ᠶᠢᠨ ᠶᠦᠩ ᠯᠢ ᠲᠥᠪ ᠤᠨ ᠭᠤᠷᠪᠠᠳᠤᠭᠠᠷ ᠣᠷᠴᠢᠨ ᠠᠬᠤᠶ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠤᠭᠤᠶᠢᠯᠠᠩ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠬᠤ ᠠᠵᠢᠯ ᠶᠢ ᠲᠤᠬᠠᠶ ᠶᠢᠨ ᠭᠠᠵᠠᠷ ᠲᠤᠨᠢ ᠰᠢᠪᠠᠳᠠᠨ ᠬᠢᠯᠭᠡᠪᠠ
ᠨᠡᠶᠢᠲᠡᠯᠡᠭᠰᠡᠨ ᠴᠠᠭ᠄
2022/4/7
     4 ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠢᠯᠡ ᠪᠠᠷ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠠᠷᠭ᠎ᠠ ᠮᠠᠶ᠋ᠢᠭ ᠶᠢ ᠤᠶᠠᠯᠳᠤᠭᠤᠯᠤᠨ ᠲᠥᠪ ᠤᠨ ᠭᠤᠷᠪᠠᠳᠤᠭᠠᠷ ᠣᠷᠴᠢᠨ ᠠᠬᠤᠶ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠤᠭᠤᠶᠢᠯᠠᠩ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠪᠠᠳᠠᠨ ᠬᠢᠯᠭᠡᠬᠦ ᠶᠢᠨ ᠬᠠᠮᠲᠤ ᠪᠥᠬᠦ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃
     ᠶᠢᠨ ᠶᠦᠩ ᠯᠢ ᠲᠥᠪ ᠤᠨ ᠭᠤᠷᠪᠠᠳᠤᠭᠠᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠬᠢᠨᠠᠨ ᠪᠠᠶᠢᠴᠠᠭᠠᠬᠤ ᠳᠤᠭᠤᠶᠢᠯᠠᠩ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠮᠠᠰᠢ ᠴᠢᠬᠤᠯᠠᠴᠢᠯᠠᠨ ᠦᠵᠡᠪᠡ᠃ ᠲᠡᠷᠡ ᠤᠷᠢᠳ ᠬᠤᠵᠢᠳ ᠺᠦᠨ ᠯᠦᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ᠂ ᠪᠤᠭᠤᠲᠤ ᠪᠤᠯᠤᠳ ᠦᠯᠡᠳᠡᠭᠳᠡᠯ ᠬᠦᠳᠡᠷ ᠤᠨ ᠬᠠᠰᠢᠯᠭ᠎ᠠ ᠪᠣᠯᠤᠨ ᠪᠦᠯᠬᠦᠮᠳᠡᠯ ᠶᠡᠭᠡ ᠵᠡᠭᠡᠯᠢ ᠶᠢᠨ 13 ᠳ᠋ᠤᠭᠠᠷ ᠨᠡᠶᠢᠭᠡᠮ ᠲᠣᠭᠤᠷᠢᠭ ᠲᠤ ᠬᠦᠷᠴᠦ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠤᠨ ᠲᠣᠭᠤᠷᠢᠨ ᠳᠤ᠂ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ᠂ ᠴᠡᠭᠴᠡᠯᠡᠨ ᠦᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠡᠰᠡᠬᠦ ᠢ ᠨᠠᠷᠢᠨ ᠣᠶᠢᠯᠠᠭᠠᠵᠤ᠂ ᠴᠡᠭᠴᠡᠯᠡᠨ ᠦᠭᠡᠷᠡᠴᠢᠯᠡᠬᠦ ᠠᠵᠢᠯ ᠢ ᠰᠠᠶᠢᠲᠤᠷ ᠠᠳᠬᠤᠬᠤ ᠲᠤᠬᠠᠢ ᠲᠤᠬᠠᠶ ᠶᠢᠨ ᠭᠠᠵᠠᠷ ᠲᠤᠨᠢ ᠰᠢᠪᠠᠳᠠᠨ ᠬᠢᠯᠭᠡᠪᠠ᠃       ᠶᠢᠨ ᠶᠦᠩ ᠯᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠ ︽ᠬᠤᠸᠠᠷ ᠬᠠᠳᠬᠤᠬᠤ︾ ᠮᠡᠷᠭᠡᠵᠢᠯ ᠪᠠᠷ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠦᠭᠡᠷᠡᠴᠢᠯᠡᠵᠤ ᠨᠠᠶᠢᠳᠠᠪᠤᠷᠢᠵᠢᠭᠤᠯᠬᠤ ᠠᠵᠢᠯ ᠢ ᠲᠡᠷᠡ ᠶᠣᠰᠣᠭᠠᠷ ᠨᠢ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠨ᠎ᠠ᠃ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠠ ᠢᠮᠠᠭᠲᠠ ᠲᠤᠤᠱᠯᠠᠭᠤᠯᠬᠤ ᠬᠡᠷᠡᠭᠲᠡᠶ ᠪᠠᠶᠢᠵᠦ᠂ ᠨᠤᠲᠤᠭ ᠪᠡᠯᠴᠢᠭᠡᠷ ᠣᠶᠢᠲᠤ ᠭᠠᠵᠠᠷ ᠪᠠ ᠠᠮᠢ ᠠᠬᠤᠶ ᠶᠢᠨ ᠣᠷᠴᠢᠨ ᠨᠥᠬᠦᠴᠡᠯ ᠢ ᠶᠠᠭᠠᠬᠢᠭᠰᠠᠨ ᠴᠤ ᠡᠪᠳᠡᠵᠦ ᠪᠣᠯᠬᠤ ᠦᠭᠡᠢ᠃ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠶᠢᠯᠡᠨ ᠵᠠᠰᠠᠵᠤ᠂ ᠦᠨᠡᠨ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠣᠶᠢᠵᠢᠭᠤᠯᠬᠤ ᠳᠤ ᠲᠣᠬᠢᠷᠠᠮᠵᠢᠲᠠᠢ ᠶᠢ ᠨᠢ ᠣᠶᠢᠵᠢᠭᠤᠯᠵᠤ᠂ ᠡᠪᠡᠰᠦ ᠤᠷᠭᠤᠭᠤᠯᠬᠤ ᠳᠤ ᠲᠣᠬᠢᠷᠠᠮᠵᠢᠲᠠᠢ ᠶᠢ ᠨᠢ ᠡᠪᠡᠰᠦ ᠤᠷᠭᠤᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ︽ᠬᠡᠨ ᠡᠪᠳᠡᠪᠡᠯ ᠬᠡᠨ ᠰᠡᠯᠪᠢᠨ ᠵᠠᠰᠠᠬᠤ︾ ᠶᠢ ︽ᠬᠡᠨ ᠪᠦᠳᠦᠭᠡᠨ ᠪᠠᠶᠢᠭᠤᠯᠪᠠᠯ ᠬᠡᠨ ᠬᠠᠷᠢᠭᠤᠴᠠᠬᠤ︾ ᠲᠡᠰᠢ ᠬᠤᠪᠢᠷᠠᠭᠤᠯᠵᠤ᠂ ᠴᠡᠩᠬᠡᠭ ᠤᠰᠤ ᠴᠡᠯᠭᠡᠷ ᠠᠭᠤᠯᠠ ᠶᠢ ᠬᠠᠮᠠᠭᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠠ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠢᠨ ᠶᠦᠩ ᠯᠢ ᠣᠶᠢᠷ᠎ᠠ ᠶᠢᠨ ᠬᠤᠭᠤᠴᠠᠭᠠᠨ ᠤ ᠪᠥᠬᠦ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠠᠮᠢᠶ᠎ᠠ ᠪᠥᠬᠦᠶ ᠪᠠᠶᠢᠳᠠᠯ ᠢ ᠨᠠᠷᠢᠨ ᠣᠶᠢᠯᠠᠭᠠᠵᠤ᠂ ᠲᠣᠳᠣᠷᠬᠠᠶ ᠱᠠᠭᠠᠷᠳᠠᠯᠭ᠎ᠠ ᠳᠤᠷᠠᠳᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠶᠢᠨ ᠶᠦᠩ ᠯᠢ᠂ ᠬᠠᠩᠰᠢ ᠶᠢᠨ ᠡᠳᠦᠷ ᠶᠢᠨ ᠡᠮᠦᠨ᠎ᠡ ᠬᠤᠶᠢᠨ᠎ᠠ ᠪᠣᠯ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠮᠥᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠡᠷᠬᠡᠪᠰᠢ ᠵᠢᠵᠢᠭᠦᠷᠯᠡᠬᠦ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠦ᠂ ᠡᠯ᠎ᠡ ᠱᠠᠲᠤ ᠡᠯ᠎ᠡ ᠲᠠᠯ᠎ᠠ ᠶᠢᠨ ᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠴᠢᠩᠭ᠎ᠠ ᠮᠦᠷᠳᠡᠭᠡᠨ ᠪᠣᠳᠠᠲᠠᠶ ᠢᠶᠠᠷ ᠠᠳᠬᠤᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠡᠶ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ᠂ ᠱᠠᠲᠤ ᠬᠤᠪᠢᠶᠠᠨ ᠬᠠᠷᠢᠭᠤᠴᠠᠬᠤ ᠶᠢ ᠪᠠᠷᠢᠮᠲᠠᠯᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠡᠶ᠃ ᠭᠠᠯ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠯ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠶᠢ ᠰᠠᠶᠢᠲᠤᠷ ᠬᠢᠵᠦ᠂ ᠵᠢᠵᠢᠭᠦᠷᠯᠡᠬᠦ ᠪᠠ ᠠᠭᠤᠯᠠ ᠰᠢᠭᠤᠢ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠬᠥᠮᠦᠨ ᠢᠶᠠᠷ ᠰᠡᠷᠭᠡᠶᠢᠯᠡᠬᠦ ᠪᠠ ᠮᠡᠷᠭᠡᠵᠢᠯ ᠢᠶᠠᠷ ᠰᠡᠷᠭᠡᠶᠢᠯᠡᠬᠦ ᠶᠢ ᠤᠶᠠᠯᠳᠤᠭᠤᠯᠬᠤ ᠶᠢ ᠪᠥᠬᠦ ᠲᠠᠯ᠎ᠠ ᠪᠠᠷ ᠪᠦᠷᠬᠦᠬᠦ ᠶᠢ ᠪᠠᠲᠤᠯᠠᠬᠤ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠵᠠᠢ ᠶᠦᠨ ᡂᠢ᠂ ᠦ᠋ ᠱᠧᠨ ᠮᠦᠸᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢᠨ ᠬᠠᠷᠢᠭᠤᠴᠠᠯᠭᠠᠲᠠᠨ ᠬᠦᠲᠡᠯᠭᠡᠭᠡᠨ ᠳᠤ ᠣᠷᠣᠯᠴᠠᠪᠠ᠃ ︵ᠰᠤᠷᠪᠤᠯᠵᠢᠯᠠᠭᠴᠢ᠄ ᠹᠧᠩ ᠰᠢᠤᠸᠠᠢ   ᠬᠢᠨᠠᠨ ᠬᠠᠷᠭᠤᠭᠤᠯᠬᠤ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号