ᠪᠤᠷᠬᠠᠨᠲᠤ ᠪᠠᠯᠭᠠᠰᠤ ᠠᠷᠠᠳ ᠲᠦᠮᠡᠨ ᠳᠤ ᠲᠠᠭᠠᠰᠢᠶᠠᠭᠳᠠᠭᠰᠠᠨ ᠬᠥᠳᠡᠭᠡ ᠲᠣᠰᠬᠤᠨ ᠤ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠠᠵᠢᠯᠳᠠᠨ ᠢ ᠪᠠᠶᠢᠭᠤᠯᠬᠤ ᠪᠠᠷ ᠴᠢᠷᠮᠠᠶᠢᠪᠠ
ᠨᠡᠶᠢᠲᠡᠯᠡᠭᠰᠡᠨ ᠴᠠᠭ᠄
2022/6/20
     ᠨᠢᠭᠡ ᠳᠤ ᠪᠥᠬᠦ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠲᠠᠲᠠᠪᠤᠷᠢᠯᠠᠨ ᠨᠤᠷᠠᠭᠠᠬᠤ ᠪᠠ ᠲᠣᠭᠲᠠᠭᠠᠯ ᠠᠴᠠ ᠵᠥᠷᠢᠴᠡᠨ ᠪᠠᠶᠢᠭᠤᠯᠬᠤ ᠶᠢ ᠬᠠᠮᠢᠶᠠᠷᠤᠨ ᠡᠵᠡᠮᠳᠡᠬᠦ ᠪᠠ ᠴᠣᠬᠢᠯᠲᠠ ᠥᠭᠬᠦ ᠨᠢ ᠬᠦᠴᠦᠲᠡᠶ ᠪᠥᠭᠡᠳ ᠪᠦᠲᠦᠮᠵᠢᠲᠡᠶ ᠪᠠᠶᠢᠬᠤ ᠬᠡᠷᠡᠭᠲᠡᠶ᠃ ᠲᠠᠲᠠᠪᠤᠷᠢᠯᠠᠨ ᠨᠤᠷᠠᠭᠠᠬᠤ ᠣᠷᠣᠨ ᠳᠤ ᠵᠠᠪᠳᠤᠨ ᠪᠠᠶᠢᠭᠤᠯᠬᠤ ᠠᠵᠢᠯᠯᠠᠭᠠᠨ ᠳᠤ ᠴᠢᠩᠭ᠎ᠠ ᠴᠣᠬᠢᠯᠲᠠ ᠦᠭᠴᠦ᠂ ᠬᠦᠴᠦᠲᠡᠶ ᠠᠷᠭ᠎ᠠ ᠬᠡᠮᠵᠢᠶ᠎ᠡ ᠠᠪᠴᠤ ᠰᠡᠷᠭᠡᠶᠢᠯᠡᠨ᠎ᠡ᠃ ᠨᠢᠭᠡᠳᠦᠭᠡᠷ ᠤᠯᠠᠷᠢᠯ ᠳᠤ ᠯᠦᠩ ᠮᠠ ᠰᠠᠯᠬᠢᠨ ᠬᠦᠴᠦᠨ ᠤ ᠴᠠᠬᠢᠯᠭᠠᠨ ᠭᠠᠷᠭᠠᠯᠲᠠ ᠪᠣᠯᠤᠨ  ᠮᠧᠢ ᠺᠧ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠢ ᠪᠠᠲᠤᠯᠠᠬᠤ ᠶᠢᠨ ᠲᠥᠯᠥᠭᠡ᠂ ᠬᠠᠤᠯᠢ ᠬᠡᠷᠡᠭᠵᠢᠭᠦᠯᠬᠦ ᠠᠵᠢᠯᠲᠠᠳ ᠢ ᠳᠤᠭᠤᠶᠢᠯᠠᠩ ᠬᠤᠪᠢᠶᠠᠨ ᠲᠠᠲᠠᠪᠤᠷᠢᠯᠠᠨ ᠨᠤᠷᠠᠭᠠᠬᠤ ᠣᠷᠣᠨ ᠢ 24 ᠴᠠᠭ ᠢᠶᠠᠷ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠷ ᠲᠤᠬᠢᠷᠠᠭᠤᠯᠵᠤ᠂ ᠡᠨᠡ ᠬᠤᠭᠤᠴᠠᠭᠠᠨ ᠳᠤ ᠨᠡᠶᠢᠳᠡ 1900 ᠲᠡᠭᠰᠢ ᠳᠥᠷᠪᠡᠯᠵᠢᠨ ᠮᠧᠲᠷ ᠤᠨ ᠲᠤᠮᠤ ᠬᠦᠯᠡᠮᠵᠢ ᠪᠠ ᠨᠢᠯᠬ᠎ᠠ ᠴᠢᠬᠢ ᠶᠢ ᠪᠠᠷᠤᠭ 2.85 ᠮᠦ ᠨᠤᠷᠠᠭᠠᠨ ᠴᠡᠪᠡᠷᠯᠡᠪᠡ︔ 1 ᠤᠳᠠᠭ᠎ᠠ ᠠᠴᠠ ᠡᠬᠢᠯᠡᠨ ᠬᠠᠤᠯᠢ ᠶᠢ ᠵᠥᠷᠢᠴᠡᠨ ᠭᠠᠵᠠᠷ ᠤᠨ ᠭᠠᠳᠠᠷᠭᠤ ᠶᠢ ᠬᠠᠲᠠᠭᠤᠷᠠᠭᠤᠯᠬᠤ ᠪᠠ ᠵᠣᠭᠤᠷᠢ ᠶᠢ ᠵᠠᠪᠳᠤᠨ ᠮᠠᠯᠲᠠᠬᠤ ᠵᠠᠪᠳᠤᠨ ᠪᠠᠷᠢᠬᠤ ᠠᠵᠢᠯᠯᠠᠭ᠎ᠠ ᠶᠢ ᠬᠤᠷᠢᠭᠯᠠᠨ᠎ᠠ︔ ᠡᠭᠦᠨ ᠤ ᠬᠠᠮᠲᠣ ᠵᠠᠰᠠᠪᠤᠷᠢ ᠣᠷᠣᠭᠤᠯᠤᠭᠰᠠᠨ ᠭᠠᠵᠠᠷ ᠰᠢᠷᠣᠶ ᠶᠢᠨ ᠰᠢᠨ᠎ᠡ ᠲᠣᠭᠲᠠᠭᠠᠯ ᠤᠨ ᠰᠢᠢᠳᠬᠡᠬᠦ ᠪᠠᠷᠢᠮᠵᠢᠶ᠎ᠠ ᠶᠣᠰᠣᠭᠠᠷ ᠬᠡᠷᠡᠭ ᠪᠣᠯᠭᠠᠨ ᠳᠠᠩᠰᠠᠯᠠᠭᠰᠠᠨ ᠥᠨᠳᠥᠷ ᠲᠣᠭᠠᠨ ᠤ ᠰᠢᠢᠳᠬᠡᠯ ᠢ ᠬᠡᠷᠡᠭᠵᠢᠭᠦᠯᠪᠡ᠃ ᠬᠤᠶᠠᠷ ᠲᠤ᠂ ᠪᠡᠯᠴᠢᠭᠡᠷᠯᠡᠬᠦ ᠶᠢ ᠴᠠᠭᠠᠵᠠᠯᠠᠬᠤ ᠠᠵᠢᠯ ᠢ ᠦᠷᠭᠦᠯᠵᠢᠯᠭᠦᠯᠵᠤ᠂ ᠬᠤᠯᠠᠭᠠᠶᠢᠯᠠᠨ ᠪᠡᠯᠴᠢᠭᠡᠷᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠲᠡᠵᠢᠭᠡᠨ ᠦᠷᠡᠵᠢᠭᠦᠯᠬᠦ ᠡᠷᠦᠬᠡ ᠳᠤ ︽ᠪᠤᠭᠤᠲᠤ ᠬᠤᠲᠠ ᠶᠢᠨ ᠪᠡᠯᠴᠢᠭᠡᠷᠯᠡᠬᠦ ᠶᠢ ᠴᠠᠭᠠᠵᠠᠯᠠᠵᠤ ᠪᠡᠯᠴᠢᠭᠡᠷᠯᠡᠬᠦ ᠶᠢ ᠵᠣᠭᠰᠣᠭᠠᠬᠤ ᠲᠦᠷᠢᠮ︾ ᠢ ᠲᠠᠶᠢᠯᠪᠤᠷᠢᠯᠠᠨ ᠥᠭᠴᠦ᠂ ᠪᠡᠯᠴᠢᠭᠡᠷᠯᠡᠬᠦ ᠶᠢ ᠴᠠᠭᠠᠵᠠᠯᠠᠵᠤ ᠪᠡᠯᠴᠢᠭᠡᠷᠯᠡᠬᠦ ᠶᠢ ᠵᠣᠭᠰᠣᠭᠠᠬᠤ ᠶᠢᠨ ᠠᠮᠢ ᠠᠬᠤᠶ ᠶᠢᠨ ᠠᠴᠢ ᠬᠤᠯᠪᠣᠭᠳᠠᠯ ᠢ ᠤᠬᠠᠭᠤᠯᠵᠤ᠂ ᠪᠡᠯᠴᠢᠭᠡᠷᠯᠡᠬᠦ ᠶᠢ ᠴᠠᠭᠠᠵᠠᠯᠠᠬᠤ ᠣᠷᠣᠨ ᠪᠦᠰᠡ ᠶᠢᠨ ᠬᠦᠷᠢᠶ᠎ᠡ ᠬᠡᠪᠴᠢᠶ᠎ᠡ ᠪᠠ ᠬᠤᠯᠠᠭᠠᠶᠢᠯᠠᠨ ᠪᠡᠯᠴᠢᠭᠡᠷᠯᠡᠭᠦᠯᠦᠭᠰᠡᠨ ᠢ ᠢᠯᠡᠷᠡᠭᠦᠯᠦᠭᠰᠡᠨ ᠤ ᠳᠠᠷᠠᠭᠠᠬᠢ ᠰᠢᠢᠳᠬᠡᠬᠦ ᠡᠷᠴᠢᠮ ᠢ ᠮᠡᠳᠡᠭᠳᠡᠨ᠎ᠡ᠃ ᠪᠡᠯᠴᠢᠭᠡᠷᠯᠡᠬᠦ ᠶᠢ ᠴᠠᠭᠠᠵᠠᠯᠠᠬᠤ ᠣᠷᠣᠨ ᠪᠦᠰᠡ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠪᠠᠲᠤᠯᠠᠵᠤ᠂ ᠪᠡᠯᠴᠢᠭᠡᠷᠯᠡᠬᠦ ᠶᠢ ᠴᠠᠭᠠᠵᠠᠯᠠᠬᠤ ᠪᠠ ᠪᠡᠯᠴᠢᠭᠡᠷᠯᠡᠬᠦ ᠶᠢ ᠵᠣᠭᠰᠣᠭᠠᠬᠤ ᠠᠵᠢᠯ ᠢ ᠠᠬᠢᠭᠤᠯᠵᠤ᠂ ᠬᠤᠯᠠᠭᠠᠶᠢᠯᠠᠨ ᠪᠡᠯᠴᠢᠭᠡᠷᠯᠡᠬᠦ ᠠᠵᠢᠯᠯᠠᠭ᠎ᠠ ᠶᠢ ᠪᠠᠭᠠᠰᠬᠠᠬᠤ ᠶᠢᠨ ᠬᠠᠮᠲᠤ ᠡᠨᠡᠬᠦ ᠠᠵᠢᠯ ᠢ ᠪᠣᠳᠠᠲᠠᠶᠢᠵᠢᠭᠤᠯᠤᠨ ᠰᠠᠶᠢᠲᠤᠷ ᠬᠢᠵᠦ᠂ ᠦᠷ᠎ᠡ ᠪᠦᠲᠦᠮᠵᠢ ᠭᠠᠷᠭᠠᠨ᠎ᠠ᠃ ᠭᠤᠷᠪᠠ ᠳᠤ ᠬᠤᠭ ᠰᠢᠷᠣᠶ᠂ ᠬᠤᠭᠤᠰᠣᠨ ᠭᠠᠵᠠᠷ ᠤᠨ ᠬᠤᠭ ᠲᠣᠭᠤᠰᠣ ᠶᠢ ᠴᠡᠭᠴᠡᠯᠡᠨ ᠵᠠᠰᠠᠬᠤ᠂ ᠲᠣᠭᠤᠷᠢᠨ ᠪᠠᠶᠢᠴᠠᠭᠠᠬᠤ ᠬᠢᠭᠡᠳ ᠭᠤᠤᠯ ᠤᠨ ᠵᠠᠮ ᠢ ᠴᠡᠪᠡᠷᠯᠡᠬᠦ ᠠᠵᠢᠯ ᠢ ᠢᠳᠡᠪᠬᠢᠲᠡᠶ ᠰᠠᠶᠢᠲᠤᠷ ᠬᠢᠨ᠎ᠠ᠃ ︽ᠪᠤᠭᠤᠲᠤ ᠬᠤᠲᠠ ᠶᠢᠨ ᠬᠤᠭ ᠰᠢᠷᠣᠶ᠂ ᠬᠤᠭᠤᠰᠣᠨ ᠭᠠᠵᠠᠷ ᠤᠨ ᠲᠣᠭᠤᠰᠣ ᠰᠢᠷᠣᠶ ᠶᠢᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠶᠢᠨ ᠬᠡᠷᠡᠭᠵᠢᠭᠦᠯᠬᠦ ᠲᠥᠰᠦᠯ︾ ᠤᠨ ᠮᠡᠳᠡᠭᠳᠡᠯ ᠳᠤ ᠪᠤᠷᠬᠠᠨᠳᠤ ᠪᠠᠯᠭᠠᠰᠣᠨ ᠳᠤ ᠬᠤᠯᠪᠣᠭᠳᠠᠭᠰᠠᠨ 17 ᠴᠡᠭ ᠲᠤ ᠴᠥᠮ ᠨᠣᠭᠤᠭᠠᠨ ᠲᠣᠤᠷ ᠢᠶᠠᠷ ᠪᠦᠷᠬᠦᠬᠦ ᠵᠠᠰᠠᠯᠲᠠ ᠶᠢ ᠪᠡᠶᠡᠯᠡᠭᠦᠯᠦᠭᠰᠡᠨ ᠪᠠᠶᠢᠨ᠎ᠠ᠃ ᠣᠳᠣᠬᠠᠨ ᠳᠤ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ 2018 ᠣᠨ ᠤ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠴᠡᠭᠴᠡᠯᠡᠨ ᠥᠭᠡᠷᠡᠴᠢᠯᠡᠬᠦ ᠡᠭᠦᠷᠭᠡ ᠶᠢᠨ ᠳ᠋ᠤᠭᠠᠷ ᠢ ᠬᠠᠰᠤᠭᠰᠠᠨ ᠭᠡᠷᠡᠴᠢ ᠮᠠᠲ᠋ᠧᠷᠢᠶᠠᠯ ᠢ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠵᠤ᠂ ᠴᠤᠭᠯᠠᠭᠤᠯᠤᠨ ᠡᠮᠬᠢᠳᠬᠡᠵᠦ ᠳᠡᠭᠡᠭᠰᠢ ᠮᠡᠳᠡᠭᠦᠯᠦᠨ᠎ᠡ᠃ ︵ᠪᠤᠷᠬᠠᠨᠳᠤ ᠪᠠᠯᠭᠠᠰᠤ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号