ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ᠂ ᠶᠢᠨ ᠶᠦᠩ ᠯᠢ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/4/4
     3 ᠰᠠᠷ᠎ᠠ ᠶᠢᠨ 30 ᠤ ᠦᠳᠡ ᠶᠢᠨ ᠬᠤᠶᠢᠨ᠎ᠠ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠵᠣᠬᠢᠶᠠᠨ ᠪᠠᠶᠢᠭᠤᠯᠣᠯᠲᠠ᠂ ᠣᠬᠠᠭᠤᠯᠭ᠎ᠠ᠂ ᠨᠢᠭᠡᠳᠦᠮᠡᠯ ᠹᠷᠣᠨᠲ ᠪᠠ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ 2021 ᠣᠨ ᠤ ᠪᠦᠬᠦ ᠬᠤᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠶ ᠵᠦᠢᠯ ᠢ ᠰᠢᠪᠠᠳᠠᠨ ᠪᠠᠶᠢᠴᠠᠭᠠᠬᠤ ᠪᠠᠶᠢᠳᠠᠯ ᠢ ᠮᠡᠳᠡᠭᠳᠡᠬᠦ ᠵᠣᠷᠢᠭ ᠰᠠᠨᠠᠭ᠎ᠠ᠂ ᠪᠥᠬᠦ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠶ ᠰᠢᠪᠠᠳᠠᠨ ᠪᠠᠶᠢᠴᠠᠭᠠᠬᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠥᠨᠳᠡᠯᠡᠨ ᠲᠣᠭᠤᠷᠢᠭ ︿ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠬᠦᠨᠳᠦ ᠠᠰᠠᠭᠤᠳᠠᠯ ᠢ ᠵᠠᠰᠠᠬᠤ᠂ ᠲᠣᠭᠲᠠᠭᠤᠨ ᠢ ᠠᠬᠢᠭᠤᠯᠬᠤ﹀ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︽ᠬᠥᠨᠳᠡᠯᠡᠨ ᠲᠣᠭᠤᠷᠢᠭ ᠤᠨ ᠰᠤᠷᠲᠠᠯ ᠤᠨ ᠪᠠᠶᠢᠭᠤᠯᠤᠯᠲᠠ ᠶᠢ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠶ ᠲᠥᠰᠦᠯ︾ ᠢ ᠬᠢᠨᠠᠨ ᠵᠥᠪᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠡᠷᠭᠢᠯᠡᠪᠡ᠃
     ᠬᠤᠷᠠᠯ ᠠᠴᠠ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠠᠮ ᠤᠨ ᠲᠥᠪ ᠬᠤᠷᠢᠶᠠᠨ ᠠᠴᠠ ᠨᠠᠮ ᠤᠨ ᠥᠪᠡᠷ ᠤᠨ ᠬᠤᠪᠢᠰᠬᠠᠯ ᠬᠢᠬᠦ ᠂ ᠨᠠᠮ ᠤᠨ ᠲᠡᠷᠢᠭᠦᠨ ᠤ ᠴᠢᠨᠠᠷ ᠪᠣᠯᠤᠨ ᠴᠡᠪᠡᠷ ᠴᠢᠨᠠᠷ ᠤᠨ ᠲᠥᠯᠥᠪᠯᠡᠭᠡ ᠢ ᠪᠠᠲᠤᠯᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠥᠭᠵᠢᠭᠦᠯᠬᠦ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠃ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠵᠢᠷᠤᠮᠯᠠᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠠᠶᠢᠭᠤᠯᠣᠨ᠎ᠠ᠃      ᠬᠤᠷᠠᠯ ᠠᠴᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠹᠠᠨ ᠯᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠶᠠᠷᠢᠶᠠᠨ ᠤ ᠱᠠᠭᠠᠷᠳᠠᠯᠭ᠎ᠠ ᠶᠣᠰᠣᠭᠠᠷ ︽ᠪᠣᠳᠠᠲᠠᠶ ᠳᠤ ᠠᠵᠢᠯᠯᠠᠵᠤ᠂ ᠡᠮᠦᠨ᠎ᠡ ᠡᠩᠨᠡᠭᠡᠨ ᠳᠤ ᠠᠯᠬᠤᠵᠦ᠂ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ︾ ᠠᠵᠢᠯ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠨᠳᠡᠯᠡᠨ ᠲᠣᠭᠤᠷᠢᠭ ᠤᠨ ᠪᠣᠳᠠᠲᠠᠶ ᠲᠠᠢ ᠤᠶᠠᠯᠳᠤᠭᠤᠯᠤᠨ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠪᠥᠬᠦ ᠲᠣᠭᠤᠷᠢᠭ ᠤᠨ ᠵᠣᠬᠢᠶᠠᠨ ᠪᠠᠶᠢᠭᠤᠯᠣᠯᠲᠠ᠂ ᠣᠬᠠᠭᠤᠯᠭ᠎ᠠ᠂ ᠨᠢᠭᠡᠳᠦᠮᠡᠯ ᠹᠷᠣᠨᠲ ᠪᠠ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠣᠨ᠎ᠠ᠃ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠠᠷᠢᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ︽ᠬᠠᠳᠠᠭᠠᠯᠠᠯᠲᠠ ᠶᠢ ᠪᠠᠭᠠᠰᠬᠠᠬᠤ᠂ ᠨᠡᠮᠡᠭᠳᠡᠯ ᠢ ᠪᠠᠭᠠᠰᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ︾ ᠶᠢ ᠲᠦᠯᠬᠢᠨ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃      ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠡᠷᠢᠵᠦ᠂ ᠳᠣᠣᠷ᠎ᠠ ᠨᠢ ᠬᠡᠷᠡᠭᠵᠢᠭᠦᠯᠵᠦ ᠳᠣᠣᠷ᠎ᠠ ᠨᠢ ᠥᠭᠡᠷᠡᠴᠢᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠣᠭᠤᠷᠢᠭ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠥᠭᠡᠳᠡᠯᠡᠨ ᠰᠠᠶᠢᠵᠢᠷᠠᠬᠤ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠰᠤᠷᠲᠠᠯ ᠤᠨ ᠪᠠᠶᠢᠭᠤᠯᠤᠯᠲᠠ ᠶᠢᠨ ᠰᠤᠷᠤᠯᠴᠠᠯᠭ᠎ᠠ ᠦᠢᠯᠡᠳᠦᠯᠭᠡ ᠶᠢ ᠴᠢᠩᠭᠠᠳᠬᠠᠬᠤ ᠠᠵᠢᠯᠯᠠᠭ᠎ᠠ ᠶᠢ ᠥᠷᠨᠢᠭᠦᠯᠵᠦ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠦᠳᠲᠡᠷ ᠲᠦᠷᠭᠡᠨ ᠬᠥᠳᠡᠯᠦᠯᠴᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠷᠢᠨ ᠬᠢᠨᠠᠮᠠᠭᠠᠢ ᠬᠡᠷᠡᠭᠵᠢᠭᠦᠯᠦᠨ ᠦᠷ᠎ᠡ ᠪᠦᠲᠦᠮᠵᠢ ᠣᠯᠵᠤ᠂ ᠬᠡᠪ ᠴᠢᠨᠠᠷ ᠢᠶᠠᠷ ᠰᠠᠶᠢᠨ᠂ ᠣᠪᠣᠷ ᠰᠤᠷᠲᠠᠯ ᠢᠶᠠᠷ ᠰᠠᠶᠢᠨ ᠪᠦᠭᠡᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠣᠳᠣᠯᠣᠨ ᠶᠠᠷᠢᠯᠴᠠᠪᠠ᠃ ︵ᠰᠤᠷᠪᠤᠯᠵᠢᠯᠠᠭᠴᠢ᠄ ᠭᠤᠤ ᠰᠢᠤᠢ   ᠬᠢᠨᠠᠨ ᠬᠠᠷᠭᠤᠭᠤᠯᠤᠭᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号