠᠢ᠂  ᠲᠦᠷᠰᠦᠯᠢᠭ᠂ ᠬᠠᠶᠢᠷ᠎ᠠ ᠰᠡᠳᠬᠢᠯᠬᠡ ᠲᠠᠢ ᠪᠦᠲᠦᠮᠵᠢᠲᠡᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ︽ᠤᠯᠠᠭᠠᠨ ᠠᠨᠠᠷ ᠭᠡᠷ ᠣᠷᠣᠨ︾ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ 3 ᠨᠢᠬᠡᠴᠢ ᠶᠢ ᠢᠳᠡᠪᠬᠢᠲᠡᠢ ᠪᠠᠶᠢᠭᠤᠯᠵᠤ᠂ ᠥᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ  ᠲᠤᠭᠤᠷᠢᠭ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃   ᠭᠤᠷᠪᠠ ᠳᠤ᠂ ᠠᠮᠤᠷ ᠲᠦᠪᠰᠢᠨ ᠬᠥᠭᠵᠢᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠶᠤᠯᠬᠦᠢ  ᠦᠢᠯᠡᠳᠪᠦᠷᠢᠯᠡᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠠᠮ ᠬᠠᠷᠢᠯᠴᠠᠭ᠎ᠠ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ᠂ ᠪᠠᠷᠢᠯᠭ᠎ᠠ ᠶᠢᠨ ᠭᠠᠵᠠᠷ᠂ ᠠᠶᠤᠯᠲᠠᠶ ᠬᠢᠮᠢ ᠶᠢᠨ ᠡᠳ᠋᠂ ᠬᠤᠲᠠ ᠬᠥᠳᠡᠭᠡ ᠶᠢᠨ  ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠲᠠᠬᠢᠨ ᠳᠠᠪᠲᠠᠨ ᠰᠤᠷᠪᠤᠯᠵᠢᠯᠠᠬᠤ ᠶᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠬᠡᠶᠢᠷᠡᠬᠦᠯᠦᠨ ᠥᠷᠨᠢᠭᠦᠯᠵᠦ᠂ ᠤᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠪᠦᠲᠦᠮᠵᠢᠲᠡᠢ ᠰᠢᠢᠳᠪᠦᠷᠢᠯᠡᠵᠦ᠂ ᠨᠤᠤᠷᠠᠯᠳᠤᠨ ᠰᠤᠷᠪᠤᠯᠵᠢᠯᠠᠬᠤ ᠲᠦᠢᠪᠡᠭᠡᠨ ᠰᠤᠷᠪᠤᠯᠵᠢᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠣᠷᠳᠣ ᠬᠤᠭᠤᠴᠠᠭᠠᠨ ᠤ ᠪᠦᠲᠦᠮᠵᠢᠲᠡᠶ ᠪᠠᠶᠢᠩᠭᠤ ᠵᠠᠰᠠᠬᠤ︾ ᠶᠢ ᠴᠢᠷᠮᠠᠶᠢᠨ ᠪᠡᠶᠡᠯᠡᠭᠦᠯᠦᠨ᠎ᠡ᠃    ᠲᠦᠷᠪᠡ ᠳᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ᠃ ᠬᠤᠲᠠ ᠶᠢᠨ ᠪᠦᠬᠦ ᠬᠡᠪᠴᠢᠶᠡᠨ ᠤ ᠲᠣᠣᠷᠵᠢᠭᠤᠯᠤᠯᠳᠠ ᠶᠢᠨ ᠵᠠᠰᠠᠯᠲᠠ ᠶᠢ ᠭᠦᠨᠵᠡᠬᠡᠶᠢᠷᠡᠬᠦᠯᠦᠨ ᠠᠬᠢᠭᠤᠯᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠣᠯᠠᠨ ᠰᠦᠯᠵᠢᠶ᠎ᠡ ᠶᠢ ᠠᠭᠤᠰᠤᠯᠴᠠᠭᠤᠯᠬᠤ᠂ ᠨᠢᠭᠡ ᠰᠦᠯᠵᠢᠶ᠎ᠡ ᠪᠠᠷ ᠬᠠᠮᠲᠤ ᠪᠠᠷ ᠵᠠᠰᠠᠬᠤ︾ ᠰᠢᠰᠲ᠋ᠧᠮ ᠢ ᠪᠦᠷᠢᠨᠰᠢᠭᠦᠯᠵᠦ᠂ ︽ᠪᠦᠬᠦ ᠰᠦᠯᠵᠢᠶ᠎ᠡ ᠪᠠᠷ ᠬᠤᠯᠪᠣᠭᠠᠯᠠᠨ ᠬᠥᠳᠡᠯᠦᠯᠴᠡᠬᠦ᠂ ᠭᠤᠮᠤᠳᠠᠯ ᠲᠤᠭᠠᠴᠢᠯᠳᠠ ᠶᠢ ᠬᠦᠯᠢᠶᠡᠨ ᠠᠪᠤᠮᠠᠭᠴᠠ ᠭᠦᠢᠴᠡᠳᠬᠡᠬᠦ︾ ᠲᠣᠭᠲᠠᠴᠠ ᠶᠢ ᠲᠡᠭᠦᠯᠳᠡᠷᠵᠢᠭᠦᠯᠵᠦ᠂ ᠬᠤᠪᠢᠶᠠᠷᠢᠯᠠᠨ ᠥᠭᠴᠦ ᠰᠢᠯᠵᠢᠭᠦᠯᠦᠨ ᠰᠢᠢᠳᠪᠦᠷᠢᠯᠡᠬᠦᠯᠬᠦ — ᠬᠢᠨᠠᠨ ᠬᠠᠷᠭᠤᠭᠤᠯᠵᠤ ᠰᠢᠢᠳᠪᠦᠷᠢᠯᠡᠬᠦ —  ᠰᠢᠢᠳᠪᠦᠷᠢᠯᠡᠵᠤ ᠲᠠᠭᠤᠰᠬᠠᠨ ᠬᠠᠷᠢᠭᠤ ᠲᠤᠰᠬᠠᠬᠤ —  ᠬᠠᠷᠢᠭᠤ ᠰᠤᠷᠪᠤᠯᠵᠢᠯᠠᠵᠤ ᠦᠨᠡᠯᠡᠬᠦ — ᠬᠢᠨᠠᠯᠲᠠ ᠲᠠᠯᠪᠢᠵᠤ ᠬᠢᠨᠠᠨ ᠰᠢᠯᠭᠠᠬᠤ ᠠᠵᠢᠯ ᠤᠨ ᠪᠢᠲᠡᠭᠦᠦ ᠭᠤᠬᠴᠤᠭ᠎ᠠ ᠶᠢ ᠪᠦᠷᠢᠯᠳᠦᠭᠦᠯᠵᠦ᠂ ᠲᠣᠣᠷᠵᠢᠭᠤᠯᠤᠯᠳᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠶᠢᠨ ᠪᠦᠬᠦ ᠬᠡᠪᠴᠢᠶᠠᠨ ᠤ ᠬᠠᠤᠯᠢᠵᠢᠭᠰᠠᠨ ᠵᠠᠰᠠᠯᠲᠠ ᠶᠢ  ᠬᠦᠨᠵᠡᠬᠡᠶᠢᠷᠡᠬᠦᠯᠦᠨ ᠠᠬᠢᠭᠤᠯᠵᠤ᠂ ᠵᠡᠭᠡᠯᠢ ᠭᠤᠳᠤᠮᠵᠢ ᠪᠠᠯᠭᠠᠰᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠶᠢ ᠴᠢᠩᠭᠠᠳᠬᠠᠵᠤ᠂ ᠪᠦᠬᠦ ᠲᠤᠬᠠᠶᠢᠯᠠᠭᠰᠠᠨ ᠠᠵᠢᠯ ᠪᠠ ᠪᠦᠬᠦ ᠴᠠᠭ ᠣᠷᠣᠨ ᠵᠠᠢ ᠶᠢ ᠬᠠᠮᠤᠷᠤᠭᠰᠠᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠦᠷᠭᠡᠪᠴᠢᠯᠡᠨ ᠪᠠᠶᠢᠭᠤᠯᠤᠨ᠎ᠠ︔ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠢᠶᠠᠷ ᠬᠡᠷᠡᠭᠵᠢᠭᠦᠯᠵᠦ᠂ ᠨᠡᠶᠢᠭᠡᠮ ᠳᠠᠶᠠᠭᠠᠷ ᠲᠤ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠬᠤᠲᠠ ᠶᠢᠨ ᠪᠦᠬᠦ ᠬᠡᠪᠴᠢᠶᠡᠨ ᠤ ᠮᠡᠳᠡᠭᠡ ᠵᠠᠩᠭᠢᠵᠢᠬᠰᠠᠨ ᠵᠠᠰᠠᠯᠲᠠ ᠶᠢ ᠬᠦᠨᠵᠡᠬᠡᠶᠢᠷᠡᠬᠦᠯᠦᠨ ᠠᠬᠢᠭᠤᠯᠵᠤ᠂ ᠲᠣᠭᠠᠴᠢᠯᠠᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢ ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠬᠤᠲᠠ ᠶᠢᠨ ᠠᠵᠢᠯᠯᠠᠭᠠᠨ ᠢ ᠨᠢᠭᠡ ᠳᠡᠯᠭᠡᠴᠡ ᠪᠠᠷ ᠪᠦᠷᠢᠨ ᠦᠵᠡᠬᠦ᠂ ᠪᠠᠴᠢᠮ ᠪᠠᠶᠢᠳᠠᠯ ᠢ ᠠᠷᠭᠠᠴᠠᠭᠠᠵᠤ ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ ᠶᠢ ᠨᠢᠭᠡ ᠴᠣᠭᠴᠠᠵᠢᠭᠤᠯᠤᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠨᠠᠨ ᠪᠤᠳᠤᠯᠳᠠ᠂ ᠠᠮᠤ ᠪᠤᠳᠠᠭᠠᠨ ᠤ ᠠᠮᠤᠷ ᠲᠦᠪᠰᠢᠨ᠂ ᠬᠠᠩᠭᠠᠨ ᠪᠣᠷᠣᠯᠠᠭᠤᠯᠬᠤ᠂ ᠣᠷᠣᠨ ᠨᠤᠲᠤᠭ ᠤᠨ ᠣᠶᠢᠯᠠᠯᠭ᠎ᠠ᠂ ᠠᠵᠢᠯᠴᠢᠨ ᠤ ᠡᠪᠯᠡᠯ᠂ ᠠᠬᠠᠮᠠᠳ ᠺᠠᠳ᠋ᠷ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠬᠢᠨ᠎ᠠ᠃  ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ    ᠰᠠᠶᠢᠨ ᠰᠠᠶᠢᠬᠠᠨ ᠵᠢᠷᠤᠭ ᠲᠥᠰᠦᠪ ᠢ ᠪᠡᠶᠡᠯᠡᠭᠦᠯᠬᠦ ᠶᠢᠨ ᠦᠨᠳᠦᠰᠦ ᠨᠢ ᠪᠣᠳᠠᠲᠠᠢ ᠠᠵᠢᠯᠯᠠᠬᠤ ᠳᠤ ᠲᠦᠰᠢᠭᠯᠡᠬᠦ ᠬᠡᠷᠡᠭᠲᠡᠢ᠃ ᠪᠢᠳᠡ ᠨᠢᠭᠡ ᠨᠢᠬᠡ ᠶᠠᠪᠤᠳᠠᠯ ᠢᠶᠠᠷ ᠨᠠᠶᠢᠳᠠᠪᠤᠷᠢᠵᠢᠭᠤᠯᠵᠤ᠂ ᠨᠢᠬᠡ ᠨᠢᠭᠡ ᠵᠦᠢᠯ ᠢᠶᠠᠷ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠦᠶᠯᠡᠳᠦᠯᠭᠡ ᠳᠤᠮᠳᠠ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ᠃     ᠨᠢᠭᠡ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠳᠡᠪᠬᠢᠲᠡᠢ ᠦᠢᠯᠡᠳᠦᠯᠭᠡᠵᠢᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ︽ᠬᠤᠶᠠᠷ ᠢ ᠲᠣᠭᠲᠠᠭᠠᠬᠰᠠᠨ︾  ᠢ ᠪᠠᠷᠢᠮᠲᠠᠯᠠᠨ ᠬᠦᠷᠢᠶᠡᠯᠡᠨ ᠬᠠᠮᠠᠭᠠᠯᠠᠵᠤ᠂ ᠴᠠᠭ ᠢᠮᠠᠭᠲᠠ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠤᠯᠠᠮ ᠴᠢᠨᠠᠭᠰᠢᠳᠠ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠠᠵᠤ ᠠᠬᠤᠢ ᠨᠡᠶᠢᠭᠡᠮ ᠤᠨ ᠠᠵᠢᠯ ᠢ ᠪᠤᠳᠤᠯᠬᠢᠯᠡᠵᠤ ᠲᠥᠯᠥᠪᠵᠢᠭᠦᠯᠬᠦ ᠶᠢ ᠴᠢᠬᠤᠯᠠᠴᠢᠯᠠᠵᠤ᠂ ᠠᠵᠤ ᠠᠬᠤᠢ ᠶᠢᠨ ᠠᠵᠢᠯ ᠢ ᠤᠳᠤᠷᠢᠳᠬᠤ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠠᠴᠠ ᠪᠠᠷ ᠠᠵᠤ ᠠᠬᠤᠢ ᠨᠡᠶᠢᠭᠡᠮ ᠤᠨ ᠠᠰᠠᠭᠤᠳᠠᠯ ᠢ ᠠᠵᠢᠭᠯᠠᠬᠤ ᠪᠠ ᠵᠠᠳᠠᠯᠬᠤ ᠳᠠᠭᠠᠨ ᠴᠢᠳᠠᠮᠠᠭᠠᠢ ᠪᠠᠶᠢᠵᠤ᠂ ᠵᠠᠰᠠᠭ ᠤᠨ ᠣᠷᠳᠣᠨ ᠤ ᠠᠵᠢᠯ ᠤᠨ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃    ᠬᠤᠶᠠᠷ ᠲᠤ᠂ ᠬᠠᠤᠯᠢᠵᠢᠯ ᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠳᠦᠷᠢᠮᠵᠢᠭᠦᠯᠦᠨ᠎ᠡ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠨᠠᠶᠢᠳᠠᠪᠤᠷᠢᠵᠢᠭᠤᠯᠬᠤ ᠪᠥᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠬᠠᠮᠢᠶ᠎ᠠ ᠪᠥᠬᠦᠶ ᠬᠠᠤᠯᠢ ᠲᠣᠭᠲᠠᠭᠠᠯ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠵᠠᠪᠠᠯ ᠭᠦᠶᠴᠡᠳᠬᠡᠵᠦ᠂ ᠬᠠᠤᠯᠢ ᠪᠠᠷ ᠡᠷᠬᠡ ᠣᠯᠭᠤᠭᠰᠠᠨ ᠥᠬᠡᠶ ᠵᠦᠶᠯ ᠢ ᠬᠢᠬᠦ ᠥᠬᠡᠶ ᠪᠠᠶᠢᠬᠤ ᠶᠢ ᠪᠡᠶᠡᠯᠡᠬᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠢᠯᠡ ᠲᠤᠳᠤᠷᠬᠠᠢ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃      ᠭᠤᠷᠪᠠ ᠳᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠤᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠡ᠃ ᠪᠣᠳᠠᠲᠠᠶ ᠠᠵᠢᠯ ᠬᠢᠬᠦ᠂ ᠪᠣᠳᠠᠲᠠᠶ ᠠᠷᠭ᠎ᠠ ᠭᠠᠷᠭᠠᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ᠂ ᠰᠡᠳᠬᠢᠯ ᠳᠡᠭᠡᠨ ᠬᠠᠷᠢᠭᠤᠴᠠᠯᠭ᠎ᠠ  ᠶᠢ ᠪᠤᠳᠤᠬᠤ᠂ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠬᠦ᠂  ᠠᠵᠢᠯᠯᠠᠭ᠎ᠠ ᠲᠡᠭᠡᠷ᠎ᠡ ᠪᠠᠨ ᠬᠠᠷᠢᠭᠤᠴᠠᠯᠭ᠎ᠠ ᠪᠠᠨ ᠭᠦᠶᠴᠡᠳᠬᠡᠬᠦ ᠶᠢ ᠪᠠᠷᠢᠮᠲᠠᠯᠠᠵᠤ᠂ ᠬᠡᠯᠡᠪᠠᠯ ᠲᠠᠷᠤᠢ ᠪᠠᠷᠢᠨ ᠬᠡᠷᠡᠭᠵᠢᠭᠦᠯᠬᠦ᠂ ᠲᠡᠷᠡ  ᠲᠤᠤᠷ᠎ᠠ ᠨᠢ ᠭᠦᠶᠴᠡᠳᠬᠡᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ︽ᠳᠥᠷᠪᠠ ᠥᠬᠡᠶ ᠪᠠᠷ ᠬᠤᠶᠠᠷ ᠲᠤ ᠰᠢᠭᠤᠳ ᠬᠦᠷᠬᠦ︾ ᠶᠢ ᠶᠡᠭᠡ ᠪᠠᠷ ᠬᠡᠷᠡᠭᠵᠢᠭᠦᠯᠵᠦ᠂ ᠴᠤᠪᠤᠷᠠᠯ ᠢ ᠳᠠᠬᠢᠵᠤ ᠵᠤᠬᠢᠶᠠᠬᠤ᠂ ᠡᠷᠡᠰ ᠴᠢᠩᠭ᠎ᠠ ᠠᠳᠬᠤᠨ ᠠᠬᠢᠭᠤᠯᠬᠤ᠂ ᠪᠢᠳᠡᠬᠦᠮᠵᠢᠯᠡᠨ ᠬᠠᠮᠢᠶᠠᠷᠬᠤ᠂  ᠵᠢᠷᠤᠭ ᠡᠯᠬᠦᠨ ᠪᠠᠶᠢᠯᠳᠤᠬᠤ᠂ ᠡᠳᠦᠷ ᠤᠨ ᠠᠵᠢᠯ ᠢ ᠡᠳᠦᠷ ᠲᠤᠨᠢ ᠲᠠᠭᠤᠰᠬᠠᠵᠤ ᠰᠠᠷ᠎ᠠ ᠳᠤ ᠨᠢᠬᠡ ᠤᠳᠠᠭ᠎ᠠ ᠳ᠋ᠦᠩᠨᠡᠬᠦ ᠵᠡᠷᠭᠡ ᠠᠵᠢᠯ ᠤᠨ ᠠᠷᠭ᠎ᠠ ᠶᠢ ᠶᠡᠭᠡ ᠪᠠᠷ ᠬᠡᠷᠡᠭᠵᠢᠭᠦᠯᠵᠦ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠪᠡᠶᠡᠯᠡᠭᠦᠯᠵᠦ᠂ ᠨᠥᠬᠦᠴᠡᠯ ᠲᠤᠷᠠᠳᠬᠤ ᠥᠬᠡᠶ᠂ ᠤᠤᠯ ᠬᠡᠪ ᠢᠶᠠᠷ ᠨᠢ ᠬᠡᠷᠡᠭᠵᠢᠬᠦᠯᠵᠤ᠂ ᠦᠬᠡᠷᠡᠳᠦᠬᠦᠯᠦᠨ ᠬᠤᠪᠢᠷᠠᠭᠤᠯᠬᠤ ᠥᠬᠡᠶ ᠪᠠᠶᠢᠵᠤ᠂ ᠥᠷᠭᠡᠨ ᠣᠯᠠᠨ ᠺᠠᠳ᠋ᠷ ᠤᠨ ᠠᠵᠢᠯ ᠬᠢᠬᠦ ᠶᠢ ᠪᠤᠳᠤᠬᠤ᠂ ᠵᠣᠷᠢᠭᠲᠠᠶ ᠪᠠᠷ ᠠᠵᠢᠯ ᠬᠢᠬᠦ᠂ ᠠᠵᠢᠯ ᠬᠢᠵᠦ ᠠᠮᠵᠢᠯᠲᠠ ᠭᠠᠷᠭᠠᠬᠤ ᠤᠷᠬᠢᠯᠤᠮ᠎ᠠ ᠬᠠᠯᠠᠭᠤᠨ ᠰᠡᠳᠬᠢᠯᠭᠡ ᠶᠢ ᠬᠠᠮᠠᠭᠠᠯᠠᠨ ᠬᠥᠭᠵᠢᠭᠡᠵᠦ᠂ ᠰᠢᠨ᠎ᠡ ᠬᠦᠭᠵᠢᠯᠳᠡ ᠶᠢᠨ ᠱᠠᠳᠤ ᠦᠶ᠎ᠡ ᠶᠢᠨ ᠬᠦᠨᠳᠡᠯᠡᠨ ᠲᠤᠭᠤᠷᠢᠭ ᠤᠨ ᠬᠦᠬᠡᠬᠡᠵᠤ ᠬᠦᠢᠴᠡᠵᠤ ᠲᠠᠪᠠᠭ᠋ᠤ ᠰᠢᠨ᠎ᠡ ᠠᠬᠤᠢ ᠪᠠᠶᠢᠳᠠᠯ ᠢ ᠴᠢᠷᠮᠡᠶᠢᠨ ᠡᠬᠦᠳᠦᠨ᠎ᠡ᠃     ᠲᠦᠷᠪᠡ ᠳᠤ᠂ ᠪᠦᠬᠦ ᠲᠠᠯ᠎ᠠ ᠪᠠᠷ ᠴᠢᠩᠭ᠎ᠠ ᠪᠠᠶᠢᠬᠤ ᠶᠢ ᠪᠠᠷᠢᠮᠲᠠᠯᠠᠵᠤ᠂ ᠢᠮᠠᠭᠲᠠ ᠲᠦᠪ ᠭᠤᠤᠯᠴᠢ ᠠᠷᠢᠭᠤᠨ ᠴᠢᠬᠡᠴᠢ ᠪᠠᠶᠢᠬᠤ ᠶᠢ ᠪᠠᠶᠠᠯᠡᠬᠦᠯᠦᠨ᠎ᠡ᠃ ︽ᠴᠢᠩᠭ᠎ᠠ ᠪᠠᠶᠢᠬᠤ︾ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠡᠷᠡᠰ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠬᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠴᠥᠬᠦᠷᠡᠰᠢ ᠦᠭᠡᠢ ᠵᠠᠯᠠᠷᠠᠭᠤᠯᠤᠨ᠎ᠡ᠃ ᠣᠯᠠᠨ ᠨᠡᠶᠢᠲᠡ ᠶᠢᠨ ᠡᠬᠢ ᠪᠠᠶᠠᠯᠢᠭ᠂ ᠨᠡᠶᠢᠭᠡᠮ ᠠᠷᠠᠳ ᠤᠨ ᠠᠮᠢᠳᠤᠷᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠨᠠᠨ ᠪᠣᠳᠣᠯᠳᠠ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠨ᠎ᠡ᠃ ᠲᠥᠰᠦᠪ ᠢ ᠠᠵᠢᠯ ᠤᠨ ᠬᠢᠷᠢ ᠪᠦᠲᠦᠮᠵᠢ ᠪᠠᠷ ᠬᠠᠮᠢᠶᠠᠷᠬᠤ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠨᠡᠩ ᠤᠯᠠᠨ ᠪᠡᠯᠡ ᠮᠥᠩᠭᠦ ᠶᠢ ᠰᠤᠯᠠᠯᠠᠨ ᠭᠠᠷᠭᠠᠵᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠡᠷᠡᠭᠯᠡᠵᠦ᠂ ᠦᠨᠡᠨ ᠬᠦ ᠵᠠᠰᠠᠭ ᠤᠨ ᠣᠷᠳᠣᠨ ᠤ ︽ᠭᠠᠷ ᠲᠠᠳᠠᠭᠤ ᠠᠮᠢᠳᠤᠷᠠᠯ︾ ᠢᠶᠠᠷ ᠤᠯᠠᠨ ᠲᠦᠮᠡᠨ ᠤ ︽ᠦᠬᠡᠳᠡᠯᠡᠬᠦ ᠠᠮᠢᠳᠤᠷᠠᠯ︾ ᠢ ᠰᠣᠯᠢᠵᠤ ᠠᠪᠴᠢᠷᠠᠨ᠎ᠠ᠃    ᠲᠥᠯᠥᠭᠡᠯᠡᠭᠴᠢᠳ ᠡ︕ ᠪᠣᠳᠠᠲᠠᠢ ᠠᠵᠢᠯᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ᠂ ᠲᠡᠮᠡᠴᠡᠯ ᠢᠷᠡᠭᠡᠳᠦᠢ ᠶᠢ ᠴᠣᠭᠴᠠᠯᠠᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠡ᠂ ᠬᠤᠳᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠶᠢ ᠲᠡᠮᠡᠴᠡᠨ᠂ ᠴᠤᠴᠠᠯᠲᠠ ᠦᠭᠡᠢ ᠤᠷᠤᠭᠰᠢᠯᠠᠵᠤ᠂ ᠨᠡᠩ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠰᠢᠨ᠎ᠡ ᠠᠶᠠᠨ ᠳᠠᠭᠠᠨ ᠮᠣᠷᠳᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠬᠥᠨᠳᠡᠯᠡᠨ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠴᠤ᠋ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠭᠲᠤᠶ᠎ᠠ︕      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷ᠎ᠡ ᠦᠬᠡᠰ ᠤᠨ ᠲᠠᠶᠢᠯᠪᠤᠷᠢ     1 . ᠣᠯᠠᠨ ᠡᠬᠢᠲᠦ ᠪᠣᠬᠢᠷᠲᠤᠯ᠄ ᠲᠤᠬᠳᠠᠬᠰᠠᠨ ᠨᠢᠬᠡ ᠴᠡᠭ ᠤᠨ ᠪᠤᠰᠤ ᠪᠣᠬᠢᠷᠲᠤᠯ᠂ ᠭᠤᠣᠯᠳᠠᠭᠤ ᠬᠥᠷᠥᠰᠥ ᠰᠢᠷᠣᠢ ᠶᠢᠨ ᠡᠯᠡᠰᠦ ᠰᠢᠪᠠᠷ ᠤᠨ ᠮᠥᠬᠦᠯᠢᠭ᠂ ᠠᠽᠣᠲ ᠹᠣᠰᠹᠣᠷ ᠵᠡᠷᠭᠡ ᠰᠢᠮ᠎ᠡ ᠲᠡᠵᠢᠭᠡᠯᠲᠦ ᠪᠣᠳᠠᠰ ᠵᠢᠴᠢ ᠡᠯ᠎ᠡ ᠵᠦᠢᠯ ᠤᠨ ᠠᠭᠠᠷ ᠮᠠᠨᠳᠠᠯ ᠤᠨ ᠮᠥᠬᠦᠯᠢᠭᠲᠦ ᠪᠣᠳᠠᠰ ᠢᠶᠠᠷ ᠪᠦᠷᠢᠯᠳᠦᠨ᠎ᠡ᠃     2 . ᠬᠠᠷᠮᠠᠨ ᠴᠡᠴᠡᠷᠯᠢᠭ᠄ ᠵᠢᠵᠢᠭ ᠴᠡᠴᠡᠷᠯᠢᠭ ᠢ ᠬᠡᠯᠡᠵᠤ ᠪᠤᠢ᠂ ᠬᠡᠪᠴᠢᠶ᠎ᠡ ᠪᠠᠷ ᠲᠤᠶᠢᠯ ᠤᠨ ᠵᠢᠵᠢᠭᠭᠡᠨ ᠪᠠᠶᠢᠳᠠᠭ ᠬᠤᠲᠠ ᠶᠢᠨ ᠨᠡᠭᠡᠭᠡᠨ ᠬᠦᠭᠵᠢᠬᠦᠯᠬᠦ ᠣᠷᠣᠨ ᠵᠠᠶ ᠶᠢ ᠵᠢᠭᠠᠨ᠎ᠠ᠂ ᠲᠡᠳᠡᠬᠡᠷ ᠨᠢ ᠦᠷᠭᠦᠯᠵᠢ ᠲᠤᠯᠪᠤᠳᠤ ᠬᠡᠰᠡᠭ ᠪᠠᠶᠢᠳᠠᠯ ᠢᠶᠠᠷ ᠬᠤᠲᠠ ᠶᠢᠨ ᠪᠦᠲᠦᠴᠡ ᠲᠤᠮᠳᠠ ᠠᠳᠡ ᠲᠡᠨᠳᠡ ᠲᠠᠷᠬᠠᠬᠤ ᠪᠤᠶᠤ ᠨᠢᠭᠤᠬᠳᠠᠵᠤ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠤ ᠦᠶᠯᠡᠴᠢᠯᠡᠳᠡᠭ᠃     3 . ᠡᠮᠴᠢᠯᠡᠭᠡᠨ ᠤ ᠬᠤᠯᠪᠣᠭᠠᠲᠤ ᠴᠣᠭᠴᠠ᠄ ᠡᠮᠴᠢᠯᠡᠭᠡᠨ ᠤ ᠬᠤᠯᠪᠣᠭᠠᠲᠤ ᠴᠣᠭᠴᠠ ᠭᠡᠳᠡᠭ ᠨᠢ ᠠᠳᠠᠯᠢ ᠪᠤᠰᠤ ᠲᠠᠰ ᠪᠠ ᠲᠥᠷᠥᠯ ᠢᠯᠭᠠᠯ ᠤᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣ᠂ ᠭᠤᠯᠳᠤ ᠪᠠᠷ ᠪᠤᠶᠤ ᠬᠥᠨᠳᠡᠯᠡᠨ ᠢᠶᠠᠷ ᠡᠮᠴᠢᠯᠡᠭᠡᠨ ᠤ ᠡᠬᠢ ᠪᠠᠶᠠᠯᠢᠭ ᠢ ᠴᠡᠭᠴᠡᠯᠡᠨ ᠨᠡᠶᠢᠳᠬᠡᠵᠤ ᠪᠣᠶ ᠪᠣᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠲᠤᠷᠠᠭᠰᠠᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠣᠶ᠃     4 .  ᠡᠬᠦᠯᠡᠨ ᠦᠢᠯᠡᠴᠢᠯᠡᠭᠡ ᠲᠤᠮᠤ ᠳ᠋ᠠᠶᠢᠲ᠋ᠠ ᠶᠢᠨ ᠬᠡᠷᠡᠭᠯᠡᠭᠡ ᠤᠶᠤᠨᠴᠢᠯᠠᠯᠳᠠ ᠶᠢᠨ ᠦᠬᠡᠷᠡᠴᠢᠯᠡᠯᠳᠡ᠄ ᠲᠤᠬᠠᠶᠢᠯᠠᠪᠠᠯ ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ — ᠲᠠᠪᠴᠠᠩ ᠢᠶᠠᠷ ᠬᠦᠴᠦᠨ ᠴᠢᠳᠠᠪᠤᠷᠢ ᠣᠯᠭᠤᠬᠤ — ᠳᠠᠭᠠᠭᠤᠯᠤᠭᠴᠢ ᠬᠥᠲᠥᠯᠥᠨ ᠳᠠᠭᠠᠭᠤᠯᠬᠤ  — ᠨᠡᠶᠢᠭᠡᠮᠯᠢᠭ ᠢᠶᠠᠷ ᠦᠶᠯᠡᠴᠢᠯᠡᠬᠦᠯᠬᠦ — ᠪᠠᠶᠢᠭᠤᠯᠤᠮᠵᠢ ᠪᠠᠷ ᠲᠤᠯᠭᠠᠭᠤᠷᠢᠯᠠᠯ ᠪᠤᠯᠭᠠᠬᠤ︾  ᠬᠠᠮᠲᠤᠷᠠᠨ ᠠᠬᠢᠭᠤᠯᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠣᠭᠠᠴᠢᠯᠠᠬᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠨ᠎ᠠ᠃      5. ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ᠄ ᠳᠠᠷᠤᠶ ᠠᠮᠢ ᠠᠬᠤᠶ ᠶᠢᠨ ᠰᠢᠰᠲ᠋ᠧᠮ ᠤᠨ ᠠᠭᠠᠷ ᠮᠠᠨᠳᠠᠯ ᠳᠣᠲᠣᠷ᠎ᠠ ᠠᠴᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠠᠷᠢᠯᠭᠠᠬᠤ ᠶᠠᠪᠤᠴᠠ᠂ ᠠᠵᠢᠯᠯᠠᠭ᠎ᠠ ᠪᠤᠶᠤ ᠲᠣᠭᠲᠠᠴᠠ ᠪᠣᠯᠤᠨ᠎ᠠ᠃    6. ᠪᠤᠭᠤᠷᠤᠯᠴᠤᠤᠯ ᠤᠨ ᠠᠵᠤ ᠠᠬᠤᠢ᠄ ᠲᠤᠬᠠᠶᠢᠯᠠᠪᠠᠯ ᠨᠠᠰᠤᠲᠠᠶᠢᠴᠤᠳ ᠤᠨ ᠠᠵᠤ ᠦᠢᠯᠡᠰ᠂ ᠦᠳᠡᠬᠦᠰ ᠤᠨ ᠠᠵᠤ ᠦᠢᠯᠡᠰ᠃ ᠨᠡᠶᠢᠭᠡᠮ ᠤᠨ ᠨᠠᠰᠤᠵᠢᠯᠲᠠ ᠶᠢ ᠲᠠᠭᠠᠯᠳᠣᠨ ᠪᠤᠢ ᠪᠤᠯᠵᠤ ᠡᠭᠦᠰᠦᠭᠰᠡᠨ ᠲᠤᠰᠬᠠᠶᠢᠯᠠᠨ ᠨᠠᠰᠤᠲᠠᠶᠢᠴᠤᠳ ᠤᠨ ᠬᠡᠷᠡᠭᠯᠡᠭᠡ ᠳᠤ ᠦᠢᠯᠡᠴᠢᠯᠡᠬᠦ ᠠᠵᠤ ᠦᠢᠯᠡᠰ ᠢ ᠵᠢᠭᠠᠵᠤ ᠪᠠᠶᠢᠨ᠎ᠠ᠃    7. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ᠄ ᠲᠤᠬᠠᠶᠢᠯᠠᠪᠠᠯ ᠵᠠᠰᠠᠭ ᠤᠨ ᠣᠷᠳᠣᠨ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠣᠯᠤᠨ ᠰᠢᠨ᠎ᠡ ᠶᠢ ᠡᠭᠦᠳᠴᠤ ᠦᠶᠯᠡᠰ ᠪᠤᠰᠬᠠᠬᠤ ᠪᠦᠯᠬᠦᠮ ᠬᠠᠮᠳᠤ ᠳᠤ ᠦᠨ᠎ᠡ ᠲᠥᠯᠥᠪᠦᠷᠢ ᠥᠬᠡᠶ ᠪᠠᠷ ᠡᠷᠬᠡ ᠠᠰᠢᠭ ᠤᠨ ᠭᠡᠷᠡᠴᠢ ᠪᠠᠷᠢᠮᠳᠠ ᠣᠯᠭᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠣᠯᠤᠨ ᠰᠢᠨ᠎ᠡ ᠶᠢ ᠡᠬᠦᠳᠴᠤ ᠦᠶᠯᠡᠰ ᠪᠤᠰᠬᠠᠬᠤ ᠪᠦᠯᠬᠦᠮ ᠬᠠᠮᠳᠤ ᠶᠢᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠳᠤ ᠬᠡᠷᠡᠭᠯᠡᠨ᠎ᠡ᠃     8 . ᠠᠵᠢᠯ ᠲᠦᠷᠦᠯ ᠢᠯᠭᠠᠬᠤ ᠥᠬᠡᠶ ᠭᠥᠯᠢᠶᠡᠨ ᠠᠪᠴᠤ ᠰᠢᠶᠳᠪᠦᠷᠢᠯᠡᠬᠦ᠄ ᠲᠤᠬᠠᠶᠢᠯᠠᠪᠠᠯ ᠴᠣᠩᠬᠤᠪᠴᠢ ᠶᠢᠨ ᠠᠵᠢᠯᠲᠠᠳ ᠤᠤᠯ ᠳᠠᠭᠠᠨ ᠵᠥᠪᠬᠡᠨ ᠲᠣᠰ ᠠᠵᠢᠯ ᠲᠥᠷᠥᠯ ᠲᠣᠰ ᠬᠦᠷᠢᠶᠡᠨ ᠤ ᠪᠠᠨ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠰᠠᠶᠢᠨ ᠮᠡᠳᠡᠳᠡᠭ ᠪᠠᠶᠢᠭᠰᠠᠨ ᠠᠴᠠ ᠪᠠᠨ ᠬᠤᠯᠪᠣᠭᠳᠠᠬᠤ ᠣᠯᠠᠨ ᠠᠵᠢᠯ ᠲᠥᠷᠥᠯ ᠣᠯᠠᠨ ᠬᠦᠷᠢᠶᠡᠨ ᠤ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠪᠣᠯᠪᠠᠰᠤᠷᠠᠩᠭᠤᠶ ᠡᠵᠡᠮᠰᠢᠬᠦ ᠪᠤᠯᠵᠤ  ᠂ ᠠᠵᠤ ᠠᠬᠤᠶᠢᠯᠠᠯ ᠣᠯᠠᠨ ᠲᠦᠮᠡᠨ ᠳᠤ ︽ᠨᠢᠭᠡ ᠥᠷᠲᠡᠭᠡ ᠮᠠᠶ᠋ᠢᠭ︾ ᠤᠨ ᠳᠥᠭᠦᠮ ᠲᠦᠷᠬᠡᠨ ᠥᠨᠳᠥᠷ ᠪᠦᠲᠦᠮᠵᠢᠲᠡᠶ ᠦᠶᠯᠡᠴᠢᠯᠡᠭᠡ ᠬᠠᠩᠭᠠᠬᠤ ᠶᠢ ᠬᠡᠯᠡᠵᠤ ᠪᠤᠢ᠃    9. ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ︾ ᠶᠢᠨ ᠲᠦᠷᠢᠮ᠄ ᠲᠤᠬᠠᠶᠢᠯᠠᠪᠠᠯ ᠠᠵᠤ ᠠᠬᠤᠶᠢᠯᠠᠯ ᠪᠠ ᠣᠯᠠᠨ ᠲᠦᠮᠡᠨ ᠠᠴᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠪᠣᠯᠤᠨ᠎ᠠ᠃   10. ᠪᠠᠭ᠎ᠠ ᠠᠭᠤᠷ ᠠᠮᠢᠰᠬᠤᠯ᠄ ᠳᠠᠷᠤᠶ ᠭᠠᠵᠠᠷ ᠤᠨ ᠨᠢᠭᠤᠷ ᠠᠴᠠ ᠣᠶᠢᠷᠠᠯᠴᠠᠭ᠎ᠠ ᠬᠡᠳᠦᠨ ᠮᠧᠲᠷ ᠤᠨ ᠠᠭᠠᠷ ᠤᠨ ᠳᠠᠪᠬᠤᠷᠭ᠎ᠠ ᠳᠣᠲᠣᠷ᠎ᠠ᠂ ᠬᠥᠷᠥᠰᠥᠨ ᠤ ᠥᠩᠭᠡᠨ ᠳᠠᠪᠬᠤᠷᠭ᠎ᠠ ᠪᠠ ᠤᠷᠭᠤᠮᠠᠯ ᠤᠨ ᠬᠤᠴᠢᠯᠭ᠎ᠠ ᠶᠢᠨ ᠳᠣᠲᠣᠷᠠᠬᠢ ᠠᠭᠤᠷ ᠠᠮᠢᠰᠬᠤᠯ ᠪᠣᠯᠤᠨ᠎ᠠ᠃ ᠲᠠᠪᠢᠰᠬᠡᠷ ᠨᠢᠭᠤᠷ ᠤᠨ ᠰᠢᠨᠵᠢ ᠴᠢᠨᠡᠷ ᠠᠴᠠ ᠪᠤᠯᠤᠬᠰᠠᠨ ᠬᠥᠮᠦᠨ ᠲᠥᠷᠥᠯᠬᠢᠲᠡᠨ ᠪᠠ ᠠᠮᠢᠳᠤ ᠪᠣᠳᠠᠰ ᠤᠨ ᠬᠥᠳᠡᠯᠭᠡᠭᠡᠨ ᠠᠴᠠ ᠪᠦᠷᠢᠯᠳᠦᠭᠰᠡᠨ ᠨᠡᠯᠢᠶᠡᠳ ᠪᠠᠭ᠎ᠠ ᠬᠡᠪᠴᠢᠶᠡᠨ ᠤ ᠣᠨᠴᠠᠭᠠᠶ ᠠᠭᠤᠷ ᠠᠮᠢᠰᠬᠤᠯ ᠢ ᠶᠡᠷᠦᠩᠬᠡᠶᠢᠯᠡᠨ ᠵᠢᠭᠠᠨ᠎ᠠ᠃    11. ᠬᠠᠶᠠᠭᠳᠠᠮᠠᠯ ᠥᠬᠡᠶ ᠬᠤᠲᠠ᠄ ᠲᠤᠬᠠᠶᠢᠯᠠᠪᠠᠯ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠥᠬᠡᠶ᠂ ᠨᠡᠭᠡᠭᠡᠯᠲᠡ ᠲᠠᠢ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠤᠶᠢᠯᠠᠭᠠᠬᠳᠠᠬᠤᠨ ᠢᠶᠠᠷ ᠬᠥᠲᠥᠯᠦᠨ ᠳᠠᠭᠠᠭᠤᠯᠤᠬᠰᠠᠨ᠂ ᠪᠣᠬᠢᠷᠲᠤᠯ ᠥᠬᠡᠶ ᠬᠥᠭᠵᠢᠯᠲᠡ ᠶᠢᠨ ᠬᠡᠯᠪᠡᠷᠢ ᠪᠠ ᠠᠮᠢᠳᠤᠷᠠᠯ ᠤᠨ ᠠᠷᠭ᠎ᠠ ᠮᠠᠶ᠋ᠢᠭ ᠢ ᠪᠦᠷᠢᠯᠳᠦᠬᠦᠯᠬᠦ ᠶᠢ ᠠᠬᠢᠭᠤᠯᠬᠤ ᠪᠠᠷ ᠳᠠᠮᠵᠢᠭᠤᠯᠤᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠭᠠᠵᠠᠷ  ᠲᠤ ᠪᠤᠯᠠᠵᠤ ᠰᠢᠢᠳᠪᠦᠷᠢᠯᠡᠬᠦ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠬᠠᠮᠤᠭ ᠤᠨ ᠳᠤᠤᠷ᠎ᠠ ᠬᠡᠮᠵᠢᠶᠡᠨ ᠳᠤ ᠬᠦᠷᠳᠡᠯ᠎ᠡ ᠪᠠᠭᠠᠰᠬᠠᠬᠤ ᠬᠤᠲᠠ ᠶᠢᠨ ᠬᠥᠭᠵᠢᠯᠲᠡ ᠶᠢᠨ ᠵᠠᠭᠪᠤᠷ ᠢ ᠵᠢᠭᠠᠵᠤ ᠪᠣᠶ᠃    12. ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ᠄ ᠲᠤᠬᠠᠶᠢᠯᠠᠪᠠᠯ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠬᠤᠶᠠᠷ ᠢ ᠬᠢᠵᠠᠭᠠᠷᠯᠠᠬᠤ᠃    13. ᠲᠤᠬᠠᠶᠢᠯᠠᠬᠰᠠᠨ ᠠᠵᠢᠯ ᠤᠨ ᠡᠵᠡᠩᠨᠡᠨ ᠬᠠᠮᠢᠶᠠᠷᠤᠬᠴᠢ᠄ ᠥᠮᠴᠢᠯᠡᠬᠦ ᠡᠷᠬᠡ᠂ ᠬᠠᠤᠯᠢ ᠶᠢᠨ ᠡᠷᠬᠡᠲᠡᠨ ᠤ ᠡᠳ᠋ ᠬᠥᠷᠥᠩᠭᠡ ᠶᠢᠨ ᠡᠷᠬᠡ ᠪᠠ ᠡᠵᠡᠩᠨᠡᠬᠦ ᠡᠷᠬᠡ ᠶᠢ ᠰᠠᠯᠭᠠᠭᠰᠠᠨ ᠠᠵᠤ ᠠᠬᠤᠶᠢᠯᠠᠯ ᠳᠤ᠂ ᠬᠠᠤᠯᠢ ᠶᠢᠨ ᠡᠷᠬᠡᠲᠡᠨ ᠤ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢ ᠪᠦᠬᠦ ᠲᠠᠯ᠎ᠠ ᠪᠠᠷ ᠬᠠᠷᠢᠭᠤᠴᠠᠵᠤ᠂ ᠬᠠᠤᠯᠢ ᠶᠢᠨ ᠡᠷᠬᠡᠲᠡᠨ ᠤ ᠡᠳ᠋ ᠬᠥᠷᠥᠩᠭᠡ ᠳᠤ ᠬᠠᠷᠢᠴᠠᠯᠠᠰᠢᠬᠦᠢ ᠡᠵᠡᠩᠨᠡᠬᠦ ᠡᠷᠬᠡ ᠪᠠ ᠬᠠᠮᠢᠶᠠᠷᠬᠤ ᠡᠷᠬᠡ ᠲᠠᠢ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠲᠤᠬᠠᠶᠢᠯᠠᠬᠰᠠᠨ ᠠᠵᠢᠯ ᠤᠨ ᠲᠤᠰᠬᠠᠶ ᠮᠡᠷᠭᠡᠵᠢᠯᠲᠡᠨ᠃    14. ᠵᠠᠭᠤᠴᠢ ᠶᠢᠨ ᠬᠠᠮ ᠳᠡᠯᠭᠡᠭᠦᠷ᠄ ᠲᠤᠬᠠᠶᠢᠯᠠᠪᠠᠯ ᠰᠦᠯᠵᠢᠶᠡᠨ ᠳᠡᠭᠡᠷᠡᠬᠢ ᠵᠠᠭᠤᠴᠢ ᠶᠢᠨ ᠦᠶᠯᠡᠴᠢᠯᠡᠭᠡ  ᠶᠢᠨ ᠬᠠᠮ ᠳᠡᠯᠭᠡᠭᠦᠷ ᠪᠤᠯᠤᠨ᠎ᠠ᠂ ᠡᠯ᠎ᠡ ᠲᠥᠷᠥᠯ ᠤᠨ ᠵᠠᠭᠤᠴᠢ ᠶᠢᠨ ᠦᠶᠯᠡᠴᠢᠯᠡᠭᠡᠨ ᠤ ᠰᠦᠯᠵᠢᠶᠡᠨ ᠳᠡᠭᠡᠷᠡᠬᠢ ᠠᠷᠠᠯᠵᠢᠶ᠎ᠠ ᠶᠢᠨ ᠶᠡᠷᠦᠩᠬᠡᠶᠢᠯᠡᠭᠰᠡᠨ ᠴᠢᠨᠠᠷᠲᠠᠶ ᠮᠡᠳᠡᠭᠡ ᠵᠠᠩᠭᠢᠵᠢᠬᠰᠠᠨ ᠦᠶᠯᠡᠴᠢᠯᠡᠭᠡ ᠪᠠ ᠢᠲᠡᠭᠡᠮᠵᠢ ᠶᠢᠨ ᠬᠠᠮᠢᠶᠠᠷᠤᠯᠲᠠ ᠶᠢᠨ ᠲᠠᠪᠴᠠᠩ ᠢ ᠵᠢᠭᠠᠵᠤ ᠪᠣᠶ᠂ ᠲᠥᠷᠥᠯ ᠵᠦᠶᠯ ᠤᠨ ᠥᠮᠴᠢᠲᠡᠨ ᠤ ᠵᠠᠭᠤᠴᠢ ᠶᠢᠨ ᠦᠶᠯᠡᠴᠢᠯᠡᠭᠡ ᠬᠤᠳᠠᠯᠳᠤᠨ ᠠᠪᠬᠤ᠂ ᠵᠠᠭᠤᠴᠢ ᠶᠢᠨ ᠦᠶᠯᠡᠴᠢᠯᠡᠭᠡ ᠶᠢᠨ ᠪᠠᠶᠢᠭᠤᠯᠤᠮᠵᠢ ᠠᠴᠠ ᠵᠠᠭᠤᠴᠢ ᠶᠢᠨ ᠦᠶᠯᠡᠴᠢᠯᠡᠭᠡ ᠶᠢᠨ ᠲᠥᠷᠥᠯ ᠵᠦᠶᠯ ᠢ ᠳᠠᠭᠠᠭᠠᠵᠤ ᠠᠪᠬᠤ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠨᠢᠬᠡᠴᠢ ᠪᠠ ᠠᠵᠢᠯᠲᠠᠨ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠳᠤ ᠦᠶᠯᠡᠴᠢᠯᠡᠭᠡ ᠬᠠᠩᠭᠠᠨ᠎ᠠ᠃    15. ᠭᠤᠷᠪᠠᠨ ᠱᠤᠭᠤᠮ ᠨᠢᠭᠡ ᠲᠠᠩᠰᠠ᠄ ᠳᠠᠷᠤᠶ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠢ ᠠᠰᠢᠭᠯᠠᠬᠤ ᠬᠠᠮᠤᠭ ᠤᠨ ᠦᠨᠳᠦᠷ ᠬᠢᠵᠠᠭᠠᠷ ᠱᠤᠭᠤᠮ ᠪᠠ ᠠᠮᠢ ᠠᠬᠤᠶ ᠣᠷᠴᠢᠨ ᠲᠣᠭᠤᠷᠢᠨ ᠤ ᠤᠷᠤᠬᠤ ᠶᠢ ᠵᠥᠪᠰᠢᠶᠡᠷᠡᠬᠦ ᠨᠠᠷᠢᠨ ᠲᠠᠩᠰᠠ ᠪᠣᠯᠤᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号