ᠬᠦᠨᠳᠡᠯᠡᠨ ᠭᠤᠣᠯ ᠪᠠᠯᠭᠠᠰᠤ ᠶᠢᠨ ︽ᠭᠤᠷᠪᠠᠨ ᠠᠷᠭ᠎ᠠ ᠬᠡᠮᠵᠢᠶ᠎ᠡ︾ ᠪᠠᠷ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠵᠠᠰᠠᠬᠤ ᠠᠵᠢᠯ ᠢ ᠳᠥᠯᠭᠢᠨ ᠠᠬᠢᠭᠤᠯᠵᠦ ᠦᠷ᠎ᠡ ᠪᠦᠲᠦᠮᠵᠢ ᠭᠠᠷᠭᠠᠪᠠ
ᠨᠡᠶᠢᠲᠡᠯᠡᠭᠰᠡᠨ ᠴᠠᠭ᠄
2022/6/20
     ᠨᠢᠭᠡ ᠳᠤ᠂ ᠪᠦᠬᠦ ᠲᠠᠯ᠎ᠠ ᠪᠠᠷ ᠤᠬᠠᠭᠤᠯᠭ᠎ᠠ ᠶᠢ ᠥᠷᠨᠢᠭᠦᠯᠵᠦ᠂ ︽ᠵᠣᠬᠢᠴᠠᠭᠤᠯᠬᠤ︾ ᠳᠡᠭᠡᠷ᠎ᠡ ᠬᠦᠴᠦ ᠲᠠᠯᠪᠢᠬᠤ ᠶᠢ ᠪᠠᠷᠢᠮᠲᠠᠯᠠᠬᠤ ᠬᠡᠷᠡᠭᠲᠡᠢ᠃ ︽ᠥᠪᠡᠷᠲᠡᠭᠡᠨ ᠨᠤᠷᠠᠭᠠᠬᠤ ᠪᠠᠷ ᠭᠤᠣᠯ ᠪᠣᠯᠭᠠᠵᠤ᠂ ᠠᠯᠪᠠᠳᠠᠯᠭ᠎ᠠ ᠪᠠᠷ ᠨᠤᠷᠠᠭᠠᠬᠤ ᠪᠠᠷ ᠬᠠᠪᠰᠤᠷᠤᠮᠵᠢ ᠪᠣᠯᠭᠠᠬᠤ︾ ᠵᠠᠷᠴᠢᠮ ᠪᠠᠷᠢᠮᠲᠠᠯᠠᠨ᠂ ︽ᠲᠣᠭᠲᠠᠭᠠᠯ ᠢ ᠵᠥᠷᠢᠴᠡᠨ ᠪᠠᠷᠢᠯᠭ᠎ᠠ ᠪᠠᠷᠢᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠶᠢ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠲᠣᠭᠲᠠᠭᠠᠨ ᠲᠠᠷᠬᠠᠭᠠᠬᠤ ᠶᠢᠨ ᠬᠠᠮᠲᠤ ᠠᠵᠢᠯᠯᠠᠬᠤ ᠳᠤᠭᠤᠶᠢᠯᠠᠩ ᠪᠠᠶᠢᠭᠤᠯᠵᠤ᠂ ᠡᠮᠦᠨ᠎ᠡ ᠤᠮᠠᠷ᠎ᠠ ᠲᠣᠭᠤᠷᠢᠭ ᠬᠤᠪᠢᠶᠠᠨ ᠲᠣᠭᠲᠠᠭᠠᠯ ᠢ ᠵᠥᠷᠢᠴᠡᠨ ᠪᠥᠳᠥᠭᠡᠨ ᠪᠠᠶᠢᠭᠤᠯᠤᠭᠰᠠᠨ ᠪᠠᠷᠢᠯᠭ᠎ᠠ ᠢ ᠴᠡᠭᠴᠡᠯᠡᠨ ᠵᠠᠰᠠᠬᠤ 2 ᠳ᠋ᠣᠭᠠᠷ ᠣᠳᠠᠭᠠᠨ ᠤ ᠠᠵᠢᠯᠯᠠᠭ᠎ᠠ ᠶᠢ ᠦᠷᠨᠢᠭᠦᠯᠵᠦ᠂ ᠲᠣᠭᠲᠠᠭᠠᠯ ᠢ ᠵᠥᠷᠢᠴᠡᠨ ᠪᠠᠶᠢᠭᠤᠯᠤᠭᠰᠠᠨ 129 ᠭᠠᠵᠠᠷ᠂ 1044 ᠲᠡᠭᠰᠢ ᠳᠥᠷᠪᠡᠯᠵᠢᠨ ᠮᠧᠲᠷ ᠢ ᠪᠠᠶᠢᠴᠠᠭᠠᠨ ᠪᠦᠷᠢᠳᠬᠡᠪᠡ᠃ ᠳᠤᠷ᠎ᠠ ᠪᠠᠷ ᠢᠶᠠᠨ ᠪᠠᠶᠢᠭᠤᠯᠬᠤ ᠶᠢᠨ ᠬᠤᠣᠷ ᠬᠦᠨᠦᠭᠡᠯᠳᠦ ᠴᠢᠨᠠᠷ ᠢ ᠥᠷᠭᠡᠨ ᠢᠶᠠᠷ ᠤᠬᠠᠭᠤᠯᠵᠤ᠂ 5 ᠡᠭᠡᠯᠵᠢ ᠢᠶᠠᠷ ᠡᠷᠦᠭᠡ ᠳᠤ ᠣᠷᠣᠬᠤ ᠤᠬᠠᠭᠤᠯᠭ᠎ᠠ ᠶᠢ ᠥᠷᠨᠢᠭᠦᠯᠵᠦ᠂ 500 ᠭᠠᠷᠤᠶ ᠬᠤᠪᠢ ᠠᠯᠪᠠᠨ ᠵᠠᠷ ᠨᠠᠭᠠᠪᠠ᠃ ᠬᠤᠶᠠᠷ ᠲᠤ᠂ ᠴᠡᠭᠴᠡᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠴᠢᠩᠭᠠᠳᠬᠠᠵᠤ᠂ ︽ᠨᠤᠷᠠᠭᠠᠬᠤ︾ ᠳᠡᠭᠡᠷ᠎ᠡ ᠬᠦᠴᠦ ᠲᠠᠯᠪᠢᠬᠤ ᠶᠢ ᠪᠠᠷᠢᠮᠲᠠᠯᠠᠨ᠎ᠠ᠃ ᠬᠥᠮᠦᠨ ᠤ ᠬᠦᠴᠦ ᠪᠠ ᠪᠣᠳᠠᠰ ᠤᠨ ᠬᠦᠴᠦᠨ ᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠲᠣᠮᠢᠯᠠᠭᠰᠠᠨ ᠰᠠᠯᠪᠤᠷᠢ᠂ ᠲᠣᠰᠬᠤᠨ ᠤ ᠣᠷᠣᠨ ᠰᠠᠭᠤᠴᠠ ᠪᠠ ᠠᠳᠠᠯ ᠠᠬᠤᠶ ᠬᠥᠳᠡᠯᠦᠯᠴᠡᠵᠦ᠂ ᠪᠣᠶ ᠪᠥᠬᠦᠶ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠠᠳᠠᠯᠢ ᠪᠠᠷ ᠦᠵᠡᠵᠦ ᠂ ᠠᠵᠢᠯᠳᠠᠳ ᠢ ᠵᠣᠬᠢᠶᠠᠨ ᠪᠠᠶᠢᠭᠤᠯᠤᠨ ᠬᠠᠤᠯᠢ ᠶᠣᠰᠣᠭᠠᠷ ᠨᠤᠷᠠᠭᠠᠪᠠ᠃ ᠨᠤᠷᠠᠭᠠᠬᠤ ᠶᠠᠪᠤᠴᠠ ᠳᠤ ᠬᠠᠤᠯᠢ ᠬᠡᠷᠡᠭᠵᠢᠭᠦᠯᠬᠦ ᠵᠢᠷᠦᠮ ᠢ ᠰᠠᠬᠢᠵᠤ᠂ ᠰᠡᠭᠦᠳᠡᠷ ᠲᠠᠲᠠᠵᠤ ᠭᠡᠷᠡᠴᠢ ᠠᠪᠬᠤ ᠪᠠ ᠡᠮᠬᠢ ᠵᠢᠷᠤᠮ ᠢ ᠪᠠᠲᠣᠯᠠᠬᠤ ᠳᠤᠭᠤᠶᠢᠯᠠᠩ ᠲᠤᠬᠠᠶ ᠶᠢᠨ ᠲᠠᠯᠠᠪᠤᠷ ᠢ ᠬᠠᠮᠠᠭᠠᠯᠠᠪᠠ᠃ ᠣᠲᠣ ᠪᠣᠯᠲᠠᠯ᠎ᠠ᠂ ᠬᠠᠤᠯᠢ ᠠᠴᠠ ᠵᠥᠷᠢᠴᠡᠭᠰᠡᠨ 25 ᠭᠠᠵᠠᠷ᠂ 170 ᠲᠡᠭᠰᠢ ᠳᠥᠷᠪᠡᠯᠵᠢᠨ ᠮᠧᠲᠷ ᠤᠨ ᠪᠥᠲᠥᠭᠡᠨ ᠪᠠᠶᠢᠭᠤᠯᠤᠯᠲᠠ ᠶᠢ ᠨᠤᠷᠠᠭᠠᠪᠠ︔ ᠡᠭᠦᠨ ᠳᠤ 5 ᠡᠷᠦᠬᠡ ᠶᠢ ᠬᠠᠮᠵᠢᠯᠴᠠᠨ ᠨᠤᠷᠠᠭᠠᠵᠤ᠂ 20 ᠡᠷᠦᠬᠡ ᠶᠢ ᠥᠪᠡᠰᠦᠪᠡᠨ ᠨᠤᠷᠠᠭᠠᠪᠠ᠃ ᠭᠤᠷᠪᠠ ᠳᠤ᠂ ᠪᠦᠬᠦ ᠰᠡᠳᠬᠢᠯ ᠢᠶᠠᠷ ᠢᠶᠠᠨ ᠰᠡᠷᠭᠡᠶᠢᠯᠡᠨ ᠡᠵᠡᠮᠳᠡᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ︽ᠬᠤᠷᠢᠭᠯᠠᠬᠤ︾ ᠳᠡᠭᠡᠷ᠎ᠡ ᠬᠦᠴᠦ ᠲᠠᠯᠪᠢᠬᠤ ᠶᠢ ᠪᠠᠷᠢᠮᠲᠠᠯᠠᠬᠤ ᠬᠡᠷᠡᠭᠲᠡᠢ᠃ ︽ᠬᠦᠮᠦᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠬᠠᠮᠲᠤᠷᠠᠨ ᠰᠡᠷᠭᠡᠶᠢᠯᠡᠬᠦ︾ ᠭᠤᠷᠪᠠ ᠶᠢ ᠰᠡᠷᠭᠡᠶᠢᠯᠡᠬᠦ ᠶᠢ ᠨᠢᠭᠡ ᠴᠣᠠᠠᠴᠠᠵᠢᠭᠤᠯᠥᠠᠠᠰᠠᠨ ᠠᠵᠢᠯ ᠤᠨ ᠲᠣᠭᠲᠠᠴᠠ ︵ᠬᠠᠤᠯᠢ ᠬᠡᠷᠡᠭᠵᠢᠭᠦᠯᠬᠦ ᠠᠵᠢᠯᠲᠠᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠰᠡᠷᠭᠡᠶᠢᠯᠡᠬᠦ᠂ ᠬᠠᠶᠢᠭᠤᠷ ᠢᠶᠠᠷ ᠬᠢᠨᠠᠨ ᠡᠵᠡᠮᠳᠡᠵᠦ ᠰᠡᠷᠭᠡᠶᠢᠯᠡᠬᠦ᠂ ᠨᠡᠶᠢᠭᠡᠮ ᠲᠣᠭᠤᠷᠢᠭ ᠲᠤ ᠬᠦᠷᠴᠦ ᠰᠤᠷᠪᠤᠯᠵᠢᠯᠠᠨ ᠰᠡᠷᠭᠡᠶᠢᠯᠡᠬᠦ︶ ᠶᠢ ᠬᠡᠷᠡᠭᠵᠢᠭᠦᠯᠵᠦ᠂ ᠣᠯᠠᠨ ᠠᠷᠭ᠎ᠠ ᠬᠡᠮᠵᠢᠶ᠎ᠡ ᠠᠪᠴᠤ ᠲᠣᠭᠲᠠᠭᠠᠯ ᠢ ᠵᠥᠷᠢᠴᠡᠨ ᠰᠢᠨ᠎ᠡ ᠪᠠᠷ ᠪᠠᠶᠢᠭᠤᠯᠬᠤ ᠶᠢ ᠬᠤᠷᠢᠭᠯᠠᠵᠣ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠦᠢᠯᠪᠤᠷᠢᠲᠠᠶ ᠨᠤᠷᠠᠭᠠᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠵᠠᠰᠠᠯ ᠴᠢᠮᠡᠭᠯᠡᠯ ᠤᠨ ᠪᠦᠷᠬᠦᠴᠡ ᠶᠢ ᠶᠠᠪᠤᠭᠳᠠᠭᠤᠯᠤᠨ᠎ᠠ᠃ ︵ᠬᠦᠨᠳᠡᠯᠡᠨ ᠭᠤᠣᠯ ᠪᠠᠯᠭᠠᠰᠤ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号