ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2022 ᠣᠨ ᠤ ᠠᠩᠬᠠᠨ ᠤ ᠪᠦᠯᠦᠭ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠯᠠ ᠮᠥᠩᠭᠦ 67.62 ᠲᠦᠮᠡᠨ ᠲᠥᠭᠦᠷᠢᠭ ᠲᠠᠷᠬᠠᠭᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠪᠠ
ᠨᠡᠶᠢᠲᠡᠯᠡᠭᠰᠡᠨ ᠴᠠᠭ᠄
2022/6/20
      ᠠᠵᠤ ᠠᠬᠤᠶᠢᠯᠠᠯ ᠢ ᠬᠠᠪᠰᠣᠷᠴᠣ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠨᠥᠯᠥᠭᠡ ᠶᠢ ᠪᠦᠲᠦᠮᠵᠢᠲᠡᠶ ᠠᠷᠭᠠᠴᠠᠵᠤ᠂ ᠠᠵᠤ ᠠᠬᠤᠶᠢᠯᠠᠯ ᠤᠨ ᠲᠦᠷᠭᠡᠨ ᠰᠡᠷᠭᠦᠬᠦ ᠶᠢ ᠠᠬᠢᠭᠤᠯᠬᠤ ᠶᠢᠨ ᠲᠥᠯᠥᠭᠡ ᠂ ᠮᠠᠨ ᠤ ᠲᠣᠭᠤᠷᠢᠭ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ᠂ ᠳᠥᠭᠦᠮ ᠳᠥᠲᠡ ᠦᠢᠯᠡᠴᠢᠯᠡᠭᠡ ᠶᠢ ᠬᠡᠷᠡᠭᠵᠢᠭᠦᠯᠵᠦ᠂ 2022 ᠣᠨ ᠤ ᠠᠩᠬᠠᠨ ᠤ ᠪᠦᠯᠦᠭ ᠨᠥᠬᠦᠴᠡᠯ ᠳᠤ ᠨᠡᠶᠢᠴᠡᠬᠦ 381 ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠯᠠ ᠮᠥᠩᠭᠦ 67.62 ᠲᠦᠮᠡᠨ ᠲᠥᠭᠦᠷᠢᠭ ᠢ ᠲᠠᠷᠬᠠᠭᠠᠪᠠ᠃ ᠡᠨᠡ ᠵᠢᠯ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠳᠥᠭᠦᠮᠴᠢᠯᠡᠨ᠂ ᠭᠦᠢᠴᠡᠳᠬᠡᠬᠦ ᠬᠤᠭᠤᠴᠠᠭ᠎ᠠ ᠢ ᠪᠣᠭᠤᠨᠢᠰᠬᠠᠨ᠎ᠠ᠃ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠤ ᠠᠬᠤᠶᠢᠯᠠᠯ ᠳᠤ᠂ ᠲᠣᠮᠣ ᠳ᠋ᠠᠶᠢᠲ᠋ᠠ ᠶᠢᠨ ᠬᠠᠷᠢᠴᠠᠭᠤᠯᠤᠯ ᠢ ᠠᠰᠢᠭᠯᠠᠨ᠂ ᠲᠥᠷᠥ ᠶᠢᠨ ᠪᠣᠳᠣᠯᠭ᠎ᠠ ᠭᠥᠷᠳᠡᠬᠦ ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡ ᠵᠢᠴᠢ ᠪᠤᠴᠠᠭᠠᠬᠤ ᠪᠠᠷᠢᠮᠵᠢᠶ᠎ᠠ ᠶᠢ ᠲᠣᠭᠲᠠᠭᠠᠵᠤ᠂ ᠲᠥᠷᠥ ᠶᠢᠨ ᠪᠣᠳᠣᠯᠭ᠎ᠠ ᠭᠥᠷᠳᠡᠬᠦ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠰᠢᠭᠤᠳ ᠪᠡᠶᠡᠯᠡᠭᠦᠯᠬᠦ ᠪᠠᠷ ᠲᠣᠭᠲᠠᠭᠠᠵᠤ᠂ ︽ᠳ᠋ᠠᠶᠢᠲ᠋ᠠ ᠶᠢ ᠬᠡᠷᠡᠭᠯᠡᠨ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠦᠨ᠎ᠡ᠃ ︽ᠠᠵᠤ ᠠᠬᠤᠶᠢᠯᠠᠯ ᠲᠥᠷᠥ ᠶᠢᠨ ᠪᠣᠳᠣᠯᠭ᠎ᠠ ᠶᠢ ᠡᠷᠢᠬᠦ︾ ᠠᠴᠠ ︽ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠢ ᠡᠷᠢᠬᠦ︾ ᠳᠠᠰᠢ ᠬᠤᠪᠢᠷᠠᠭᠤᠯᠵᠤ᠂ ᠠᠵᠤ ᠠᠬᠤᠶᠢᠯᠠᠯ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠡᠳ᠋ᠯᠡᠬᠦ ᠶᠢ ᠪᠠᠲᠤᠯᠠᠵᠤ᠂ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠤᠨ ᠪᠠᠶᠢᠷᠢ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠠᠬᠢᠭᠤᠯᠬᠤ ᠦᠶᠯᠡᠳᠦᠯ ᠢ ᠭᠦᠢᠴᠡᠳ ᠢᠯᠡᠷᠡᠭᠦᠯᠦᠨ᠎ᠡ᠃ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号