ᠤᠯᠤᠰ ᠲᠦᠷᠦ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠩᠬᠠᠳᠤᠭᠠᠷ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/4/4
     3 ᠰᠠᠷ᠎ᠠ ᠶᠢᠨ 29 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠩᠬᠠᠳᠤᠭᠠᠷ ᠬᠤᠷᠠᠯ ᠬᠤᠷᠠᠯᠳᠤᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠦ᠋ ᠸᠧᠨ ᠴᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ ᠲᠡᠷᠢᠭᠦᠯᠡᠭᠴᠢ ᠨᠢᠦ ᠱᠢ ᠸᠠᠩ᠂ ᠵᠣᠣ ᠳ᠋ᠠᠨ ᠮᠧᠶ᠂ ᠯᠢᠦ ᠹᠧᠩ᠂ ᠭᠤᠤ ᠮᠢᠩ ᠬᠤᠷᠠᠯ ᠳᠤ ᠣᠷᠣᠯᠴᠠᠪᠠ᠃
     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢ ᠬᠢᠨᠠᠨ ᠵᠥᠪᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠳᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠭᠡᠰᠢᠭᠦᠨ ᠤ 2022 ᠣᠨ ᠤ ᠠᠵᠢᠯ ᠤᠨ ᠭᠤᠤᠯᠳᠠᠯᠭ᠎ᠠ︾ ︽ᠬᠥᠨᠳᠡᠯᠡᠨ ᠲᠣᠭᠤᠷᠢᠭ ᠤᠨ 2022 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ︾᠂ ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠲᠤᠰᠬᠠᠶ ᠵᠥᠪᠯᠡᠯ ᠤᠨ ᠪᠠᠶᠢᠷᠢᠯᠠᠭᠤᠯᠤᠯᠲᠠ ᠵᠢᠴᠢ ᠠᠵᠢᠯᠲᠠᠨ ᠤ ᠶᠠᠪᠤᠳᠠᠯ ᠤᠨ ᠵᠦᠢᠯᠡᠰ᠂ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠬᠤᠷᠢᠶᠠᠨ ᠤ ᠵᠥᠪᠯᠡᠬᠦ ᠠᠵᠢᠯ ᠤᠨ ᠠᠷᠭ᠎ᠠ︾ ᠵᠡᠷᠭᠡ 6 ᠵᠦᠢᠯ ᠤᠨ ᠲᠦᠷᠢᠮ ᠢ ᠬᠢᠨᠠᠨ ᠵᠥᠪᠯᠡᠵᠦ ᠪᠠᠲᠤᠯᠠᠪᠠ᠃      ᠡᠦ ᠸᠧᠨ ᠴᠢᠩ᠂ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠬᠤᠷᠠᠯ ᠲᠡᠭᠦᠰᠦᠭᠰᠡᠨ ᠬᠤᠭᠤᠴᠠᠭᠠᠨ ᠳᠤ ᠤᠯᠤᠰ ᠲᠥᠷᠥ ᠶᠢᠨ ᠵᠥᠪᠯᠡᠯᠭᠡᠨ ᠤ ᠴᠢᠬᠤᠯᠠ ᠠᠵᠢᠯ ᠢ ᠰᠢᠢᠳᠪᠦᠷᠢᠯᠡᠬᠦ ᠨᠢ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠳᠤᠮᠳᠠ ᠲᠦᠢᠯ ᠤᠨ ᠴᠢᠬᠤᠯᠠ ᠪᠠᠶᠢᠷᠢ ᠰᠠᠭᠤᠷᠢ ᠲᠠᠢ ᠪᠥᠭᠡᠳ ᠲᠦᠢᠯ ᠤᠨ ᠴᠢᠬᠤᠯᠠ ᠦᠢᠯᠡᠳᠦᠯ ᠭᠠᠷᠭᠠᠵᠤ ᠪᠠᠶᠢᠳᠠᠭ᠃ ᠪᠦᠬᠦ ᠪᠠᠶᠢᠩᠭᠤ ᠶᠢᠨ ᠭᠡᠰᠢᠭᠦᠳ ᠪᠣᠯ ᠤᠯᠤᠰ ᠲᠥᠷᠥ ᠶᠢᠨ ᠵᠥᠪᠯᠡᠯᠭᠡᠨ ᠤ ᠠᠵᠢᠯ ᠥᠷᠨᠢᠭᠦᠯᠬᠦ ᠭᠤᠣᠯᠯᠠᠭᠴᠢ ᠬᠦᠴᠦᠨ ᠪᠠ ᠲᠤᠯᠭᠠᠭᠤᠷᠢ ᠬᠦᠴᠦᠨ ᠮᠥᠨ᠂ ᠰᠢ ᠶᠢᠨ ᠫᠢᠩ ᠶᠡᠷᠦᠩᠬᠡᠶ ᠱᠦᠵᠢ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠠᠶᠢᠩᠭᠤ ᠶᠢᠨ ᠬᠤᠷᠢᠶᠠᠨ ᠤ ᠪᠠᠶᠢᠷᠢ ᠰᠠᠭᠤᠷᠢ ᠪᠠ ᠦᠢᠯᠡᠳᠦᠯ ᠢ ᠲᠣᠳᠣᠷᠬᠠᠶᠢᠯᠠᠵᠤ᠂ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤ ᠶᠢᠨ ᠬᠤᠷᠢᠶᠠᠨ ᠤ ᠦᠢᠯᠡᠳᠦᠯ ᠢ ᠪᠠᠳᠠᠷᠠᠭᠤᠯᠬᠤ ᠪᠠ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠬᠦᠴᠦ ᠪᠠᠨ ᠬᠠᠮᠳᠣᠳᠬᠠᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠤᠮᠳᠠ ᠳᠠᠭᠠᠭᠤᠯᠬᠤ ᠦᠢᠯᠡᠳᠦᠯ ᠦᠵᠡᠭᠦᠯᠦᠨ᠎ᠡ᠃      ᠦ᠋ ᠸᠧᠨ ᠴᠢᠩ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠲᠦᠷᠦᠭᠦᠯᠡᠨ ᠤᠯᠤᠰ ᠲᠦᠷᠦ ᠶᠢ ᠡᠷᠬᠢᠮᠯᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠴᠢᠬᠤᠯᠠᠴᠢᠯᠠᠪᠠ᠃ ᠡᠭᠦᠷᠭᠡ ᠬᠠᠷᠢᠭᠤᠴᠠᠯᠭ᠎ᠠ ᠪᠠᠨ ᠲᠦᠷᠦᠭᠦᠯᠡᠨ ᠭᠦᠢᠴᠡᠳᠬᠡᠵᠦ᠂ ᠤᠯᠤᠰ ᠲᠦᠷᠦ ᠶᠢᠨ ᠵᠥᠪᠯᠡᠯᠭᠡᠨ ᠤ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠭᠦᠢᠴᠡᠳ ᠲᠠᠨᠢᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠨ᠎ᠡ᠃ ᠪᠡᠶ᠎ᠡ ᠪᠠᠷ ᠢᠶᠠᠨ ᠳᠠᠭᠠᠭᠤᠯᠣᠨ ᠪᠦᠯᠬᠦᠮᠳᠡᠯ ᠢ ᠡᠷᠬᠢᠮᠯᠡᠵᠦ᠂ ᠤᠬᠠᠮᠰᠠᠷ ᠠᠴᠠ ᠪᠠᠨ ᠬᠠᠮᠲᠤᠷᠠᠨ ᠠᠵᠢᠯᠯᠠᠬᠤ ᠵᠢᠱᠢᠶᠡᠴᠢ᠂ ᠠᠷᠠᠳᠴᠢᠯᠠᠯ ᠢ ᠪᠠᠳᠠᠷᠠᠭᠤᠯᠬᠤ ᠵᠢᠱᠢᠶᠡᠴᠢ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠵᠢᠱᠢᠶᠡᠴᠢ ᠪᠠ ᠪᠦᠯᠬᠦᠮᠳᠡᠯ ᠡᠶ᠎ᠡ ᠵᠣᠬᠢᠴᠠᠯ ᠲᠠᠢ ᠪᠠᠶᠢᠬᠤ ᠵᠢᠱᠢᠶᠡᠴᠢ ᠪᠣᠯᠬᠤ ᠬᠡᠷᠡᠭᠲᠡᠶ᠃ ᠲᠦᠷᠦᠭᠦᠯᠡᠨ ᠰᠤᠷᠲᠠᠯ ᠢᠶᠠᠨ ᠬᠤᠪᠢᠷᠠᠭᠤᠯᠵᠤ᠂ ᠴᠢᠩᠭ᠎ᠠ ᠨᠢᠮᠪᠠᠶ ᠵᠣᠷᠢᠭ ᠰᠠᠨᠠᠭ᠎ᠠ ᠪᠠ ᠪᠣᠳᠠᠲᠠᠶ ᠰᠤᠷᠲᠠᠯ ᠢᠶᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠲᠦᠯᠬᠢᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ ᠪᠣᠳᠠᠲᠤ ᠠᠵᠢᠯᠯᠠᠭ᠎ᠠ ᠶᠢᠨ ᠤᠷᠤᠭᠰᠢᠯᠠᠨ ᠲᠠᠪᠰᠢᠬᠤ ᠦᠯᠢᠭᠡᠷ ᠳᠠᠭᠤᠷᠢᠶᠠᠯ ᠪᠣᠯᠦᠨ᠎ᠡ᠃ ᠬᠤᠷᠢᠭ᠎ᠠ ᠱᠤᠭᠤᠮ ᠢ ᠰᠠᠬᠢᠵᠤ᠂ ᠪᠠᠶᠢᠩᠭᠤ ᠶᠢᠨ ᠬᠤᠷᠢᠶᠠᠨ ᠤ ᠡᠯ᠎ᠡ ᠵᠦᠢᠯ ᠤᠨ ᠰᠢᠢᠳᠪᠦᠷᠢ ᠲᠣᠭᠲᠠᠭᠠᠯ ᠢ ᠬᠡᠷᠡᠭᠵᠢᠭᠦᠯᠵᠦ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠠᠶᠢᠨ ᠰᠠᠶᠢᠬᠠᠨ ᠬᠤᠪᠢ ᠬᠥᠮᠦᠨ ᠤ ᠵᠠᠩ ᠮᠣᠷᠠᠯ ᠢ ᠬᠥᠮᠦᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠲᠦᠷᠢ ᠲᠥᠷᠬᠦ ᠪᠠ ᠲᠤᠰ ᠪᠡᠶ᠎ᠡ ᠶᠢᠨ ᠲᠦᠷᠢ ᠲᠥᠷᠬᠦ ᠶᠢ ᠬᠠᠮᠠᠭᠠᠯᠠᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠦᠯᠢᠭᠡᠷ ᠳᠠᠭᠤᠷᠢᠶᠠᠯ ᠪᠣᠯᠭᠠᠨ᠎ᠠ᠃ ᠲᠤᠰ ᠬᠤᠷᠠᠯ ᠢᠶᠠᠷ ᠠᠵᠠ ᠲᠣᠬᠢᠶᠠᠯ ᠪᠣᠯᠭᠠᠨ ᠡᠭᠦᠷᠭᠡ ᠲᠤᠰᠢᠶᠠᠯ ᠢᠶᠠᠨ ᠴᠢᠷᠮᠠᠶᠢᠨ ᠭᠦᠢᠴᠡᠳᠬᠡᠵᠦ᠂ ᠨᠢᠭᠡ ᠬᠤᠪᠢ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠤᠷᠪᠤᠯᠵᠢᠯᠠᠭᠴᠢ᠄ ᠭᠤᠤ ᠰᠢᠤᠢ   ᠬᠢᠨᠠᠨ ᠬᠠᠷᠭᠤᠭᠤᠯᠤᠭᠰᠠᠨ ᠨᠢ᠄ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号