ᠬᠥᠨᠳᠡᠯᠡᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ 2022 ᠣᠨ ᠤ ᠠᠩᠬᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2022/4/4
     3 ᠰᠠᠷ᠎ᠠ ᠶᠢᠨ 31 ᠤ ᠡᠳᠦᠷ᠂ ᠬᠥᠨᠳᠡᠯᠡᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ 2022 ᠣᠨ ᠤ ᠠᠩᠬᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃
      ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠬᠥᠨᠳᠡᠯᠡᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠬᠠᠤᠯᠢ ᠴᠠᠭᠠᠵᠠ ᠶᠢᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠨᠡᠴᠢᠯᠡᠵᠦ᠂ ︽ᠨᠢᠭᠡ ᠦᠷᠳᠡᠬᠡᠳᠤ ᠮᠠᠶ᠋ᠢᠭ︾ ᠤᠨ ᠣᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠵᠠᠷᠭᠤ ᠶᠢᠨ ᠦᠢᠯᠡᠴᠢᠯᠡᠭᠡ ᠬᠠᠩᠭᠠᠵᠤ᠂ ︽ᠰᠠᠯᠭᠠᠨ ᠰᠢᠯᠵᠢᠭᠦᠯᠬᠦ ᠪᠠ ᠰᠢᠭᠦᠨ ᠲᠠᠰᠤᠯᠬᠤ︾ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠡᠷᠬᠡ ᠠᠰᠢᠭ ᠲᠤ ᠬᠠᠯᠳᠠᠭᠰᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠪᠳᠡᠭᠰᠡᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠡᠭᠦᠷᠭᠡ ᠴᠢᠳᠠᠪᠤᠷᠢ ᠶᠢ ᠴᠢᠩᠭᠠᠷᠠᠭᠤᠯᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠳᠠᠲᠤ ᠶᠠᠪᠤᠳᠠᠯ ᠢ ᠪᠠᠲᠣᠯᠠᠬᠤ ᠪᠣᠭᠤᠮᠲᠠ ᠪᠠ ᠵᠢᠷᠤᠮ ᠤᠨ ᠪᠣᠭᠤᠮᠲᠠ ᠶᠢ ᠴᠢᠩᠭ᠎ᠠ ᠠᠳᠬᠤᠵᠤ᠂ ᠭᠦᠢᠴᠡᠳᠬᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ ᠵᠠᠷᠭᠤ ᠶᠢᠨ ᠦᠢᠯᠡᠴᠢᠯᠡᠭᠡ ᠶᠢ ᠲᠠᠰᠤᠷᠠᠯᠳᠠ ᠦᠭᠡᠢ ᠰᠢᠯᠢᠳᠡᠭᠵᠢᠭᠦᠯᠵᠤ᠂ ᠴᠢᠩᠭ᠎ᠠ ᠬᠦᠴᠦᠲᠡᠶ ᠬᠠᠤᠯᠢ ᠪᠠᠷᠢᠬᠤ ᠦᠢᠯᠡᠴᠢᠯᠡᠭᠡ ᠪᠠ ᠬᠠᠤᠯᠢ ᠴᠠᠭᠠᠵᠠ ᠶᠢᠨ ᠪᠠᠲᠤᠯᠠᠭ᠎ᠠ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃      ᠬᠥᠨᠳᠡᠯᠡᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠬᠢᠨᠠᠨ ᠬᠠᠮᠢᠶᠠᠷᠬᠤ ᠠᠯᠪᠠᠨ ᠬᠡᠷ ᠤᠨ ᠡᠷᠬᠢᠯᠡᠭᠴᠢ ᠮᠠ ᠵᠢᠶᠧ᠄ ︽3 ᠰᠠᠷ᠎ᠠ ᠶᠢᠨ 22 ᠤ ᠡᠳᠦᠷ᠂ ᠪᠢᠳᠡ ︿ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠠᠵᠢᠯ ᠤᠨ ᠲᠠᠰᠤᠭ﹀ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠲᠤ ︿ᠲᠦᠷᠭᠡᠨ ᠪᠠᠶᠢᠭᠤᠯᠵᠤ᠂ ᠲᠦᠷᠭᠡᠨ ᠰᠢᠭᠦᠵᠦ᠂ ᠲᠦᠷᠭᠡᠨ ᠭᠦᠢᠴᠡᠳᠬᠡᠬᠦ﹀ ᠪᠥᠬᠦ ᠶᠠᠪᠤᠴᠠ ᠶᠢᠨ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠪᠡ᠃ ᠬᠡᠷᠪᠡ ᠲᠤᠬᠠᠶ ᠶᠢᠨ ᠬᠥᠮᠦᠨ ᠡᠶᠡᠳᠡᠭᠦᠯᠬᠦ ᠪᠠᠷ ᠭᠤᠶᠤᠴᠢᠯᠠᠬᠤ ᠬᠦᠰᠡᠯ ᠲᠠᠢ ᠪᠠᠶᠢᠪᠠᠯ᠂ ᠪᠢᠳᠡ ᠵᠠᠷᠭᠤ ᠠᠴᠠ ᠡᠮᠦᠨᠡᠬᠢ ᠡᠶᠡᠳᠡᠭᠦᠯᠭᠡ ᠬᠢᠵᠦ᠂ ᠡᠶᠡᠳᠡᠭᠦᠯᠵᠤ ᠳᠠᠭᠤᠰᠣᠭᠰᠠᠨ ᠤ ᠲᠠᠷᠠᠭ᠎ᠠ ᠴᠠᠭ ᠲᠤᠬᠠᠶ ᠳᠤᠨᠢ ᠬᠠᠤᠯᠢ ᠴᠠᠭᠠᠵᠠ ᠶᠢᠨ ᠨᠤᠲᠠᠯᠠᠯᠲᠠ ᠥᠭᠭᠦᠨ᠎ᠡ᠂ ᠡᠶᠡᠳᠡᠭᠦᠯᠵᠤ ᠳᠡᠶᠢᠯᠬᠦ ᠦᠭᠡᠢ ᠪᠠᠶᠢᠪᠠᠯ᠂ ᠲᠡᠷᠡ ᠳᠠᠷᠤᠶ ᠳᠤᠨᠢ ᠳᠠᠭᠠᠭᠠᠨ ᠰᠢᠢᠳᠪᠦᠷᠢᠯᠡᠬᠦ ᠲᠢᠩᠬᠢᠮ ᠳᠤ ᠰᠢᠯᠵᠢᠭᠦᠯᠦᠨ ᠰᠢᠢᠳᠪᠦᠷᠢᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠲᠤ ᠨᠣᠭᠤᠭᠠᠨ ᠲᠡᠮᠳᠡᠭ ᠨᠠᠭᠠᠬᠤ ᠪᠠᠷ ᠳᠠᠮᠵᠢᠭᠤᠯᠤᠨ ᠲᠦᠷᠭᠡᠨ ᠰᠢᠭᠦᠬᠦ ᠪᠠ ᠲᠦᠷᠭᠡᠨ ᠭᠦᠢᠴᠡᠳᠬᠡᠬᠦ ᠶᠢ ᠰᠢᠭᠦᠭᠴᠢ ᠳᠤ ᠰᠠᠨᠠᠭᠤᠯᠤᠨ᠎ᠠ᠃ ᠡᠭᠦᠨ ᠤ ᠵᠡᠷᠭᠡ ᠳᠤ᠂ ᠠᠵᠤ ᠠᠬᠤᠶᠢᠯᠠᠯ ᠳᠤ ᠬᠤᠯᠪᠣᠭᠳᠠᠭᠰᠠᠨ ᠲᠤᠬᠠᠶ ᠶᠢᠨ ᠬᠥᠮᠦᠨ ᠳᠤ ᠬᠠᠤᠯᠢ ᠴᠠᠭᠠᠵᠠ ᠶᠢᠨ ᠵᠥᠪᠯᠡᠯᠭᠡ ᠬᠠᠩᠭᠠᠵᠤ᠂ ᠰᠢᠭᠦᠨ ᠲᠠᠰᠣᠯᠣᠯᠲᠠ ᠳᠠᠭᠤᠰᠣᠭᠰᠠᠨ ᠤ ᠳᠠᠷᠠᠭ᠎ᠠ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ᠎ᠠ︾ ᠭᠡᠵᠦ ᠲᠣᠭᠲᠠᠭᠠᠵᠠᠶ᠃      ᠣᠶᠢᠯᠠᠭᠠᠭᠰᠠᠨ ᠢᠶᠠᠷ᠂ 2021 ᠣᠨ ᠤ 1 ᠰᠠᠷ᠎ᠠ ᠶᠢᠨ 1 ᠤ ᠡᠳᠦᠷ ᠠᠴᠠ 2022 ᠣᠨ ᠤ 3 ᠰᠠᠷ᠎ᠠ ᠶᠢᠨ 30 ᠤ ᠡᠳᠦᠷ ᠪᠣᠯᠲᠠᠯ᠎ᠠ᠂ ᠬᠥᠨᠳᠡᠯᠡᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠡᠯ᠎ᠡ ᠲᠥᠷᠥᠯ ᠤᠨ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠨᠡᠶᠢᠲᠡ 8218 ᠭᠥᠯᠢᠶᠡᠨ ᠠᠪᠴᠤ ᠰᠢᠢᠳᠪᠦᠷᠢᠯᠡᠵᠡᠶ᠂ ᠡᠭᠦᠨ ᠳᠤ ᠠᠵᠤ ᠠᠬᠤᠶᠢᠯᠠᠯ ᠳᠤ ᠬᠤᠯᠪᠣᠭᠳᠠᠭᠰᠠᠨ ᠵᠠᠷᠭᠤ ᠶᠢᠨ ᠬᠡᠷᠡᠭ ᠢ 5596 ᠭᠥᠯᠢᠶᠡᠨ ᠠᠪᠴᠤ ᠰᠢᠢᠳᠪᠦᠷᠢᠯᠡᠵᠦ᠂ 5070 ᠬᠡᠷᠡᠭ ᠢ ᠰᠢᠭᠦᠨ ᠳᠠᠭᠤᠰᠬᠠᠵᠤ᠂ ᠰᠢᠭᠦᠨ ᠳᠠᠭᠤᠰᠬᠠᠭᠰᠠᠨ ᠨᠣᠷᠮ᠎ᠠ ᠨᠢ 90.60% ᠳᠤ ᠬᠦᠷᠴᠦ᠂ ᠠᠵᠤ ᠠᠬᠤᠶᠢᠯᠠᠯ ᠳᠤ ᠬᠤᠯᠪᠣᠭᠳᠠᠭᠰᠠᠨ ᠭᠦᠢᠴᠡᠳᠬᠡᠬᠦ ᠬᠡᠷᠡᠭ ᠢ 2622 ᠭᠥᠯᠢᠶᠡᠨ ᠠᠪᠴᠤ᠂ 2266 ᠬᠡᠷᠡᠭ ᠢ ᠭᠦᠢᠴᠡᠳᠬᠡᠨ ᠳᠠᠭᠤᠰᠬᠠᠵᠤ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 86.42% ᠲᠤ ᠬᠦᠷᠴᠦ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠷᠭᠤ ᠶᠢᠨ ᠨᠢᠭᠡᠳᠦᠭᠡᠷ ᠰᠢᠭᠦᠯᠲᠡ ᠳᠤ ᠲᠥᠬᠦᠮ ᠵᠢᠷᠤᠮ ᠢ ᠬᠡᠷᠡᠭᠯᠡᠭᠰᠡᠨ ᠨᠣᠷᠮ᠎ᠠ ᠨᠢ 53.52% ᠲᠤ ᠬᠦᠷᠴᠦ᠂ 786 ᠬᠡᠷᠡᠭ ᠢ ᠡᠶᠡᠳᠡᠭᠦᠯᠵᠦ᠂ ᠵᠠᠭᠠᠯᠳᠣᠯᠭ᠎ᠠ ᠪᠠᠨ ᠪᠣᠴᠠᠭᠠᠭᠰᠠᠨ ᠨᠢ ᠨᠡᠶᠢᠲᠡ 1674 ᠬᠡᠷᠡᠭ ᠪᠠᠶᠢᠨ᠎ᠠ᠃ ︵ᠰᠤᠷᠪᠤᠯᠵᠢᠯᠠᠭᠴᠢ᠄ ᠸᠠᠩ ᠬᠠᠨ ᠰᠢᠶᠣᠤ᠂ ᠯᠢᠦ ᠵᠧᠨ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号