ᠲᠦᠷᠦᠯ ᠵᠦᠢᠯ ᠳᠤ ᠮᠠᠨ ᠤ ᠲᠣᠭᠤᠷᠢᠭ ᠤᠨ 39 ᠭᠠᠵᠠᠷ ᠤᠨ 176 ᠲᠦᠮᠡᠨ ᠲᠡᠭᠰᠢ ᠳᠥᠷᠪᠡᠯᠵᠢᠨ | ᠮᠧᠲᠷ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠬᠤᠯᠪᠣᠭᠳᠠᠪᠠ᠃ ᠣᠲᠣ ᠪᠣᠯᠲᠠᠯ᠎ᠠ᠂ 39 | ᠭᠠᠵᠠᠷ ᠲᠤ ᠨᠢᠭᠡᠨᠲᠡ ᠠᠵᠢᠯ ᠡᠬᠢᠯᠡᠭᠦᠯᠪᠡ᠃ ᠡᠭᠦᠨ ᠳᠤ ᠨᠥᠬᠦᠷᠯᠡᠯ 19 ᠳ᠋ᠦ᠋ᠭᠡᠷ ᠵᠡᠭᠡᠯᠢ ᠭᠤᠳᠣᠮᠵᠢ ᠶᠢ | ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠥᠭᠡᠷᠡᠴᠢᠯᠡᠨ ᠪᠠᠶᠢᠭᠤᠯᠬᠤ | ᠲᠦᠷᠦᠯ ᠵᠦᠢᠯ ᠳᠤ ᠵᠢᠭᠰᠠᠭᠠᠵᠤ᠂ ᠣᠳᠣᠬᠠᠨ ᠳᠤ ᠭᠠᠳᠠᠷ ᠬᠡᠷᠡᠮ ᠤᠨ ᠪᠠᠷᠢᠯᠭ᠎ᠠ ᠶᠢᠨ ᠠᠵᠢᠯ ᠢ 18.4 ᠲᠦᠮᠡᠨ | ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠬᠡᠷ ᠤᠨ ᠭᠠᠳᠠᠨ᠎ᠠ ᠳᠡᠪᠢᠰᠦᠭᠰᠡᠨ ᠳᠡᠪᠢᠰᠬᠡᠷ ᠢ 1.6 ᠲᠦᠮᠡᠨ ᠲᠡᠭᠰᠢ | ᠳᠥᠷᠪᠡᠯᠵᠢᠨ ᠮᠧᠲᠷ ᠪᠠᠶᠢᠵᠤ᠂ ᠤᠰᠤ ᠬᠠᠩᠭᠠᠬᠤ ᠬᠤᠭᠤᠯᠠᠶ ᠶᠢᠨ ᠲᠣᠤᠷ ᠢ 3900 ᠮᠧᠲᠷ᠂ ᠪᠣᠬᠢᠷ ᠤᠰᠤᠨ ᠤ | ᠬᠤᠭᠤᠯᠠᠶ ᠶᠢᠨ ᠲᠣᠤᠷ ᠢ 871 ᠮᠧᠲᠷ᠂ ᠴᠠᠬᠢᠯᠭᠠᠨ ᠬᠦᠴᠦᠨ ᠤ ᠱᠤᠭᠤᠮ ᠢ 5600 ᠮᠧᠲᠷ ᠪᠠᠶᠢᠭᠤᠯᠵᠦ᠂ | 280 ᠬᠡᠰᠡᠭ ᠠᠰᠠᠷ ᠤᠨ ᠱᠠᠲᠤ ᠶᠢ ᠡᠬᠢᠯᠡᠨ ᠥᠭᠡᠷᠡᠴᠢᠯᠡᠨ ᠪᠠᠶᠢᠭᠤᠯᠪᠠ᠃ ᠪᠦᠬᠦ ᠪᠠᠷᠢᠯᠭ᠎ᠠ ᠶᠢ 10 ᠰᠠᠷ᠎ᠠ ᠶᠢᠨ | ᠰᠡᠭᠦᠯᠴᠢ ᠪᠠᠷ ᠳᠠᠭᠤᠰᠬᠠᠬᠤ ᠪᠠᠷ ᠵᠢᠱᠢᠵᠦ ᠪᠠᠶᠢᠨ᠎ᠠ᠃ | ︵ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ |