ᠣᠶᠢᠷ᠎ᠠ ᠳᠤ ᠪᠤᠭᠤᠲᠤ ᠬᠤᠲᠠ ᠶᠢᠨ ᠠᠩᠬᠠᠨ ᠤ ᠪᠦᠯᠦᠭ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠤᠰᠠᠭᠠᠷ ᠪᠣᠷᠣᠯᠠᠭᠤᠯᠭ᠎ᠠ ᠶᠢᠨ ᠫᠷᠤᠭ᠍ᠷᠠᠮ ᠢ ᠮᠠᠨ ᠤ ᠲᠣᠭᠤᠷᠢᠭ ᠤᠨ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ
ᠨᠡᠶᠢᠲᠡᠯᠡᠭᠰᠡᠨ ᠴᠠᠭ᠄
2022/6/20
     ᠮᠠᠨ ᠤ ᠲᠣᠭᠤᠷᠢᠭ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠰᠦᠢᠳᠬᠡᠯ ᠬᠤᠷᠢᠶᠠᠬᠤ ᠥᠬᠡᠶ ᠸᠢᠴᠠᠲ ᠤᠨ ᠲᠤᠰᠠᠭᠠᠷ ᠪᠣᠷᠣᠯᠠᠭᠤᠯᠭ᠎ᠠ ᠶᠢᠨ ᠫᠷᠤᠭ᠍ᠷᠠᠮ ᠢ ᠪᠠᠶᠢᠭᠤᠯᠵᠤ᠂ ᠰᠦᠯᠵᠢᠶᠡᠨ ᠳᠡᠭᠡᠷ᠎ᠡ ᠪᠠᠷᠠᠭ᠎ᠠ ᠵᠠᠬᠢᠶᠠᠯᠠᠬᠤ ᠪᠠ ᠰᠦᠯᠵᠢᠶᠡᠨ ᠭᠠᠳᠠᠨ᠎ᠠ ᠪᠠᠷᠠᠭᠠᠨ ᠤ ᠭᠦᠢᠯᠡᠭᠡᠭᠡ ᠶᠢ ᠳᠣᠭᠢᠷᠠᠭᠤᠯᠤᠨ ᠬᠦᠷᠭᠡᠬᠦ ᠶᠢ ᠨᠢᠭᠡ ᠴᠣᠠᠠᠴᠠᠵᠢᠭᠤᠯᠬᠤ ᠪᠣᠷᠣᠯᠠᠭᠤᠯᠭ᠎ᠠ ᠶᠢᠨ ᠵᠠᠭᠪᠤᠷ ᠢ ᠪᠠᠶᠢᠭᠤᠯᠣᠨ᠎ᠠ᠃ ᠫᠷᠤᠭ᠍ᠷᠠᠮ ᠢ ᠥᠪᠥᠷ ᠮᠣᠩᠭᠤᠯ ᠤᠨ ᠾᠦᠢ ᠨᠦᠩ ᠵᠢᠢ ᠼᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠮᠡᠷᠭᠡᠵᠢᠯ ᠤᠨ ᠳᠡᠮᠵᠢᠯᠭᠡ ᠬᠠᠩᠭᠠᠵᠤ᠂ ᠪᠤᠭᠤᠲᠤ ᠬᠤᠲᠠ ᠶᠢᠨ ᠳᠠᠭᠠᠭᠠᠴᠢᠯᠠᠨ ᠠᠪᠬᠤ ᠰᠢᠨ᠎ᠡ ᠰᠣᠷᠭᠤᠭ ᠲᠠᠷᠢᠶᠠᠯᠠᠩ ᠮᠠᠯ ᠠᠵᠤ ᠠᠬᠤᠶ ᠶᠢᠨ ᠺᠣᠮᠫᠠᠨᠢ ᠠᠴᠠ ᠨᠢᠭᠡᠳᠦᠯᠲᠡᠶ ᠳᠣᠭᠢᠷᠠᠭᠤᠯᠤᠨ ᠬᠦᠷᠭᠡᠬᠦ ᠠᠵᠢᠯ ᠢ ᠬᠠᠷᠢᠭᠤᠴᠠᠨ᠎ᠠ᠃ ᠠᠩᠬᠠᠨ ᠤ ᠪᠦᠯᠦᠭ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠫᠷᠤᠭ᠍ᠷᠠᠮ ᠤᠨ ᠬᠡᠷᠡᠭᠯᠡᠯᠲᠡ ᠳᠡᠯᠭᠡᠷᠡᠭᠦᠯᠦᠯᠲᠡ ᠶᠢᠨ ᠨᠡᠷᠡᠰ ᠲᠤ ᠨᠥᠬᠦᠷᠯᠡᠯ ᠢᠳᠡᠰᠢᠨ ᠨᠣᠭᠤᠭᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠢᠳᠡᠰᠢᠨ ᠨᠣᠭᠤᠭᠠᠨ ᠤ ᠵᠣᠭᠤᠷᠢ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠢᠨ ᠭᠤᠸᠠᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠨᠥᠬᠦᠷᠯᠡᠯ ᠬᠥᠮᠥᠷᠭᠡᠯᠡᠨ ᠬᠦᠷᠭᠡᠬᠦ ᠲᠥᠪ᠂ ᠢ ᠶᠤᠸᠠᠨ ᠶᠡᠷᠦᠩᠬᠡᠶᠢᠯᠡᠭᠰᠡᠨ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ᠂ ᠾᠧ ᠫᠢᠩ ᠠᠷᠠᠯᠵᠢᠶ᠎ᠠ ᠬᠤᠳᠠᠯᠳᠤᠭᠠᠨ ᠤ ᠲᠣᠮᠣ ᠠᠰᠠᠷ᠂ ᠰᠧ ᠬᠠᠶ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂  ᠣᠯᠠᠭᠠᠨ ᠵᠠᠮ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ 8 ᠡᠷᠦᠬᠡ ᠪᠠᠭᠲᠠᠨ᠎ᠠ᠃ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号