ᠨᠡᠶᠢᠲᠡ 2825 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠬᠦᠨᠳᠡᠯᠡᠨ ᠲᠣᠭᠤᠷᠢᠭ ᠤᠨ ᠪᠤᠷᠬᠠᠨᠳᠤ ᠪᠠᠯᠭᠠᠰᠣ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠲᠥᠷᠥᠯ ᠵᠦᠢᠯ ᠨᠢᠭᠡᠨᠲᠡ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠪᠠᠨ ᠳᠠᠭᠤᠰᠬᠠᠪᠠ
ᠨᠡᠶᠢᠲᠡᠯᠡᠭᠰᠡᠨ ᠴᠠᠭ᠄
2022/6/20
     ᠲᠤᠰ ᠲᠦᠷᠦᠯ ᠵᠦᠢᠯ ᠨᠢ ᠬᠥᠨᠳᠡᠯᠡᠨ ᠲᠣᠭᠤᠷᠢᠭ ᠤᠨ ᠪᠤᠷᠬᠠᠨᠲᠤ ᠪᠠᠯᠭᠠᠰᠤᠨ ᠤ ᠲᠦᠪ ᠲᠤ ᠪᠠᠶᠢᠷᠢᠯᠠᠵᠤ᠂ 10 ᠮᠦ ᠲᠠᠯᠠᠪᠠᠢ ᠲᠠᠢ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 3803.36 ᠲᠡᠭᠰᠢ ᠳᠥᠷᠪᠡᠯᠵᠢᠨ ᠮᠧᠲᠷ ᠲᠤ ᠬᠦᠷᠴᠡᠢ᠃ ᠣᠳᠣᠬᠠᠨ ᠳᠤ ᠲᠥᠷᠥᠯ ᠵᠦᠢᠯ ᠤᠨ ᠭᠤᠤᠯ ᠴᠣᠭᠴᠠ ᠵᠢᠴᠢ ᠳᠠᠭᠠᠯᠲᠠ ᠬᠡᠷ ᠪᠠᠶᠢᠰᠢᠩ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠳᠣᠲᠣᠷ᠎ᠠ ᠭᠠᠳᠠᠨᠠᠬᠢ ᠵᠠᠰᠠᠯ ᠴᠢᠮᠡᠭᠯᠡᠯ ᠵᠢᠴᠢ ᠬᠦᠷᠢᠶᠡᠨ ᠳᠣᠲᠣᠷᠠᠬᠢ ᠬᠠᠲᠠᠭᠤᠷᠠᠭᠤᠯᠤᠨ ᠨᠣᠭᠤᠭᠠᠷᠠᠭᠤᠯᠬᠤ ᠱᠠᠲᠤᠨ ᠳᠤ ᠣᠷᠣᠵᠤ᠂ ᠵᠢᠱᠢᠯᠲᠡ ᠪᠠᠷ ᠡᠨᠡ ᠵᠢᠯ ᠤᠨ 12 ᠰᠠᠷ᠎ᠠ ᠳᠤ ᠠᠵᠢᠯ ᠢᠶᠠᠨ ᠲᠤᠰᠢᠶᠠᠨ᠎ᠠ᠃ ᠪᠠᠶᠢᠭᠤᠯᠵᠤ ᠳᠠᠭᠤᠰᠤᠭᠰᠠᠨ ᠤ ᠳᠠᠷᠠᠭᠠᠬᠢ ᠦᠢᠯᠡᠴᠢᠯᠡᠭᠡᠨ ᠤ ᠲᠠᠯᠠᠪᠠᠶ ᠨᠢ 201.1 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠬᠦᠯᠦᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠪᠣᠯᠤᠨ ᠪᠣᠷᠬᠠᠨᠳᠤ ᠪᠠᠯᠭᠠᠰᠤ ᠶᠢᠨ 16 ᠵᠠᠰᠠᠭ ᠵᠠᠬᠢᠷᠭᠠᠨ ᠤ ᠲᠣᠰᠬᠤᠨ ᠳᠤ ᠠᠰᠢᠭ ᠬᠦᠷᠲᠡᠭᠡᠵᠦ᠂ ᠦᠢᠯᠡᠴᠢᠯᠡᠭᠡᠨ ᠤ ᠬᠥᠮᠦᠨ ᠠᠮᠠ 5.1 ᠲᠦᠮᠡ ᠳᠤ ᠬᠥᠷᠪᠡ᠃ ︵ᠪᠤᠷᠬᠠᠨᠳᠤ ᠪᠠᠯᠭᠠᠰᠤ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号