ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠬᠥᠭᠵᠢᠯᠲᠡ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠠᠷᠠᠳ ᠤᠨ ᠠᠮᠢᠳᠤᠷᠠᠯ ᠢ ᠪᠠᠲᠣᠯᠠᠬᠤ ᠬᠢᠵᠠᠭᠠᠷ ᠱᠣᠭᠤᠮ ᠢ ᠴᠢᠩᠭ᠎ᠠ ᠠᠳᠬᠤᠨ᠎ᠠ
ᠨᠡᠶᠢᠲᠡᠯᠡᠭᠰᠡᠨ ᠴᠠᠭ᠄
2022/6/20
      ᠨᠢᠭᠡ ᠳᠤ᠂ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠠᠷᠭ᠎ᠠ ᠵᠠᠮ ᠢ ᠢᠳᠡᠪᠬᠢᠲᠡᠶ ᠪᠠᠷ ᠳᠡᠯᠭᠡᠷᠡᠭᠦᠯᠦᠨ᠎ᠡ᠃ ᠠᠵᠢᠯ ᠠᠴᠠ ᠪᠣᠯᠵᠦ ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠳᠤ ᠬᠠᠯᠳᠠᠪᠤᠷᠢᠯᠠᠭᠰᠠᠨ ᠵᠢᠴᠢ ᠬᠢᠵᠢᠭ ᠢ ᠰᠡᠷᠭᠡᠶᠢᠯᠡᠬᠦ ᠠᠵᠢᠯ ᠤᠨ ᠳᠤᠮᠳᠠ ᠰᠢᠷᠬᠠᠲᠤᠭᠰᠠᠨ ᠵᠡᠷᠭᠡ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠲᠦᠷᠭᠡᠨ ᠨᠡᠪᠲᠡᠷᠡᠬᠦ ᠵᠠᠮ ᠢ ᠨᠡᠪᠲᠡᠷᠡᠭᠦᠯᠵᠦ᠂ ᠭᠤᠶᠤᠴᠢᠯᠠᠯ ᠢ ᠲᠡᠷᠡ ᠳᠠᠷᠤᠢ ᠳᠤᠨᠢ ᠬᠦᠯᠢᠶᠡᠨ ᠠᠪᠤᠨ᠎ᠠ︔ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠶᠢ ᠬᠠᠮᠠᠭᠠᠯᠠᠬᠤ ᠦᠢᠯᠡᠴᠢᠯᠡᠭᠡᠨ ᠤ ᠤᠲᠠᠰᠤ ᠶᠢ ᠰᠠᠭᠠᠳ ᠦᠭᠡᠢ ᠨᠡᠪᠲᠡᠷᠡᠭᠦᠯᠵᠦ᠂ ᠬᠥᠳᠡᠯᠮᠦᠷᠢ ᠬᠦᠴᠦᠨ ᠤ ᠠᠵᠢᠯᠳᠠᠨ ᠳᠤ ︽ᠨᠢᠭᠡ ᠠᠴᠠ ᠨᠦᠭᠦᠭᠡ ᠳᠤ︾ ᠠᠵᠤ ᠠᠬᠤᠶᠢᠯᠠᠯ ᠤᠨ ᠠᠵᠢᠯᠳᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠦ᠂ ᠬᠥᠳᠡᠯᠮᠦᠷᠢᠴᠢᠨ ᠤ ᠡᠷᠬᠡ ᠶᠢ ᠬᠠᠮᠠᠭᠠᠯᠠᠬᠤ ᠵᠥᠪᠯᠡᠯᠭᠡ ᠥᠭᠬᠦ ᠠᠰᠠᠭᠤᠳᠠᠯ ᠢ 43 ᠵᠤᠷᠪᠤᠰ ᠲᠠᠶᠢᠯᠪᠤᠷᠢᠯᠠᠵᠤ᠂ ︽ᠤᠯᠤᠰ ᠤᠨ ᠴᠠᠯᠢᠩ ᠥᠷᠢᠲᠦᠭᠰᠡᠨ ᠰᠦᠪᠡᠭᠴᠢ ᠶᠢ ᠲᠤᠰᠬᠠᠬᠤ ᠲᠠᠪᠴᠠᠩ︾ ᠵᠡᠷᠭᠡ ᠰᠦᠪᠡᠭᠴᠢ ᠶᠢ 51 ᠬᠤᠪᠢ ᠰᠢᠶᠳᠪᠦᠷᠢᠯᠡᠪᠡ᠃ ᠬᠤᠶᠠᠷ ᠲᠤ᠂ ᠠᠵᠤ ᠠᠬᠤᠶᠢᠯᠠᠯ ᠤᠨ ᠠᠵᠢᠯ ᠰᠡᠷᠭᠦᠭᠡᠬᠦ ᠳᠤ ᠬᠦᠴᠦᠨ ᠨᠡᠮᠡᠷᠢᠯᠡᠨ᠎ᠡ᠃ ᠠᠵᠤ ᠠᠬᠤᠶᠢᠯᠠᠯ ᠤᠨ ᠠᠵᠢᠯᠳᠠᠨ ᠬᠡᠷᠡᠭᠯᠡᠬᠦ ᠬᠡᠷᠡᠭᠴᠡᠭᠡ ᠶᠢ ᠣᠶᠢᠯᠠᠭᠠᠬᠤ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠠᠷᠢᠯᠴᠠᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ︽ᠠᠵᠢᠯ ᠣᠯᠭᠤᠯᠲᠠ ᠶᠢᠨ ᠬᠥᠨᠳᠡᠯᠡᠨ︾ ᠲᠠᠪᠴᠠᠩ ᠢᠶᠠᠷ ᠳᠠᠮᠵᠢᠭᠤᠯᠤᠨ᠂ 14 ᠠᠵᠤ ᠠᠬᠤᠶᠢᠯᠠᠯ ᠤᠨ 712 ᠠᠵᠢᠯ ᠤᠨ ᠪᠠᠶᠢᠷᠢ ᠶᠢᠨ ᠬᠡᠷᠡᠭᠴᠡᠭᠡᠨ ᠤ ᠮᠡᠳᠡᠭᠡ ᠵᠠᠩᠭᠢ ᠶᠢ ᠨᠡᠶᠢᠲᠡᠯᠡᠵᠦ᠂ ᠠᠵᠢᠯ ᠡᠷᠢᠬᠦ ᠪᠠ ᠠᠵᠢᠯᠲᠠᠨ ᠡᠯᠰᠡᠬᠦ ᠳᠤ ︽ᠭᠡᠷ ᠠᠴᠠ ᠪᠠᠨ ᠭᠠᠷᠬᠤ ᠥᠬᠡᠶ︾ ᠪᠠᠶᠢᠬᠤ ᠶᠢ ᠪᠡᠶᠡᠯᠡᠭᠦᠯᠪᠡ᠃ ᠭᠤᠷᠪᠠ ᠳᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠤᠨ 3073 ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠨᠡᠶᠢᠲᠡ 1272.4 ᠲᠦᠮᠡᠨ ᠲᠥᠭᠦᠷᠢᠭ ᠪᠠᠭᠤᠷᠠᠭᠤᠯᠪᠠ᠃ 1 - 4 ᠰᠠᠷ᠎ᠠ ᠳᠤ᠂ ᠮᠠᠨ ᠤ ᠲᠣᠭᠤᠷᠢᠭ ᠤᠨ ᠠᠵᠢᠯ ᠣᠯᠭᠤᠯᠲᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 1481 ᠬᠥᠮᠦᠨ ᠰᠢᠨ᠎ᠡ ᠪᠠᠷ ᠨᠡᠮᠡᠭᠳᠡᠵᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ 1154 ᠬᠥᠮᠦᠨ ᠰᠢᠨ᠎ᠡ ᠪᠠᠷ ᠨᠡᠮᠡᠭᠳᠡᠪᠡ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠨᠡᠶᠢᠲᠡ 2.53 ᠳ᠋ᠦᠩᠰᠢᠭᠤᠷ ᠲᠥᠭᠦᠷᠢᠭ ᠲᠠᠷᠬᠠᠭᠠᠵᠤ᠂ ᠡᠯ᠎ᠡ ᠲᠥᠷᠥᠯ ᠤᠨ ᠬᠠᠷᠠᠭᠠᠯᠵᠠᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠭᠦᠢᠴᠡᠳ ᠣᠯᠭᠤᠨ᠎ᠠ︔ ᠡᠯ᠎ᠡ ᠲᠥᠷᠥᠯ ᠤᠨ ᠰᠦᠯᠵᠢᠶᠡᠨ ᠲᠠᠪᠴᠠᠩ ᠤᠨ ᠴᠠᠯᠢᠩ ᠥᠷᠢᠲᠦᠭᠰᠡᠨ 225 ᠰᠦᠪᠡᠭᠴᠢ ᠶᠢ ᠰᠢᠢᠳᠪᠦᠷᠢᠯᠡᠵᠦ᠂ 1490 ᠬᠥᠳᠡᠯᠮᠦᠷᠢᠴᠢᠨ ᠳᠤ 3197 ᠲᠦᠮᠡᠨ ᠲᠥᠭᠦᠷᠢᠭ ᠤᠨ ᠴᠠᠯᠢᠩ ᠢ ᠨᠡᠬᠡᠵᠤ ᠠᠪᠴᠢᠷᠠᠪᠠ᠃︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号