2022 ᠣᠨ ᠤ 1— 4 ᠰᠠᠷ᠎ᠠ ᠶᠢᠨ ᠬᠥᠨᠳᠡᠯᠡᠨ ᠲᠣᠭᠤᠷᠢᠭ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2022/5/20
     ᠡᠨᠡ ᠵᠢᠯ ᠠᠴᠠ ᠨᠠᠭᠠᠰᠢ᠂ ᠠᠵᠤ ᠠᠬᠤᠶ ᠮᠠᠭᠤᠳᠠᠬᠤ ᠰᠢᠨ᠎ᠡ ᠳᠠᠷᠤᠯᠲᠠ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠬᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠦᠴᠦᠲᠡᠶ ᠨᠢᠭᠡᠳᠦᠯᠲᠡᠶ ᠲᠥᠯᠥᠪᠵᠢᠭᠦᠯᠵᠦ᠂ ᠮᠠᠨ ᠤ ᠲᠤᠭᠤᠷᠢᠭ ᠤᠨ ᠠᠵᠤ ᠠᠬᠤᠶ ᠦᠷᠭᠦᠯᠵᠢᠯᠡᠨ ᠬᠥᠭᠵᠢᠯᠲᠡ ᠶᠢᠨ ᠪᠠᠶᠢᠳᠠᠯ ᠢᠶᠠᠨ ᠰᠡᠷᠭᠦᠭᠡᠵᠦ᠂ ᠠᠵᠤ ᠠᠬᠤᠢ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃     1— 4 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21.1% ᠪᠠᠷ ᠨᠡᠮᠡᠭᠳᠡᠵᠦ᠂ ᠪᠥᠬᠦ ᠬᠤᠲᠠ ᠶᠢᠨ ᠬᠢ ᠠᠴᠠ 3.4 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠬᠤᠲᠠ ᠶᠢᠨ ᠳᠥᠷᠪᠡᠳᠦᠭᠡᠷ ᠲᠤ ᠣᠷᠣᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 51.2%   ᠢᠶᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ 5 ᠵᠠᠭᠤᠨ ᠤ ᠬᠤᠪᠢ ᠶᠢᠨ ᠴᠡᠭ ᠥᠨᠳᠥᠷ ᠪᠠᠶᠢᠵᠤ᠂  ᠲᠦᠷᠦᠬᠦᠦ ᠤᠯᠠᠷᠢᠯ ᠤᠨ ᠬᠢ ᠠᠴᠠ 9.1 ᠵᠠᠭᠤᠨ ᠤ ᠬᠤᠪᠢ ᠶᠢᠨ ᠴᠡᠭ ᠥᠨᠳᠥᠷ ᠪᠤᠯᠵᠤ᠂ ᠪᠦᠬᠦ ᠬᠤᠲᠠ ᠶᠢᠨ 6 ᠳ᠋ᠤᠭᠠᠷ ᠲᠤ ᠣᠷᠣᠵᠤ᠂ ᠲᠦᠷᠦᠬᠦᠦ ᠤᠯᠠᠷᠢᠯ ᠤᠨ ᠬᠢ ᠠᠴᠠ 1 ᠨᠡᠷᠡᠰ ᠣᠷᠣᠭᠰᠢᠯᠠᠪᠠ︔  ᠨᠡᠶᠢᠬᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ 98.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠪᠦᠬᠦ ᠬᠤᠲᠠ ᠶᠢᠨ ᠬᠢ ᠠᠴᠠ 0.7 ᠵᠠᠭᠤᠨ ᠤ ᠬᠤᠪᠢ ᠶᠢᠨ ᠴᠡᠭ ᠪᠠᠭ᠎ᠠ ᠪᠠᠶᠢᠵᠤ᠂ ᠶᠡᠷᠦᠩᠬᠡᠢ ᠬᠡᠮᠵᠢᠶ᠎ᠡ ᠪᠠᠷ ᠪᠦᠬᠦ ᠬᠤᠲᠠ ᠳᠤ ᠲᠦᠷᠦᠬᠦᠯᠡᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ 2 ᠳ᠋ᠤᠭᠠᠷ ᠲᠤ ᠣᠷᠣᠵᠠᠢ᠃
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号