ᠨᠥᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠭᠤᠷᠪᠠᠨ ᠮᠣᠷᠢᠲᠣ ᠲᠡᠷᠭᠡ︾ ᠶᠢ ᠵᠡᠷᠭᠡᠪᠡᠷ ᠵᠢᠯᠣᠭᠤᠳᠴᠤ᠂ ᠬᠠᠮᠲᠤᠪᠠᠷ ᠠᠳᠬᠤᠨ ᠬᠠᠮᠲᠤᠪᠠᠷ ᠬᠠᠮᠢᠶᠠᠷᠴᠤ ᠬᠠᠮᠲᠤᠪᠠᠷ ᠰᠠᠶᠢᠨ ᠰᠠᠶᠢᠬᠠᠨ ᠭᠡᠷ ᠣᠷᠣᠨ ᠢᠶᠠᠨ ᠪᠦᠳᠦᠬᠡᠨ ᠪᠠᠶᠢᠭᠤᠯᠦᠨ᠎ᠠ
ᠨᠡᠶᠢᠲᠡᠯᠡᠭᠰᠡᠨ ᠴᠠᠭ᠄
2022/6/20
     ︽ᠨᠡᠶᠢᠭᠡᠮ ᠲᠣᠭᠤᠷᠢᠭ + ᠥᠮᠴᠢᠲᠡᠨ ᠤ ᠵᠥᠪᠯᠡᠯ + ᠠᠳᠠᠯ ᠠᠬᠤᠶ ᠶᠢᠨ ᠬᠠᠮᠢᠶᠠᠷᠤᠯᠲᠠ︾ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠵᠠᠭᠪᠤᠷ ᠢ ᠤᠯᠠᠮ ᠨᠢᠭᠡ ᠠᠯᠬᠤᠮ ᠪᠠᠳᠠᠷᠠᠭᠤᠯᠵᠤ᠂ ︽ᠭᠤᠷᠪᠠᠨ ᠮᠣᠷᠢᠲᠣ ᠲᠡᠷᠭᠡ︾ ᠵᠡᠷᠭᠡᠪᠡᠷ ᠤᠷᠤᠭᠰᠢᠯᠠᠬᠤ ᠶᠢ ᠪᠡᠶᠡᠯᠡᠭᠦᠯᠬᠦ ᠶᠢᠨ ᠲᠤᠰᠠᠳᠠ᠂ ᠬᠡᠷᠡᠭ ᠡᠷᠬᠢᠯᠡᠬᠦ ᠭᠠᠵᠠᠷ ᠤᠨ ᠬᠢᠨ ᠠᠵᠢᠯ ᠦᠢᠯᠡᠰ ᠤᠨ ᠵᠥᠪᠯᠡᠯ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠶᠢ ᠢᠳᠡᠪᠬᠢᠲᠡᠶ ᠳᠥᠯᠭᠢᠨ ᠠᠬᠢᠭᠤᠯᠪᠠ᠃ ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠬᠤᠪᠢᠰᠬᠠᠯᠲᠤ ᠭᠧᠨ︾ ᠢᠶᠠᠷ ᠴᠢᠬᠤᠯᠠ ᠪᠠᠷᠢᠮᠵᠢᠶ᠎ᠠ ᠪᠣᠯᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠣᠭᠤᠮᠲᠠ ᠰᠠᠬᠢᠬᠤ ᠦᠢᠯᠡᠳᠦᠯ ᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠪᠦᠬᠦ ᠶᠠᠪᠤᠴᠠ ᠳᠤ ᠲᠤᠤᠱᠯᠠᠭᠤᠯᠬᠤ ᠬᠡᠷᠡᠭᠲᠡᠢ᠃ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠳᠠᠮᠵᠢᠭᠤᠯᠤᠨ᠂ ᠪᠠᠭ ᠤᠨ ᠪᠦᠷᠢᠯᠳᠦᠬᠦᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠡᠶ᠎ᠡ ᠪᠠᠷ ᠢᠶᠠᠨ ᠪᠠᠶᠢᠷᠢᠯᠠᠭᠤᠯᠤᠯᠲᠠ ᠬᠢᠵᠦ᠂ ᠵᠣᠬᠢᠶᠠᠨ ᠪᠠᠶᠢᠭᠤᠯᠬᠤ ᠠᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠴᠢᠭᠯᠡᠯ ᠢ ᠲᠣᠳᠣᠷᠬᠠᠶ ᠵᠢᠭᠠᠵᠤ ᠥᠭᠪᠡ᠃ ᠬᠤᠶᠠᠷ ᠲᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠥᠳᠡᠯᠦᠩᠭᠦᠶ ᠪᠠᠷ ᠮᠥᠷᠳᠡᠨ ᠳᠠᠭᠠᠬᠤ ᠬᠡᠷᠡᠭᠲᠡᠶ᠃ ᠠᠵᠢᠯ ᠤᠨ ᠬᠤᠷᠠᠯᠳᠤᠭᠠᠨ ᠤ ᠲᠦᠷᠢᠮ᠂ ᠨᠡᠶᠢᠭᠡᠮ ᠲᠣᠭᠤᠷᠢᠭ ᠤᠨ ᠭᠠᠷᠠᠭ ᠪᠦᠷᠢ ᠶᠢᠨ ᠮᠡᠳᠡᠭᠦᠯᠦᠯᠲᠡ ᠶᠢᠨ ᠲᠦᠷᠢᠮ ᠪᠠ ᠲᠤᠰᠬᠠᠶ ᠠᠩᠬᠢ ᠶᠢᠨ ᠬᠥᠳᠡᠯᠦᠩᠭᠦᠶ ᠪᠠᠶᠢᠳᠠᠯ ᠢ ᠲᠠᠭᠠᠵᠤ ᠬᠢᠬᠦ ᠲᠦᠷᠢᠮ ᠢ ᠪᠠᠶᠢᠭᠤᠯᠵᠤ᠂ ᠠᠵᠢᠯ ᠤᠨ ᠠᠬᠢᠴᠠ ᠶᠢ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠤᠨ᠎ᠠ᠃ ᠣᠳᠣ ᠪᠣᠯᠲᠠᠯ᠎ᠠ ᠠᠵᠢᠯ ᠤᠨ ᠠᠬᠢᠭᠤᠯᠦᠯᠲᠡ ᠶᠢᠨ ᠬᠤᠷᠠᠯ ᠢ 10 ᠭᠠᠷᠤᠢ ᠤᠳᠠᠭ᠎ᠠ᠂ ᠭᠤᠣᠯᠳᠠᠯᠭ᠎ᠠ ᠲᠠᠢ ᠠᠰᠠᠭᠤᠳᠠᠯ ᠢ ᠲᠤᠬᠢᠷᠠᠭᠤᠯᠬᠤ ᠬᠤᠷᠠᠯ ᠢ 10 ᠭᠠᠷᠤᠢ ᠤᠳᠠᠭ᠎ᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ 5 ᠤᠳᠠᠭ᠎ᠠ ᠬᠤᠷᠠᠯᠳᠤᠭᠤᠯᠵᠠᠢ᠃ ᠭᠤᠷᠪᠠ ᠳᠤ ᠠᠵᠢᠯ ᠤᠨ ᠲᠠᠰ ᠳᠠᠷᠠᠭᠠᠯᠠᠯ ᠢ ᠴᠢᠩᠭᠠᠳᠬᠠᠵᠦ᠂ ᠯᠠᠪᠳᠠᠭᠤᠨ ᠢᠶᠠᠷ ᠠᠬᠢᠭᠤᠯᠤᠨ᠎ᠠ᠃ ᠥᠮᠴᠢᠲᠡᠨ ᠤ ᠭᠡᠰᠢᠭᠦᠨ ᠤ ᠪᠠᠶᠢᠭᠤᠯᠤᠭᠰᠠᠨ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠠᠢ ᠤᠶᠠᠯᠳᠤᠭᠤᠯᠤᠨ᠂ ᠤᠲᠠᠰᠤ ᠪᠠᠷ ᠰᠤᠷᠪᠤᠯᠵᠢᠯᠠᠬᠤ᠂ ᠰᠠᠭᠤᠭᠠᠯᠢ ᠠᠷᠠᠳ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠥᠷᠭᠡᠨ ᠣᠯᠠᠨ ᠥᠮᠴᠢᠲᠡᠨ ᠤ ᠲᠣᠭᠤᠷᠢᠭ ᠤᠨ ᠠᠵᠢᠯ ᠦᠢᠯᠡᠰ ᠤᠨ ᠵᠥᠪᠯᠡᠯ ᠤᠨ ᠰᠣᠩᠭᠤᠭᠤᠯᠢ ᠶᠢᠨ ᠠᠵᠢᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠎ᠠ᠃ ︵ᠨᠥᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号