ᠮᠠᠨ ᠤ ᠲᠣᠭᠤᠷᠢᠭ ᠣᠷᠣᠨ ᠰᠠᠭᠤᠴᠠ ᠶᠢᠨ ᠲᠣᠭᠤᠷᠢᠭ ᠤᠨ ᠴᠣᠩᠬᠤ ᠪᠠᠨ ᠨᠡᠭᠡᠭᠡᠵᠦ ᠳᠡᠯᠭᠡᠭᠦᠷ ᠨᠡᠭᠡᠭᠡᠬᠦ ᠪᠠᠶᠢᠳᠠᠯ ᠢ ᠴᠡᠭᠴᠡᠯᠡᠨ ᠦᠭᠡᠷᠡᠴᠢᠯᠡᠨ᠎ᠡ
ᠨᠡᠶᠢᠲᠡᠯᠡᠭᠰᠡᠨ ᠴᠠᠭ᠄
2022/6/20
      3 ᠰᠠᠷ᠎ᠠ ᠶᠢᠨ 28 ᠤ ᠡᠳᠦᠷ᠂ ᠬᠠᠤᠯᠢ ᠬᠡᠷᠡᠭᠵᠢᠭᠦᠯᠬᠦ ᠲᠣᠪᠴᠢᠶ᠎ᠠ ᠪᠠᠭᠠᠴᠣᠣᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠴᠠᠭᠠᠨ ᠬᠤᠲᠠ ᠪᠠᠷᠠᠭᠤᠨ ᠵᠠᠮ ᠤᠨ ᠣᠶᠢᠷᠠᠯᠴᠠᠭ᠎ᠠ 185 ᠭᠠᠵᠠᠷ᠂ 3900 ᠲᠡᠭᠰᠢ ᠳᠥᠷᠪᠡᠯᠵᠢᠨ ᠮᠧᠲᠷ ᠤᠨ ᠴᠣᠩᠬᠤ ᠨᠡᠭᠡᠭᠡᠵᠦ᠂ ᠬᠡᠷᠡᠮ ᠨᠣᠷᠠᠭᠠᠵᠦ ᠳᠡᠯᠭᠡᠭᠦᠷ ᠨᠡᠭᠡᠭᠡᠭᠰᠡᠨ ᠨᠢᠭᠡᠳᠦᠭᠡᠷ ᠳᠠᠪᠬᠤᠷᠯᠢᠭ ᠤᠨ ᠰᠠᠭᠤᠭᠠᠯᠢ ᠡᠷᠦᠬᠡ ᠳᠤ᠂ ᠥᠮᠴᠢᠲᠡᠨ ᠥᠪᠡᠰᠦᠪᠡᠨ ᠨᠤᠷᠠᠭᠠᠬᠤ᠂ ᠬᠠᠤᠯᠢ ᠬᠡᠷᠡᠭᠵᠢᠭᠦᠯᠦᠨ ᠬᠠᠪᠰᠤᠷᠤᠨ ᠨᠤᠷᠠᠭᠠᠬᠤ ᠪᠠ ᠬᠠᠤᠯᠢ ᠶᠣᠰᠣᠭᠠᠷ ᠠᠯᠪᠠᠳᠠᠯᠭ᠎ᠠ ᠪᠠᠷ ᠨᠤᠷᠠᠭᠠᠬᠤ ᠠᠷᠭ᠎ᠠ ᠮᠠᠶ᠋ᠢᠭ ᠢ ᠠᠪᠴᠤ᠂ ᠲᠣᠮᠣ ᠬᠡᠯᠪᠡᠷᠢ ᠶᠢᠨ ᠮᠠᠰᠢᠨ ᠮᠧᠬᠠᠨᠢᠭ ᠢ ᠲᠣᠬᠢᠷᠠᠭᠤᠯᠣᠨ ᠠᠵᠢᠯ ᠡᠬᠢᠯᠡᠭᠦᠯᠵᠦ᠂ ᠨᠢᠭᠡ ᠯᠡ ᠡᠳᠦᠷ ᠤᠨ ᠳᠣᠲᠣᠷ᠎ᠠ ᠨᠤᠷᠠᠭᠠᠬᠤ ᠪᠠ ᠪᠢᠲᠡᠭᠦᠮᠵᠢᠯᠡᠬᠦ ᠠᠵᠢᠯ ᠢ ᠬᠢᠵᠦ ᠳᠠᠭᠤᠰᠬᠠᠵᠠᠶ᠃ ᠲᠠᠷᠠᠭᠠᠴᠢ ᠶᠢᠨ ᠠᠯᠬᠤᠮ ᠳᠤ᠂ ᠰᠠᠭᠤᠭᠠᠯᠢ ᠠᠷᠠᠳ ᠤᠨ ᠲᠣᠭᠤᠷᠢᠭ ᠢ ᠭᠤᠶᠤᠵᠢᠭᠤᠯᠬᠤ ᠢᠨᠵᠧᠨᠧᠷᠢᠩ ᠲᠠᠢ ᠤᠶᠠᠯᠳᠤᠭᠤᠯᠤᠨ᠂ ᠠᠰᠠᠷ ᠤᠨ ᠭᠠᠳᠠᠷ ᠪᠠᠶᠢᠳᠠᠯ ᠢ ᠤᠯᠠᠮ ᠨᠢᠭᠡ ᠠᠯᠬᠤᠮ ᠵᠠᠰᠠᠨ ᠴᠢᠮᠡᠭᠯᠡᠵᠦ᠂ ᠰᠠᠭᠤᠭᠠᠯᠢ ᠠᠷᠠᠳ ᠤᠨ ᠵᠣᠯ ᠵᠢᠷᠭᠠᠯᠲᠣ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃  ︵ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠭᠠᠴᠣᠣᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号