︽ᠪᠣᠯᠪᠠᠰᠤᠨ ᠦᠢᠯᠡᠳᠦᠯᠭᠡ ᠠᠵᠢᠯᠯᠠᠭ᠎ᠠ ᠳᠡᠭᠡᠷ᠎ᠡ ᠪᠠᠶᠢᠨ᠎ᠠ︾ ᠬᠥᠨᠳᠡᠯᠡᠨ ᠲᠣᠭᠤᠷᠢᠭ 2022 ᠣᠨ ᠤ ︽ᠬᠠᠩᠰᠢ ᠶᠢᠨ ᠡᠳᠦᠷ︾ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2022/4/5
   ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠥᠬᠦ ᠲᠠᠯ᠎ᠠ ᠪᠠᠷ ᠦᠢᠯᠡᠳᠦᠯᠭᠡᠵᠢᠭᠦᠯᠬᠦ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠬᠥᠨᠳᠡᠯᠡᠨ ᠲᠣᠭᠤᠷᠢᠭ 2022 ᠣᠨ ᠤ ︽ᠬᠠᠩᠰᠢ ᠶᠢᠨ ᠡᠳᠦᠷ︾ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠡᠷᠭᠢᠯᠡᠪᠡ᠃       ᠬᠦᠳᠡᠯᠭᠡᠭᠡᠨ ᠤ ᠲᠤᠬᠠᠶ ᠶᠢᠨ ᠲᠠᠯᠠᠪᠠᠶ ᠳᠤ᠂ ᠠᠵᠢᠯᠲᠠᠳ ᠪᠡᠯᠡᠳᠬᠡᠭᠰᠡᠨ ᠴᠠᠭᠠᠰᠤᠨ ᠰᠢᠪᠠᠭᠤ ᠪᠣᠯᠤᠨ ᠪᠤᠳᠤᠭ ᠢᠶᠠᠨ ᠬᠥᠨᠳᠡᠯᠡᠨ ᠲᠣᠭᠤᠷᠢᠭ ᠤᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠪᠣᠯᠤᠨ ᠬᠥᠨᠳᠡᠯᠡᠨ ᠲᠣᠭᠤᠷᠢᠭ ᠤᠨ ᠪᠠᠭᠠᠴᠤᠳ ᠤᠨ ᠣᠷᠳᠣᠨ ᠤ ᠰᠠᠶᠢᠨ ᠳᠤᠷ᠎ᠠ ᠶᠢᠨ ᠠᠵᠢᠯᠳᠠᠨ ᠳᠤ ᠬᠤᠪᠡᠶᠠᠨ ᠥᠭᠴᠦ᠂ ᠠᠵᠢᠯᠯᠠᠭ᠎ᠠ ᠳᠤ ᠣᠷᠣᠯᠴᠠᠭᠰᠠᠨ ᠭᠡᠷ ᠤᠨ ᠠᠬᠠᠮᠠᠳ ᠪᠣᠯᠤᠨ ᠬᠡᠦᠬᠡᠳ ᠤᠳ ᠲᠣᠭᠤᠷᠢᠨ ᠰᠠᠭᠤᠵᠤ᠂ ᠰᠠᠶᠢᠨ ᠳᠤᠷ᠎ᠠ ᠶᠢᠨ ᠠᠵᠢᠯᠲᠠᠳ ᠲᠠᠢ ᠬᠠᠮᠲᠤ ᠰᠡᠳᠬᠢᠨ ᠪᠤᠳᠤᠯᠳᠠ ᠪᠠᠨ ᠳᠡᠯᠭᠡᠨ ᠡᠪᠦᠭᠡ ᠳᠡᠭᠡᠳᠦᠰ ᠢᠶᠠᠨ ᠳᠤᠷᠠᠰᠤᠨ ᠰᠠᠨᠠᠭᠠᠯᠵᠠᠵᠤ ᠪᠠᠶᠢᠭ᠎ᠠ ᠰᠡᠳᠬᠢᠯᠭᠡ ᠪᠠᠨ ᠵᠢᠷᠤᠭ ᠤᠨ ᠪᠢᠷ ᠢᠶᠠᠷ ᠴᠠᠭᠠᠰᠤᠨ ᠰᠢᠪᠠᠭᠤᠨ ᠤ ᠳᠡᠭᠡᠷ᠎ᠡ ᠵᠢᠷᠣᠵᠦ ᠢᠯᠡᠳᠭᠡᠪᠡ᠃ ᠳᠠᠷᠠᠭ᠎ᠠ ᠨᠢ᠂ ᠤᠯᠠᠨ ᠢᠶᠠᠷ ᠢᠶᠠᠨ ᠰᠠᠭᠤᠭᠠᠯᠢ ᠠᠷᠠᠳ ᠤᠨ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠠᠯᠠᠪᠠᠢ ᠳᠤ ᠬᠦᠷᠴᠦ᠂ ᠴᠠᠭᠠᠰᠤᠨ ᠰᠢᠪᠠᠭᠤ ᠪᠠᠨ ᠨᠢᠰᠬᠡᠵᠦ᠂ ᠪᠠᠶᠠᠷ ᠪᠠᠶᠠᠰᠬᠤᠯᠠᠩ ᠤᠨ ᠳᠤᠮᠳᠠ ᠤᠷᠢᠬᠠᠨ ᠬᠠᠪᠤᠷ ᠤᠨ ᠰᠠᠶᠢᠬᠠᠨ ᠢ ᠮᠡᠳᠡᠷᠡᠪᠡ᠃
     ︽ᠬᠡᠦᠬᠡᠳ ᠤᠳ ᠡ᠂ ᠬᠠᠩᠰᠢ ᠶᠢᠨ ᠲᠤᠬᠠᠶ ᠰᠢᠯᠦᠭ ᠤᠳ ᠶᠠᠭᠤ ᠶᠠᠭᠤ ᠪᠠᠶᠢᠳᠠᠭ ᠢ ᠲᠠ ᠨᠠᠷ ᠮᠡᠳᠡᠨ᠎ᠡ ᠤᠤ︖︾ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠤᠨᠤᠯ ᠢ ᠤᠬᠠᠭᠤᠯᠤᠨ ᠲᠠᠶᠢᠯᠪᠤᠷᠢᠯᠠᠬᠤ ᠪᠦᠯᠬᠦᠮ ᠠᠴᠠ ᠢᠷᠡᠭᠰᠡᠨ ᠯᠧ ᠵᠢᠦ ᠪᠠᠭᠰᠢ ᠬᠡᠦᠬᠡᠳ ᠤᠳ ᠠᠴᠠ ᠠᠰᠠᠭᠤᠯᠲᠠ ᠠᠰᠠᠭᠤᠬᠤ ᠳᠤ ᠬᠡᠦᠬᠡᠳ ᠤᠳ ᠢᠳᠡᠪᠬᠢᠲᠠᠢ ᠬᠠᠷᠢᠭᠤᠯᠣᠨ᠎ᠠ᠃
     ᠵᠠᠯᠭᠠᠭᠠᠳ ᠯᠧ ᠵᠢᠦ ᠪᠠᠭᠰᠢ ︽ᠬᠠᠩᠰᠢ ᠶᠢᠨ ᠡᠳᠦᠷ ᠲᠤ ᠬᠠᠩᠰᠢ ᠶᠢᠨ ᠡᠳᠦᠷ ᠢ ᠶᠠᠷᠢᠬᠤ︾ ᠭᠡᠬᠦ ᠦᠯᠢᠭᠡᠷ ᠢᠶᠠᠷ ᠣᠯᠠᠨ ᠢ ᠳᠠᠭᠠᠭᠤᠯᠤᠨ ᠬᠠᠩᠰᠢ ᠶᠢᠨ ᠡᠳᠦᠷ ᠤᠨ ᠢᠷᠡᠯᠲᠡ ᠪᠠ ᠳᠣᠮᠤᠭ ᠢ ᠣᠶᠢᠯᠠᠭᠠᠭᠤᠯᠵᠤ᠂ ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠤᠯᠪᠠ᠃
      ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠶᠢᠨ ᠲᠥᠯᠥᠭᠡ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠪᠠᠰᠠ 300 ᠰᠣᠷᠭᠤᠭ ᠴᠡᠴᠡᠭ ᠪᠡᠯᠡᠳᠬᠡᠵᠦ᠂ ︽ᠰᠣᠷᠭᠤᠭ ᠴᠡᠴᠡᠭ ᠢᠶᠠᠷ ᠳᠣᠶ᠋ᠢᠩ ᠤᠨ ᠴᠠᠭᠠᠰᠤ ᠰᠣᠯᠢᠬᠤ︾ ᠠᠵᠢᠯᠯᠠᠭ᠎ᠠ ᠥᠷᠨᠢᠭᠦᠯᠪᠡ᠃ ᠬᠦᠨᠳᠡᠯᠡᠨ ᠲᠣᠭᠤᠷᠢᠭ ᠤᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠭᠠᠵᠠᠷ ᠤᠨ ᠠᠵᠢᠯᠲᠠᠨ ᠯᠢ ᠪᠥᠸᠧ ᠢᠦᠶ ᠰᠤᠷᠪᠤᠯᠵᠢᠯᠠᠭᠴᠢ ᠳᠤ᠄ ︽ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ᠂ ᠡᠳᠦᠷ ᠪᠦᠷᠢ ᠶᠢᠨ ᠦᠳᠡ ᠶᠢᠨ ᠡᠮᠦᠨ᠎ᠡ ᠬᠦᠨᠳᠡᠯᠡᠨ ᠲᠣᠭᠤᠷᠢᠭ ᠤᠨ ᠨᠡᠶᠢᠲᠡ ᠶᠢᠨ ᠣᠩᠭᠤᠨ ᠪᠠ ᠸᠠᠨ ᠱᠸᠦ ᠳᠠᠩ ᠨᠡᠶᠢᠲᠡ ᠶᠢᠨ ᠣᠩᠭᠤᠨ ᠳᠤ ᠡᠨᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠂ ᠣᠳᠣᠬᠠᠨ ᠳᠤ ᠬᠤᠲᠠ ᠶᠢᠨ ᠠᠷᠠᠳ ᠲᠤ ᠬᠡᠷᠡᠭᠯᠡᠬᠦ ᠰᠣᠷᠭᠤᠭ ᠴᠡᠴᠡᠭ ᠢ ᠨᠢᠭᠡᠨᠲᠡ 15000 ᠬᠤᠪᠢ ᠪᠡᠯᠡᠳᠬᠡᠵᠦ ᠪᠠᠶᠢᠨ᠎ᠠ︾ ᠭᠡᠵᠡᠶ᠃
     ︽ᠡᠨᠡ ᠤᠳᠠᠭ᠎ᠠ᠂ ᠪᠢᠳᠡ ︿ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ﹀ ︿ᠦᠯᠢᠭᠡᠷ ᠶᠠᠷᠢᠬᠤ﹀ ︿ᠰᠢᠨ᠎ᠡ ᠰᠤᠷᠲᠠᠯ ᠢ ᠪᠤᠢ ᠪᠣᠯᠭᠠᠬᠤ﹀ ᠭᠤᠷᠪᠠᠨ ᠲᠠᠯ᠎ᠠ ᠠᠴᠠ ᠭᠠᠷᠳᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ︾ ᠭᠡᠵᠦ ᠬᠥᠨᠳᠡᠯᠡᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢᠦ ᠨᠢᠩ ᠰᠤᠷᠪᠤᠯᠵᠢᠯᠠᠭᠴᠢ ᠳᠤ ᠬᠡᠯᠡᠪᠡ᠃ ᠵᠠᠯᠭᠠᠭᠠᠳ ᠬᠥᠨᠳᠡᠯᠡᠨ ᠲᠣᠭᠤᠷᠢᠭ ᠤᠨ ᠬᠢᠨ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠦᠷᠳᠡᠭᠡ ᠳᠤ ᠲᠦᠰᠢᠭᠯᠡᠵᠦ᠂ ᠬᠤᠪᠢᠰᠬᠠᠯ ᠤᠨ ᠰᠣᠩᠭᠤᠳᠠᠭ ᠵᠣᠬᠢᠶᠠᠯ ᠢ ᠤᠩᠰᠢᠬᠤ᠂ ᠬᠤᠪᠢᠰᠬᠠᠯ ᠤᠨ ᠺᠢᠨᠣ᠋ ᠦᠵᠡᠭᠦᠯᠬᠦ ᠪᠠ ᠬᠤᠪᠢᠰᠬᠠᠯᠲᠤ ᠳᠠᠭᠤᠤ ᠳᠠᠭᠤᠯᠠᠬᠤ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠨ ᠢᠶᠠᠷ ᠣᠩᠭᠤᠨ ᠲᠠᠬᠢᠬᠤ ᠶᠢ ᠤᠬᠠᠭᠤᠯᠬᠤ ᠶᠢᠨ ᠬᠠᠮᠲᠤ᠂ ᠵᠠᠩ ᠳᠠᠳᠬᠠᠯ ᠢ ᠥᠭᠡᠷᠡᠴᠢᠯᠡᠬᠦ ︽ᠪᠣᠬᠢᠷᠲᠤᠯ ᠦᠬᠡᠢ︾ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠢ ᠬᠦᠳᠦᠯᠦᠨ ᠳᠠᠭᠠᠭᠤᠯᠵᠤ ᠠᠷᠠᠳ ᠤᠨ ᠵᠠᠩ ᠦᠢᠯᠡ ᠶᠢᠨ ᠠᠵᠢᠯᠯᠠᠭᠠᠨ ᠤ ᠳᠤᠮᠳᠠ ᠤᠯᠠᠮᠵᠢᠯᠠᠯᠲᠤ ᠰᠣᠶᠣᠯ ᠢ ᠤᠢᠢᠯᠠᠭᠠᠭᠤᠯᠦᠨ᠎ᠡ᠃ ︵ᠰᠤᠷᠪᠤᠯᠵᠢᠯᠠᠭᠴᠢ᠄ ᠯᠢ ᠵᠧ᠂ ᠵᠠᠩ ᠯᠸᠢ᠂ ᠰᠢᠶᠠ ᠫᠧᠩ ᠹᠸᠢ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号