ᠠᠷᠠᠳ ᠵᠡᠭᠡᠯᠢ ᠭᠤᠳᠤᠮᠵᠢ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠦ ᠨᠠᠰᠤᠲᠠᠶᠢᠴᠤᠳ ᠤᠨ ᠮᠡᠬᠡᠯᠡᠭᠳᠡᠬᠦ  ᠠᠴᠠ ᠰᠡᠷᠭᠡᠶᠢᠯᠡᠬᠦ  ᠴᠢᠳᠠᠪᠤᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/6/20
     ᠨᠢᠭᠡ ᠳᠤ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠨ ᠲᠤᠰᠬᠠᠶ ᠰᠡᠳᠦᠪᠲᠦ ᠠᠵᠢᠯᠯᠠᠭᠠᠨ ᠤ ᠮᠡᠳᠡᠭᠡ ᠵᠠᠩᠭᠢ ᠶᠢ ᠨᠡᠶᠢᠲᠡᠯᠡᠬᠦ ᠶᠢᠨ ᠬᠠᠮᠲᠤ ︽12337︾ ᠤᠶᠤᠨᠳᠦ ᠢᠯᠡᠴᠢᠯᠡᠨ ᠮᠡᠳᠡᠭᠦᠯᠬᠦ ᠲᠠᠪᠴᠠᠩ ᠤᠨ ᠴᠥᠷᠬᠡᠯᠡᠭᠡ ᠪᠠ ᠺᠣᠳ᠋ ᠢ ᠨᠡᠶᠢᠲᠡᠯᠡᠬᠦ ᠶᠢᠨ ᠬᠠᠮᠲᠤ ᠰᠦᠯᠵᠢᠶᠡᠨ ᠤ ᠸᠢᠴᠠᠲ ᠤᠨ ᠪᠦᠯᠦᠭᠯᠡᠯ᠂ ᠨᠠᠶᠢᠵᠠ ᠶᠢᠨ ᠲᠣᠭᠤᠷᠢᠭ ᠢ ᠭᠦᠢᠴᠡᠳ ᠠᠰᠢᠭᠯᠠᠨ ᠮᠡᠬᠡᠯᠡᠬᠦ ᠶᠢ ᠰᠡᠷᠭᠡᠶᠢᠯᠡᠬᠦ ᠵᠦᠭᠯᠡᠭᠦᠷ ᠪᠠ ᠮᠡᠬᠡᠯᠡᠬᠦ ᠶᠢ ᠡᠰᠡᠷᠭᠦᠴᠡᠬᠦ ᠸᠢᠳᠢᠣ᠋ ᠵᠡᠷᠭᠡ ᠶᠢ ᠥᠷᠭᠡᠨ ᠢᠶᠠᠷ ᠳᠠᠮᠵᠢᠭᠤᠯᠤᠨ᠎ᠠ᠃ ᠬᠤᠶᠠᠷ ᠲᠤ ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠰᠠᠮᠪᠠᠷ᠎ᠠ ᠪᠠ ᠪᠢᠴᠢᠭᠡᠰᠦ ᠡᠯᠭᠦᠬᠦ ᠵᠡᠷᠭᠡ ᠠᠷᠭ᠎ᠠ ᠬᠡᠯᠪᠡᠷᠢ ᠶᠢ ᠠᠰᠢᠭᠯᠠᠨ ᠰᠠᠭᠤᠭᠠᠯᠢ ᠠᠷᠠᠳ ᠤᠨ ᠲᠣᠭᠤᠷᠢᠭ ᠤᠨ ᠣᠷᠣᠵᠤ ᠭᠠᠷᠬᠤ ᠡᠭᠦᠳᠡ᠂ ᠰᠠᠭᠤᠭᠠᠯᠢ ᠠᠷᠠᠳ ᠤᠨ ᠲᠣᠭᠤᠷᠢᠭ ᠤᠨ ᠴᠡᠴᠡᠷᠯᠢᠭ ᠪᠠ ᠵᠠᠬ᠎ᠠ ᠳᠡᠯᠭᠡᠭᠦᠷ ᠵᠡᠷᠭᠡ ᠬᠦᠮᠦᠨ ᠴᠤᠭᠯᠠᠷᠬᠤ ᠭᠠᠵᠠᠷ ᠲᠤ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠭᠤᠷᠪᠠ ᠳᠤ᠂ ᠴᠢᠩ ᠰᠦᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠠᠭᠤᠳᠠᠮ ᠲᠠᠯᠠᠪᠠᠢ ᠳᠤ ︽ᠨᠠᠰᠤᠵᠢᠯ ᠤᠨ ᠮᠡᠬᠡᠯᠡᠯ ᠤᠨ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠠᠢ ᠳᠤ ᠨᠠᠰᠤᠲᠠᠶᠢᠴᠤᠳ ᠲᠤ ᠮᠡᠬᠡᠯᠡᠭᠳᠡᠬᠦ ᠠᠴᠠ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠨ ᠥᠭᠴᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭᠠᠨ ᠤ ᠰᠦᠪᠡᠭᠴᠢ ᠶᠢ ᠢᠳᠡᠪᠬᠢᠲᠡᠢ ᠬᠠᠩᠭᠠᠵᠤ᠂ ᠮᠡᠬᠡᠯᠡᠯ ᠢ ᠲᠠᠨᠢᠵᠤ ᠮᠡᠬᠡᠯᠡᠯ ᠢ ᠪᠦᠲᠦᠮᠵᠢᠲᠡᠢ ᠰᠡᠷᠭᠡᠶᠢᠯᠡᠪᠡ᠃ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠤᠬᠠᠭᠤᠯᠭ᠎ᠠ ᠶᠢᠨ ᠬᠠᠭᠤᠳᠠᠰᠤ ᠨᠡᠶᠢᠲᠡ 2000 ᠭᠠᠷᠤᠶ ᠬᠤᠪᠢ᠂ ᠤᠷᠢᠶ᠎ᠠ ᠯᠣᠽᠦ᠋ᠩ ᠤᠨ ᠬᠥᠨᠳᠡᠯᠡᠨ ᠪᠢᠴᠢᠭᠡᠰᠦ ᠶᠢ 20 ᠵᠤᠷᠪᠤᠰ ᠵᠣᠬᠢᠶᠠᠵᠤ᠂ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ 3 ᠲᠠᠯᠠᠪᠤᠷ ᠥᠷᠨᠢᠭᠦᠯᠪᠡ᠃ ︵ᠠᠷᠠᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号