ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠨ᠎ᠡ︕ 31 ᠳ᠋ᠦᠭᠡᠷ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠢ ᠡᠬᠢᠯᠡᠭᠦᠯᠪᠡ
ᠨᠡᠶᠢᠲᠡᠯᠡᠭᠰᠡᠨ ᠴᠠᠭ᠄
2022/4/5
      ᠡᠬᠡ ᠭᠠᠵᠠᠷ ᠲᠤ ᠬᠠᠪᠤᠷ ᠤᠨ ᠤᠷᠢᠬᠠᠨ ᠰᠠᠯᠬᠢ ᠰᠠᠯᠬᠢᠯᠠᠵᠦ᠂ ᠴᠡᠴᠡᠭ ᠬᠤᠸᠠᠷ ᠮᠢᠷᠠᠯᠵᠠᠨ ᠳᠡᠯᠭᠡᠷᠡᠵᠦ᠂ ︽ᠠᠷᠠᠳ ᠲᠤ ᠲᠥᠬᠦᠮ ᠦᠵᠡᠭᠦᠯᠬᠦ ᠭᠠᠶᠢᠯᠢ ᠲᠣᠰᠢᠶᠠᠯᠲᠠ︾ ᠤᠷᠢᠬᠠᠨ ᠰᠠᠯᠬᠢ ᠶᠢ ᠳᠠᠭᠠᠯᠳᠤᠨ ᠪᠥᠬᠦ ᠤᠯᠤᠰ ᠤᠨ 31 ᠳ᠋ᠦᠭᠡᠷ ᠬᠤᠭᠤᠴᠠᠭᠠᠨ ᠤ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠪᠣᠯᠵᠤᠭ᠎ᠠ ᠶᠣᠰᠣᠭᠠᠷ ᠬᠦᠷᠴᠦ ᠢᠷᠡᠪᠡ᠃ 4 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠦ ᠨᠢᠩ ᠲᠠᠯᠠᠪᠠᠶ ᠳᠤ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠬᠥᠨᠳᠡᠯᠡᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠲᠦᠷᠦᠭᠦᠤ ᠪᠦᠯᠦᠭ ᠭᠠᠶᠢᠯᠢ ᠲᠠᠲᠠᠪᠤᠷᠢ ᠶᠢᠨ ᠰᠠᠶᠢᠨ ᠳᠤᠷ᠎ᠠ ᠶᠢᠨ ᠠᠵᠢᠯᠯᠠᠭᠴᠢᠳ ᠤᠨ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠵᠦ᠂ ︽ᠭᠠᠶᠢᠯᠢ ᠲᠠᠲᠠᠪᠤᠷᠢ ᠶᠢᠨ ᠬᠠᠷᠠᠭᠠᠯᠵᠠᠯ ᠢᠶᠠᠷ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ︾ ᠪᠠᠷ ᠭᠤᠤᠯ ᠰᠡᠳᠦᠪ ᠪᠣᠯᠭᠠᠭᠰᠠᠨ 31 ᠳ᠋ᠦᠭᠡᠷ ᠪᠥᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ  ᠢ ᠡᠬᠢᠯᠡᠭᠦᠯᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠨ ᠵᠥᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠵᠣᠴᠢᠳ ᠠᠴᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠡᠯᠰᠡᠭᠰᠡᠨ 21 ᠨᠡᠷᠡᠰ ᠵᠣᠬᠢᠬᠤ ᠭᠠᠶᠢᠯᠢ ᠲᠠᠲᠠᠪᠤᠷᠢ ᠶᠢᠨ ᠲᠤᠰᠬᠠᠢ ᠮᠡᠷᠭᠡᠵᠢᠯ ᠤᠨ ᠮᠡᠳᠡᠯᠭᠡ ᠪᠠ ᠤᠷ᠎ᠠ ᠴᠢᠳᠠᠪᠤᠷᠢ ᠲᠠᠢ ᠰᠠᠶᠢᠨ ᠳᠤᠷ᠎ᠠ ᠶᠢᠨ ᠠᠵᠢᠯᠳᠠᠨ ᠳᠤ ᠰᠠᠶᠢᠨ ᠳᠤᠷ᠎ᠠ ᠶᠢᠨ ᠠᠵᠢᠯᠳᠠᠨ ᠤ ᠦᠨᠡᠮᠯᠡᠯ ᠣᠯᠭᠤᠵᠤ᠂ ᠭᠠᠶᠢᠯᠢ ᠲᠠᠲᠠᠪᠤᠷᠢ ᠶᠢᠨ ᠰᠠᠶᠢᠨ ᠳᠤᠷ᠎ᠠ ᠶᠢᠨ ᠠᠵᠢᠯᠳᠠᠨ ᠤ ᠲᠥᠯᠥᠭᠡᠯᠡᠭᠴᠢ ᠲᠠᠩᠭᠠᠷᠢᠭᠯᠠᠬᠤ ᠶᠢᠨ ᠬᠠᠮᠲᠣ ᠭᠠᠷ ᠤᠨ ᠦᠰᠦᠭ ᠵᠢᠷᠤᠪᠠ᠃ ᠰᠠᠶᠢᠨ ᠳᠤᠷ᠎ᠠ ᠶᠢᠨ ᠠᠵᠢᠯᠳᠠᠳ ᠲᠤᠬᠠᠶ ᠶᠢᠨ ᠲᠠᠯᠠᠪᠠᠶ ᠳᠤ ︽ᠰᠠᠶᠢᠨ ᠳᠤᠷ᠎ᠠ ᠶᠢᠨ ᠦᠢᠯᠡᠴᠢᠯᠡᠭᠡ ᠠᠵᠢᠯᠯᠠᠭ᠎ᠠ ᠳᠡᠭᠡᠷ᠎ᠡ ᠪᠠᠨ ᠪᠠᠶᠢᠬᠤ︾ ᠬᠦᠳᠡᠯᠭᠡᠭᠡᠨ ᠢ ᠥᠷᠨᠢᠭᠦᠯᠵᠦ᠂ ᠭᠠᠶᠢᠯᠢ ᠲᠤᠰᠢᠶᠠᠭᠴᠢ ᠳᠤ ᠬᠠᠮᠤᠭ ᠤᠨ ᠰᠢᠨ᠎ᠡ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ︽ᠲᠣᠮᠣ ᠪᠡᠯᠡᠭ︾ ᠬᠦᠷᠭᠡᠵᠡᠶ᠃
     ︽ᠰᠠᠶᠢᠨ ᠳᠤᠷ᠎ᠠ ᠶᠢᠨ ᠦᠢᠯᠡᠴᠢᠯᠡᠭᠡ ᠠᠵᠢᠯᠯᠠᠭ᠎ᠠ ᠳᠡᠭᠡᠷ᠎ᠡ ᠪᠠᠨ ᠪᠠᠶᠢᠬᠤ︾ ᠬᠦᠳᠡᠯᠭᠡᠭᠡᠨ ᠤ ᠳᠤᠮᠳᠠ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠪᠠᠶᠢᠭᠤᠯᠤᠭᠰᠠᠨ ︽ᠭᠠᠶᠢᠯᠢ ᠲᠠᠲᠠᠪᠤᠷᠢ ᠶᠢᠨ ᠬᠠᠷᠠᠭᠠᠯᠵᠠᠯ ᠢᠶᠠᠷ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ︾ ᠭᠠᠶᠢᠯᠢ ᠶᠢᠨ ᠤᠬᠠᠭᠤᠯᠭ᠎ᠠ ᠶᠢᠨ ᠰᠠᠷ᠎ᠠ ᠶᠢᠨ ᠭᠤᠣᠯ ᠰᠡᠳᠦᠪᠲᠦ ᠭᠠᠷ ᠤᠨ ᠦᠰᠦᠭ ᠵᠢᠷᠤᠬᠤ ᠬᠡᠷᠡᠮ ᠪᠣᠯᠤᠨ ᠪᠦᠲᠦᠭᠡᠯᠴᠢ ᠭᠡᠷᠡᠯ ᠵᠢᠷᠤᠭ ᠲᠠᠲᠠᠬᠤ ᠺᠠᠷᠲ ᠴᠣᠭᠤᠯᠬᠤ ᠭᠠᠵᠠᠷ ᠨᠢ ᠥᠷᠭᠡᠨ ᠤᠯᠠᠨ ᠰᠠᠭᠤᠭᠠᠯᠢ ᠠᠷᠠᠳ ᠤᠨ ᠠᠩᠬᠠᠷᠤᠯ ᠢ ᠲᠠᠲᠠᠵᠤ᠂ ᠤᠯᠠᠨ ᠢᠶᠠᠷ ᠢᠶᠠᠨ ᠬᠦᠷᠦᠯᠴᠡᠨ ᠢᠷᠡᠵᠦ ᠰᠡᠭᠦᠳᠡᠷ ᠲᠠᠲᠠᠬᠤ ᠶᠢᠨ ᠬᠠᠮᠲᠤ ᠭᠠᠷ ᠤᠨ ᠦᠰᠦᠭ ᠵᠢᠷᠤᠬᠤ ᠬᠡᠷᠡᠮ ᠳᠡᠭᠡᠷ᠎ᠡ ᠪᠠᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠤᠬᠠᠢ ᠬᠦᠰᠡᠯ ᠡᠷᠡᠮᠡᠯᠵᠡᠯ ᠪᠣᠯᠤᠨ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠠᠪᠤᠴᠠ ᠳᠤ ᠦᠨᠡᠨ ᠪᠣᠳᠠᠲᠠᠢ ᠲᠦᠷᠦᠭᠳᠡᠯ ᠦᠯᠡᠳᠡᠭᠡᠵᠡᠢ᠃ ᠡᠭᠦᠨ ᠤ ᠬᠠᠮᠲᠤ᠂ ᠲᠤᠬᠠᠶ ᠶᠢᠨ ᠲᠠᠯᠠᠪᠠᠶ ᠳᠤ ᠭᠠᠶᠢᠯᠢ ᠲᠠᠲᠠᠪᠤᠷᠢ ᠶᠢᠨ ᠮᠡᠳᠡᠯᠭᠡ ᠶᠢᠨ ᠵᠦᠪᠯᠡᠯᠭᠡ ᠦᠭᠬᠦ ᠲᠠᠪᠴᠠᠩ ᠭᠠᠷᠭᠠᠵᠤ᠂ ᠭᠠᠶᠢᠯᠢ ᠶᠢᠨ ᠶᠠᠪᠤᠳᠠᠯ ᠤᠨ ᠠᠵᠢᠯᠲᠠᠨ ᠪᠠ ᠭᠠᠶᠢᠯᠢ ᠲᠠᠲᠠᠪᠤᠷᠢ ᠶᠢᠨ ᠰᠠᠶᠢᠨ ᠳᠤᠷ᠎ᠠ ᠶᠢᠨ ᠠᠵᠢᠯᠯᠠᠭᠴᠢᠳ ᠠᠰᠠᠭᠤᠨ ᠯᠠᠪᠯᠠᠬᠤ ᠪᠠᠷ ᠢᠷᠡᠭᠰᠡᠨ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠳᠤ ᠬᠠᠮ ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠤᠤᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠢᠭᠤᠳ ᠲᠦᠷᠭᠡᠨ ᠡᠳ᠋ᠯᠡᠬᠦ ᠳᠤ ᠬᠦᠴᠦᠨ ᠨᠡᠮᠡᠷᠢᠯᠡᠪᠡ᠃
     ᠣᠶᠢᠯᠠᠭᠠᠭᠰᠠᠨ ᠢᠶᠠᠷ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠬᠤᠭᠤᠴᠠᠭᠠᠨ ᠳᠤ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠭᠠᠶᠢᠯᠢ ᠲᠠᠲᠠᠪᠤᠷᠢ ᠶᠢᠨ ᠰᠠᠶᠢᠨ ᠳᠤᠷ᠎ᠠ ᠶᠢᠨ ᠠᠵᠢᠯᠲᠠᠳ ᠲᠠᠢ ᠬᠠᠮᠲᠤᠷᠠᠨ ᠠᠵᠤ ᠠᠬᠤᠶᠢᠯᠠᠯ᠂ ᠰᠤᠷᠭᠠᠭᠤᠯᠢ ᠪᠠ ᠨᠡᠶᠢᠭᠡᠮ ᠲᠣᠭᠤᠷᠢᠭ ᠲᠤ ᠬᠦᠷᠴᠦ᠂ ᠡᠯᠪᠡᠭ ᠪᠠᠶᠠᠯᠢᠭ ᠠᠭᠤᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠵᠢᠴᠢ ᠰᠦᠯᠵᠢᠶᠡᠨ ᠳᠡᠭᠡᠷᠡᠬᠢ ᠵᠦᠪᠯᠡᠯᠭᠡ ᠦᠭᠬᠦ ᠦᠢᠯᠡᠴᠢᠯᠡᠭᠡ ᠪᠠ ᠭᠠᠶᠢᠯᠢ ᠲᠤᠰᠢᠶᠠᠬᠤ ᠦᠢᠯᠡᠴᠢᠯᠡᠭᠡ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠡᠯ᠎ᠡ ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠤᠬᠠᠭᠤᠯᠵᠤ᠂ ᠰᠠᠶᠢᠲᠤᠷ ᠲᠠᠶᠢᠯᠪᠤᠷᠢᠯᠠᠨ ᠰᠠᠶᠢᠲᠤᠷ ᠨᠠᠶᠢᠳᠠᠪᠤᠷᠢᠵᠢᠭᠤᠯᠵᠤ᠂ ᠭᠠᠶᠢᠯᠢ ᠲᠤᠰᠢᠶᠠᠭᠴᠢ ᠪᠠ ᠰᠦᠢᠳᠬᠡᠯ ᠲᠤᠰᠢᠶᠠᠭᠴᠢ ᠶᠢᠨ ᠪᠠᠴᠢᠮ ᠪᠡᠷᠬᠡ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠭᠠᠶᠢᠯᠢ ᠲᠤᠰᠢᠶᠠᠭᠴᠢ ᠶᠢᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠭᠠᠶᠢᠯᠢ ᠲᠤᠰᠢᠶᠠᠭᠴᠢ ᠪᠠ ᠰᠦᠢᠳᠬᠡᠯ ᠲᠤᠰᠢᠶᠠᠭᠴᠢ ᠶᠢᠨ ᠣᠯᠭᠤᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ ᠠᠵᠤ ᠠᠬᠤᠶᠢᠯᠠᠯ ᠤᠨ ᠢᠲᠡᠭᠡᠯ ᠵᠣᠷᠢᠭ ᠢ ᠪᠠᠲᠤᠳᠬᠠᠵᠤ᠂ ᠰᠢᠨ᠎ᠡ ᠶᠢ ᠡᠭᠦᠳᠴᠦ ᠬᠥᠭᠵᠢᠭᠦᠯᠦᠡ ᠢᠷᠡᠭᠡᠳᠦᠶ ᠵᠦᠭ ᠤᠷᠤᠭᠰᠢᠯᠠᠬᠤ ᠳᠤ ᠨᠠᠩ ᠰᠢᠯᠢᠳᠡᠭ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠬᠦᠨ᠎ᠠ᠃ ︵ᠢᠷᠡᠯᠲᠡ᠄ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号