ᠶᠢᠨ ᠶᠦᠩ ᠯᠢ ᠬᠤᠲᠠ ᠶᠢᠨ ᠳᠦᠷᠢ ᠲᠥᠷᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠰᠢᠪᠠᠳᠠᠨ ᠪᠠᠶᠢᠴᠠᠭᠠᠬᠤ ᠶᠢ ᠳᠠᠯᠳᠠᠭᠤᠷ ᠰᠤᠷᠪᠤᠯᠵᠢᠯᠠᠪᠠ
ᠨᠡᠶᠢᠲᠡᠯᠡᠭᠰᠡᠨ ᠴᠠᠭ᠄
2022/4/8
     4 ᠰᠠᠷ᠎ᠠ ᠶᠢᠨ 5 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠡᠰᠡᠭ ᠬᠠᠭᠤᠴᠢᠨ ᠬᠤᠷᠢᠶᠠᠯᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠭᠤᠣᠯ ᠳᠡᠳ᠋ ᠵᠠᠮ ᠵᠡᠷᠭᠡ ᠣᠷᠣᠨ ᠪᠦᠰᠡ ᠪᠠᠷ ᠭᠦᠨᠵᠡᠭᠡᠶᠢᠷᠡᠵᠦ᠂ ᠬᠤᠳᠠ ᠶᠢᠨ ᠳᠦᠷᠢ ᠲᠥᠷᠬᠦ ᠪᠣᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠰᠢᠪᠠᠳᠠᠨ ᠪᠠᠶᠢᠴᠠᠭᠠᠬᠤ ᠶᠢ ᠳᠠᠯᠳᠠᠭᠤᠷ ᠰᠤᠷᠪᠤᠯᠵᠢᠯᠠᠪᠠ᠃      ᠳᠠᠯᠳᠠᠭᠤᠷ ᠰᠤᠷᠪᠤᠯᠵᠢᠯᠠᠬᠤ ᠶᠠᠪᠤᠴᠠ ᠳᠤ᠂ ᠶᠢᠨ ᠶᠦᠩ ᠯᠢ ᠰᠢᠭᠤᠳ ᠨᠢᠭᠡᠳᠦᠭᠡᠷ ᠹᠷᠣᠨᠲ ᠲᠤ ᠬᠦᠷᠴᠦ᠂ ᠲᠣᠰ ᠲᠣᠰ ᠴᠢᠩ ᠰᠥᠩ ᠬᠤᠷᠢᠶᠠᠯᠠᠯ᠂ ᠯᠣᠣ ᠪᠦᠦ ᠭᠧ ᠲᠧ᠂ ᠰᠧ ᠴᠢ ᠸᠠᠨ ᠲᠣᠰᠬᠤᠨ᠂ ᠨᠥᠬᠦᠷᠯᠡᠯ 17 ᠪᠠ 18᠂ ᠵᠡᠭᠦᠨ ᠨᠥᠬᠦᠷᠯᠡᠯ 22 ᠬᠤᠷᠢᠶᠠᠯᠠᠯ᠂ ᠭᠤᠸᠠᠩ ᠼᠠᠢ ᠵᠡᠭᠡᠯᠢ ᠶᠢᠨ ᠵᠠᠬ᠎ᠠ ᠳᠡᠯᠭᠡᠭᠦᠷ᠂ ᠠᠷᠠᠳ ᠬᠤᠶᠢᠲᠤ ᠵᠡᠭᠡᠯᠢ᠂ ᠴᠠᠭᠠᠨ ᠬᠤᠲᠠ ᠪᠠᠷᠠᠭᠤᠨ ᠵᠠᠮ᠂ ᠣᠳᠠᠨ ᠰᠡᠭᠦᠳᠡᠷᠲᠦ ᠵᠠᠮ᠂ ᠨᠥᠬᠦᠷᠯᠡᠯ ᠵᠡᠭᠡᠯᠢ ᠵᠡᠷᠭᠡ ᠭᠠᠵᠠᠷ ᠲᠤ ᠬᠦᠷᠴᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠠᠷᠠᠴᠢᠯᠠᠯᠲᠠ᠂ ᠲᠡᠷᠭᠡ  ᠵᠣᠭᠰᠣᠭᠠᠬᠤ᠂ ᠡᠵᠡᠩᠨᠡᠯᠲᠡ ᠶᠢᠨ ᠲᠠᠯᠠᠪᠤᠷ ᠤᠨ ᠡᠮᠬᠢ ᠳᠢᠭᠯᠢᠮ ᠤᠨ ᠵᠢᠷᠤᠮᠵᠢᠯ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠲᠤᠬᠠᠶ ᠶᠢᠨ ᠲᠠᠯᠠᠪᠤᠷ ᠲᠤ ᠠᠯᠪᠠᠯᠠᠨ ᠰᠢᠢᠳᠪᠦᠷᠢᠯᠡᠪᠠ᠃       ᠶᠢᠨ ᠶᠦᠩ ᠯᠢ᠂ ᠣᠳᠣᠬᠠᠨ ᠳᠤ ᠮᠠᠨ ᠤ ᠲᠣᠭᠤᠷᠢᠭ ᠤᠨ ᠬᠡᠰᠡᠭ ᠭᠠᠵᠠᠷ ᠣᠷᠣᠨ ᠳᠤ ᠬᠠᠮᠲᠤ ᠪᠠᠷ ᠡᠳ᠋ᠯᠡᠬᠦ ᠳᠤᠭᠤᠶ ᠲᠡᠷᠭᠡ ᠢ ᠳᠤᠷ᠎ᠠ ᠪᠠᠷ ᠢᠶᠠᠨ ᠵᠣᠭᠰᠣᠭᠠᠬᠤ᠂ ᠰᠢᠷ᠎ᠠ  ᠬᠦᠷᠦᠰᠣ ᠬᠠᠯᠴᠠᠭᠠᠢ᠂ ᠣᠯᠠᠨ ᠨᠡᠶᠢᠲᠡ ᠶᠢᠨ ᠲᠥᠬᠦᠭᠡᠷᠦᠮᠵᠢ ᠪᠠ ᠵᠠᠮ ᠡᠪᠳᠡᠷᠡᠬᠦ᠂ ᠣᠷᠴᠢᠨ ᠲᠣᠭᠤᠷᠢᠨ ᠪᠤᠵᠠᠷ ᠪᠥᠭᠡᠳ ᠡᠮᠬᠢ ᠵᠠᠮᠪᠠᠷᠠᠭ᠎ᠠ ᠥᠬᠡᠶ ᠪᠠᠶᠢᠬᠤ᠂ ᠬᠠᠭᠤᠴᠢᠨ ᠬᠤᠷᠢᠶᠠᠯᠠᠯ ᠤᠨ ᠡᠮᠬᠢ ᠵᠠᠮᠪᠠᠷᠠᠭ᠎ᠠ ᠥᠬᠡᠶ ᠴᠠᠬᠢᠯᠭᠠᠨ ᠣᠳᠠᠰᠣ᠂ ᠨᠡᠭᠦᠳᠡᠯ ᠬᠤᠳᠠᠯᠳᠤᠭᠠᠴᠢᠨ ᠵᠠᠮ ᠡᠵᠡᠯᠡᠨ ᠡᠵᠡᠩᠨᠡᠬᠦ ᠵᠡᠷᠭᠡ ᠠᠰᠠᠭᠤᠳᠠᠯ ᠮᠥᠨ ᠣᠷᠣᠰᠢᠵᠤ ᠪᠠᠶᠢᠨ᠎ᠠ᠃ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ᠂ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢᠭᠡᠴᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠱᠠᠲᠤ ᠱᠠᠲᠤ ᠪᠠᠷ ᠰᠠᠶᠢᠲᠤᠷ ᠠᠳᠬᠤᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠬᠦᠴᠢᠷ ᠪᠡᠷᠬᠡ ᠶᠢ ᠲᠣᠭᠤᠯᠠᠨ ᠳᠠᠪᠠᠵᠤ᠂ ᠡᠯ᠎ᠡ  ᠵᠦᠢᠯ ᠤᠨ ᠴᠡᠭᠴᠡᠯᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠬᠤ ᠬᠡᠷᠡᠭᠲᠡᠶ᠃       ᠶᠢᠨ ᠶᠦᠩ ᠯᠢ᠂ ᠪᠤᠭᠤᠲᠤ ᠬᠤᠳᠠ ᠶᠢᠨ ᠬᠤᠳᠠ ᠶᠢᠨ ᠳᠦᠷᠢ ᠲᠥᠷᠬᠦ ᠪᠣᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ︽ᠵᠠᠭᠤᠨ ᠡᠳᠦᠷ ᠤᠨ ᠪᠠᠬᠢᠯᠡᠯᠲᠡ ᠡᠪᠳᠡᠬᠦ︾ ᠠᠵᠢᠯᠯᠠᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠰᠡᠳᠬᠢᠯᠭᠡ ᠪᠠ ᠲᠦᠭᠰᠢᠭᠦᠷᠢᠲᠦ ᠰᠡᠳᠬᠢᠯᠭᠡ ᠪᠠᠨ ᠴᠢᠩᠭᠠᠳᠬᠠᠵᠤ᠂ ᠬᠡᠪ ᠤᠨ ᠪᠠᠶᠢᠳᠠᠯ ᠢ ᠪᠠᠲᠤᠯᠠᠬᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠳᠡᠭᠡᠷ᠎ᠡ ᠬᠦᠴᠦ ᠣᠷᠣᠭᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠨᠠᠷᠢᠯᠢᠭ ᠪᠦᠭᠡᠳ ᠪᠣᠳᠠᠲᠠᠢ ᠢᠶᠠᠷ ᠰᠢᠯᠢᠳᠡᠭᠵᠢᠭᠦᠯᠵᠦ᠂ ᠬᠤᠳᠠ ᠶᠢᠨ ᠪᠣᠯᠪᠠᠰᠤᠨ ᠤ ᠬᠡᠮᠵᠢᠶ᠎ᠡ ᠪᠣᠯᠤᠨ ᠨᠠᠷᠢᠯᠢᠬᠵᠢᠭᠤᠯᠤᠨ ᠵᠠᠰᠠᠬᠤ ᠲᠦᠪᠰᠢᠨ ᠢ ᠰᠢᠨ᠎ᠡ ᠳᠡᠭᠡᠭᠰᠢᠯᠡᠯᠲᠡ ᠳᠤ ᠬᠦᠷᠭᠡᠬᠦ ᠬᠡᠷᠡᠭᠲᠡᠢ ᠭᠡᠵᠦ ᠴᠢᠬᠤᠯᠠᠴᠢᠯᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠭᠤᠣᠯ ᠳᠡᠳ᠋ ᠵᠠᠮ ᠱᠤᠭᠤᠮ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠴᠢᠬᠤᠯᠠ ᠣᠷᠣᠨ ᠪᠦᠰᠡ ᠶᠢ ᠠᠩᠬᠠᠷᠴᠤ᠂  ᠬᠦᠴᠣ ᠪᠠᠨ ᠲᠥᠪᠯᠡᠷᠡᠭᠦᠯᠦᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠡᠮᠬᠢ ᠵᠠᠮᠪᠠᠷᠠᠭ᠎ᠠ ᠥᠬᠡᠶ ᠴᠠᠬᠢᠯᠭᠠᠨ ᠣᠳᠠᠰᠣ᠂ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠨᠡᠶᠢᠲᠡ ᠶᠢᠨ ᠵᠣᠷᠯᠣᠩ ᠵᠡᠷᠭᠡ ᠪᠠᠭᠤᠷᠠᠢ ᠭᠤᠭᠴᠤᠭ᠎ᠠ ᠶᠢᠨ ᠳᠤᠲᠠᠭᠤᠳᠠᠯ ᠢ ᠰᠢᠢᠳᠪᠦᠷᠢᠯᠡᠵᠦ᠂ ᠲᠤᠰᠬᠠᠢ ᠴᠡᠭᠴᠡᠯᠡᠨ ᠵᠠᠰᠠᠬᠤ ᠡᠷᠴᠢᠮ ᠢ ᠦᠷᠭᠦᠯᠵᠢᠯᠡᠨ ᠴᠢᠩᠭᠠᠳᠬᠠᠨ᠎ᠠ᠃ ᠬᠤᠲᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠠᠮ ᠵᠢᠴᠢ ᠡᠷᠬᠢᠨ ᠲᠣᠭᠤᠷᠢᠨ ᠤ ᠪᠠᠶᠢᠳᠠᠯ ᠢ ᠦᠨᠳᠦᠰᠦᠯᠡᠨ ᠲᠡᠷᠭᠡ ᠵᠣᠭᠰᠣᠭᠠᠬᠤ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠣᠯᠪᠠᠰᠤᠨ ᠢᠶᠠᠷ ᠲᠡᠷᠭᠡ ᠵᠣᠭᠰᠣᠭᠠᠬᠤ ᠶᠢ ᠵᠢᠷᠣᠮᠵᠢᠭᠤᠯᠬᠤ ᠬᠡᠷᠡᠭᠲᠡᠶ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠬᠤᠳᠠ ᠶᠢᠨ ᠬᠠᠮᠢᠶᠠᠷᠤᠯᠲᠠ ᠶᠢᠨ ᠠᠩᠬᠢ ᠶᠢᠨ ᠭᠡᠰᠢᠭᠦᠳ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ ᠵᠡᠷᠭᠡ ︽ᠬᠠᠷᠠᠭᠤᠯ ᠤᠨ ᠴᠡᠭ︾ ᠤᠨ ᠦᠢᠯᠡᠳᠦᠯ ᠢ ᠪᠠᠳᠠᠷᠠᠭᠤᠯᠵᠤ᠂ ᠠᠰᠠᠭᠤᠳᠠᠯ ᠢᠯᠡᠷᠡᠪᠡᠯ ᠲᠦᠷᠭᠡᠨ ᠲᠤᠰᠬᠠᠬᠤ ᠵᠠᠮ ᠪᠣᠯᠤᠨ ᠴᠠᠭ ᠲᠤᠬᠠᠢ ᠳᠤᠨᠢ ᠠᠵᠢᠯ ᠤᠨ ᠲᠣᠭᠲᠠᠴᠠ ᠶᠢ ᠰᠢᠢᠳᠪᠦᠷᠢᠯᠡᠬᠦ ᠶᠢ ᠪᠠᠶᠢᠭᠤᠯᠵᠤ᠂ ︽ᠵᠠᠰᠠᠮᠠᠯ ᠵᠠᠮ ᠢᠶᠠᠷ ᠠᠯᠪᠠᠯᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠬᠤᠳᠠ ᠶᠢᠨ ᠠᠷᠢᠭᠤᠨ ᠴᠡᠪᠡᠷ ᠪᠠ ᠭᠤᠶᠤ ᠦᠵᠡᠮᠵᠢ ᠶᠢ ᠪᠠᠲᠤᠯᠠᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠤ ᠤᠬᠠᠮᠰᠠᠷ ᠠᠴᠠ ᠪᠠᠨ ᠪᠣᠯᠪᠠᠰᠤᠨ ᠠᠮᠢᠳᠤᠷᠠᠯ ᠤᠨ ᠵᠠᠩ ᠳᠠᠳᠬᠠᠯ ᠲᠠᠢ ᠪᠣᠯᠬᠤ ᠶᠢ ᠬᠦᠳᠦᠯᠦᠨ ᠳᠠᠭᠠᠭᠤᠯᠵᠤ᠂ ᠳᠡᠭᠡᠷ᠎ᠡ ᠳᠣᠣᠷ᠎ᠠ ᠱᠠᠳᠤ ᠪᠠᠷ ᠢᠶᠠᠨ ᠬᠠᠮᠲᠤᠷᠠᠯᠴᠠᠠ ᠪᠦᠬᠦ ᠠᠷᠠᠳ ᠢᠶᠠᠷ ᠢᠶᠠᠨ ᠣᠷᠣᠯᠴᠠᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠶᠢᠨ ᠲᠣᠭᠤᠷᠢᠭ ᠢ ᠪᠠᠶᠢᠭᠤᠯᠤᠨ᠎ᠠ᠃      ᠲᠣᠭᠤᠷᠢᠭ ᠤᠨ ᠤᠳᠤᠷᠢᠳᠤᠯᠭ᠎ᠠ ᠮᠠ ᠹᠦ᠋᠂ ᠹᠠᠨ ᠬᠤᠩ ᠴᠢᠶᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠠᠯᠳᠠᠭᠤᠷ ᠰᠤᠷᠪᠤᠯᠵᠢᠯᠠᠬᠤ ᠳᠤ ᠣᠷᠣᠯᠴᠠᠪᠠ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠭᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号