ᠶᠡᠷᠦᠩᠬᠡᠶ ᠪᠠᠯᠠ ᠣᠷᠣᠭᠤᠯᠤᠯᠲᠠ 1.2 ᠳ᠋ᠦᠩᠰᠢᠭᠤᠷ ᠲᠥᠭᠦᠷᠢᠭ ᠤᠨ ᠵᠢᠯ ᠤᠨ ᠦᠢᠯᠡᠳᠪᠦᠷᠢᠯᠡᠯ 2400 ᠲᠣᠨ ᠪᠣᠯᠬᠤ ᠴᠡᠪᠡᠷ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠬᠦᠨᠳᠡᠯᠡᠨ ᠲᠣᠭᠤᠷᠢᠭ ᠲᠠᠢ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2022/6/20
     ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠶᠠᠩᠰᠦ ᠶᠢᠨ ᠳ᠋ᠤᠤ ᠮᠢᠩ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠬᠠᠭᠠᠰ ᠳᠠᠮᠵᠢᠭᠤᠯᠤᠭᠴᠢ ᠵᠢᠴᠢ ᠡᠯᠧᠺᠲᠷᠣᠨ ᠠᠵᠢᠯ ᠲᠥᠷᠥᠯ ᠤᠨ ᠬᠡᠲᠦ ᠴᠡᠪᠡᠷ ᠪᠣᠭᠤᠳᠠᠯᠯᠠᠬᠤ ᠮᠠᠲ᠋ᠧᠷᠢᠶᠠᠯ ᠤᠨ ᠲᠥᠷᠥᠯ ᠵᠦᠢᠯ ᠳᠤ 1.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 2022 ᠣᠨ ᠤ 7 ᠰᠠᠷ᠎ᠠ ᠳᠤ ᠠᠵᠢᠯ ᠡᠬᠢᠯᠡᠭᠦᠯᠬᠦ ᠪᠠᠷ ᠲᠥᠯᠥᠪᠯᠡᠵᠦ ᠪᠣᠶ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠱᠢᠯᠲᠡ ᠪᠠᠷ PE ᠴᠡᠪᠡᠷ ᠪᠦᠷᠬᠦᠭᠦᠯ ᠪᠠ ᠤᠭᠤᠲᠠ ᠢ 2400 ᠲᠣᠨ ᠦᠢᠯᠡᠳᠪᠦᠷᠢᠯᠡᠵᠦ᠂ PE/PA/PET ᠨᠡᠶᠢᠯᠡᠮᠡᠯ ᠤᠭᠤᠲᠠ 500 ᠲᠣᠨ᠂ ᠰᠦᠯᠢᠶᠣᠣ ᠪᠦᠲᠦᠭᠡᠭᠳᠡᠬᠦᠨ ᠤ ᠬᠡᠪᠯᠡᠯ 500 ᠲᠣᠨ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠥᠷᠲᠡᠭ ᠨᠢ ᠪᠠᠷᠤᠭ 1 ᠳ᠋ᠦᠩᠰᠢᠭᠤᠷ ᠲᠥᠭᠦᠷᠢᠭ ᠲᠤ ᠬᠥᠷᠤᠨ᠎ᠠ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号