ᠶᠢᠨ ᠶᠦᠩ ᠯᠢ ᠾᠧᠪᠸᠢ ᠶᠢᠨ ᠷᠧᠨ ᠾᠧ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠧᠦ ᠾᠧᠩ ᠬᠦᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/4/4
      3 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠾᠧᠪᠸᠢ ᠶᠢᠨ ᠷᠧᠨ ᠾᠧ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠤᠨ ᠳᠠᠷᠤᠭ᠎ᠠ ᠵᠧᠦ ᠡᡁᠧᠩ ᠬᠦᠢ ᠨᠠᠷ ᠲᠠᠢ ᠠᠭᠤᠯᠵᠠᠪᠠ᠃       ᠶᠢᠨ ᠶᠦᠩ ᠯᠢ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠵᠧᠦ ᠾᠧᠩ ᠬᠦᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠬᠥᠨᠳᠡᠯᠡᠨ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ᠂ ᠪᠠᠶᠢᠭᠠᠯᠢ ᠶᠢᠨ ᠡᠬᠢ ᠪᠠᠶᠠᠯᠢᠭ ᠡᠯᠪᠡᠭ᠂ ᠠᠵᠤ ᠦᠢᠯᠡᠳᠪᠦᠷᠢ ᠶᠢᠨ ᠰᠠᠭᠤᠷᠢ ᠪᠠᠲᠣ᠂ ᠠᠵᠤ ᠦᠢᠯᠡᠰ ᠤᠨ ᠬᠥᠮᠦᠨ ᠠᠮᠠ ᠶᠢᠨ ᠲᠤᠭ᠎ᠠ ᠤᠯᠠᠨ᠂ ᠢᠷᠡᠭᠡᠳᠦᠢ ᠶᠢᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠶᠤᠮ᠃ ᠣᠳᠣᠬᠠᠨ ᠳᠤ᠂ ᠬᠥᠨᠳᠡᠯᠡᠨ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ ᠦᠵᠡᠯᠲᠡ ᠪᠠᠨ ᠰᠢᠨᠡᠳᠬᠡᠵᠦ᠂ ᠬᠠᠷᠠᠭ᠎ᠠ ᠪᠠᠨ ᠥᠷᠭᠡᠳᠬᠡᠨ ᠠᠬᠤᠶ ᠪᠠᠶᠢᠳᠠᠯ ᠢᠶᠠᠨ ᠳᠡᠭᠡᠭᠰᠢᠯᠡᠭᠦᠯᠵᠦ᠂ ᠲᠦᠭᠰᠢᠭᠦᠷᠢᠲᠣ ᠰᠡᠳᠬᠢᠯᠭᠡ ᠪᠠ ᠲᠡᠤᠬᠡ ᠶᠢᠨ ᠬᠠᠷᠢᠭᠤᠴᠠᠯᠭᠠᠲᠤ ᠰᠡᠳᠬᠢᠯᠭᠡ ᠪᠠᠷ ᠦᠢᠯᠡᠴᠢᠯᠡᠭᠡᠨ ᠤ ᠦᠢᠯᠡᠰ ᠤᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠴᠢᠩᠭ᠎ᠠ ᠠᠳᠬᠤᠨ ᠪᠣᠳᠠᠲᠠᠶ ᠨᠠᠷᠢᠯᠢᠬᠵᠢᠭᠤᠯᠵᠦ᠂ ᠪᠥᠬᠦ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ ᠷᠧᠨ ᠾᠧ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠳᠤᠮᠳᠠᠳᠤ ᠤᠯᠤᠰ ᠤᠨ ᠬᠤᠲᠠ ᠶᠢᠨ ᠬᠠᠮᠢᠶᠠᠷᠤᠯᠲᠠ ᠶᠢᠨ ᠠᠵᠢᠯ ᠲᠥᠷᠥᠯ ᠤᠨ ᠬᠤᠰᠢᠭᠤᠴᠢ ᠪᠣᠯᠤᠭᠰᠠᠨ ᠤ ᠬᠤᠪᠢ ᠳᠤ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠯ᠎ᠠ ᠪᠠᠷ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠲᠠᠢ ᠪᠠᠶᠢᠵᠤ᠂ ᠲᠣᠰ ᠤᠳᠠᠭᠠᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠨᠢ ᠮᠠᠨ ᠤ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠨᠡᠶᠢᠴᠡᠨ᠎ᠡ᠃ ᠬᠤᠶᠠᠷ ᠲᠠᠯ᠎ᠠ ᠪᠠᠷ ᠢᠶᠠᠨ ᠪᠤᠭᠤᠲᠤ ᠶᠢᠨ ᠶᠦᠨ ᠰᠣ᠋ ᠠᠮᠤ ᠪᠤᠳᠠᠭᠠᠨ ᠤ ᠲᠥᠪ ᠤᠨ ᠲᠣᠭᠤᠭᠠᠨ ᠭᠡᠷ ᠤᠨ ᠲᠦᠷᠦᠯ ᠵᠦᠢᠯ ᠢᠶᠠᠷ ᠠᠵᠠ ᠲᠣᠬᠢᠶᠠᠯ ᠪᠣᠯᠭᠠᠵᠤ᠂ ᠨᠡᠩ ᠤᠯᠠᠨ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠴᠡᠴᠡᠷᠯᠢᠭ ᠢ ᠨᠢᠭᠡ ᠴᠤᠭᠴᠠᠵᠢᠭᠤᠯᠬᠤ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠨᠢᠭᠡ ᠴᠤᠭᠴᠠᠵᠢᠭᠤᠯᠬᠤ ᠵᠢᠴᠢ ᠲᠡᠷᠭᠡ ᠵᠣᠭᠰᠣᠬᠤ ᠬᠠᠮᠢᠶᠠᠷᠤᠯᠲᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠠᠵᠤ ᠠᠬᠤᠢ ᠶᠢ ᠴᠣᠭᠴᠠᠯᠠᠵᠤ᠂ ᠭᠠᠷ ᠬᠤᠯᠪᠣᠨ ᠬᠠᠮᠲᠤᠪᠠᠷ ᠠᠰᠢᠭ ᠬᠦᠷᠳᠡᠵᠤ ᠬᠥᠭᠵᠢᠬᠦ ᠶᠢ ᠬᠦᠰᠡᠵᠦ ᠪᠠᠶᠢᠨ᠎ᠠ᠃ ᠪᠢᠳᠡ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠪᠥᠬᠦ ᠲᠠᠯ᠎ᠠ ᠶᠢᠨ ᠰᠢᠯᠢᠳᠡᠭ ᠣᠨᠣᠪᠴᠢᠲᠠᠶ ᠦᠢᠯᠡᠴᠢᠯᠡᠭᠡ ᠶᠢ ᠬᠠᠩᠭᠠᠨ᠎ᠠ᠃      ᠵᠧᠦ ᠾᠧᠩ ᠬᠦᠢ ᠺᠣᠮᠫᠠᠨᠢ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠲᠡᠷᠡ᠂ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠨᠢ ᠲᠡᠭᠦᠨ ᠳᠤ ᠮᠠᠰᠢ ᠭᠦᠨ ᠰᠠᠭᠤᠭᠳᠠᠯ ᠦᠯᠡᠳᠡᠭᠡᠵᠦ᠂ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠭᠦᠨ ᠵᠤᠵᠠᠭᠠᠨ᠂ ᠬᠥᠭᠵᠢᠯᠲᠡ ᠶᠢᠨ ᠢᠷᠡᠭᠡᠳᠦᠢ ᠰᠠᠷᠠᠭᠤᠯ ᠠᠭᠤᠳᠠᠮ ᠪᠠᠶᠢᠨ᠎ᠠ ᠭᠡᠪᠡ᠃ ᠺᠣᠮᠫᠠᠨᠢ ᠠᠴᠠ ᠬᠥᠨᠳᠡᠯᠡᠨ ᠲᠣᠭᠤᠷᠢᠭ ᠢ ᠠᠵᠤ ᠠᠬᠤᠶᠢᠯᠠᠯ ᠤᠨ ᠢᠷᠡᠭᠡᠳᠦᠢ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠴᠢᠬᠤᠯᠠ ᠬᠤᠳᠠ ᠪᠣᠯᠭᠠᠵᠤ᠂ ᠰᠣᠯᠢᠯᠴᠠᠭ᠎ᠠ ᠪᠠᠨ ᠴᠢᠩᠭᠠᠳᠬᠠᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠶᠢ ᠣᠨᠣᠪᠴᠢᠲᠠᠢ ᠵᠣᠯᠭᠠᠭᠤᠯᠵᠤ᠂ ᠠᠵᠤ ᠠᠬᠤᠶᠢᠯᠠᠯ ᠤᠨ ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠤᠨ ᠦᠢᠯᠡᠴᠢᠯᠡᠭᠡᠨ ᠤ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠬᠥᠨᠳᠡᠯᠡᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃    ᠲᠣᠭᠤᠷᠢᠭ ᠤᠨ ᠤᠳᠤᠷᠢᠳᠤᠯᠭ᠎ᠠ ᠯᠢ ᠵᠢᠶᠦ᠋ᠨ᠂ ᠶᠢᠨ ᠹᠸᠢ ᠯᠦᠩ᠂ ᠭᠠᠶ ᠢᠦᠶ᠂ ᠸᠠᠩ ᠰᠢᠤ ᠵᠢᠤᠸᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠢ ᠠᠭᠤᠯᠵᠠᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠹᠧᠩ ᠰᠢᠤᠸᠠᠢ    ᠬᠢᠨᠠᠨ ᠬᠠᠷᠭᠤᠭᠤᠯᠬᠤ᠄  ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号