ᠣᠶᠢᠷ᠎ᠠ ᠳᠤ ᠳᠡᠭᠡᠳᠦ ᠲᠠᠰ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠡᠷᠦᠩᠬᠡᠶᠢᠯᠡᠭᠰᠡᠨ ᠲᠠᠪᠴᠠᠩ ᠢ ᠮᠠᠨ ᠤ ᠲᠣᠭᠤᠷᠢᠭ ᠲᠤ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/6/20
     ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠵᠧᠵᠢᠶᠠᠩ ᠤᠨ ᠰᠠᠢ ᠴᠤᠸᠠᠩ ᠸᠧᠢ ᠯᠠᠢ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠬᠡᠯᠡᠯᠴᠡᠭᠡᠷ ᠲᠤ ᠵᠢᠩᠬᠢᠨᠢ ᠪᠠᠷ ᠭᠠᠷ ᠤᠨ ᠦᠰᠦᠭ ᠵᠢᠷᠤᠵᠤ᠂ ᠮᠠᠨ ᠤ ᠲᠣᠭᠤᠷᠢᠭ ᠲᠤ ︽ᠰᠠᠢ ᠴᠤᠸᠠᠩ ᠸᠧᠢ ᠯᠠᠢ ︵ᠪᠤᠭᠤᠲᠤ︶ ᠶᠢᠨ ᠣᠯᠠᠨ ᠤᠯᠤᠰ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠤᠷᠤᠯᠳᠤᠭᠠᠨ᠂ ᠤᠯᠠᠨ ᠤᠯᠤᠰ ᠤᠨ ᠴᠢᠳᠠᠪᠤᠷᠢᠲᠠᠨ ᠤ ᠰᠢᠨ᠎ᠡ ᠶᠢ ᠡᠭᠦᠳᠴᠦ ᠦᠢᠯᠡᠰ ᠪᠤᠰᠬᠠᠬᠤ ᠨᠡᠪᠴᠢᠭᠦᠯᠦᠬᠦᠷ᠂ ᠪᠦᠬᠦ ᠪᠥᠮᠪᠥᠷᠴᠡᠭ ᠤᠨ ᠲᠣᠭᠯᠠᠯᠲᠠ ᠶᠢᠨ ᠲᠥᠪ᠂ ᠠᠵᠤ ᠦᠢᠯᠡᠰ ᠤᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠪᠤᠭᠤᠲᠤ ᠶᠢᠨ ᠦᠢᠯᠡᠰ ᠪᠤᠰᠬᠠᠵᠤ ᠰᠢᠨ᠎ᠡ ᠶᠢ ᠡᠭᠦᠳᠬᠦ ᠳᠡᠭᠡᠳᠦ ᠰᠤᠷᠭᠠᠭᠤᠯᠢ ᠶᠢᠨ ᠲᠠᠪᠤᠨ ᠶᠡᠭᠡ ᠴᠢᠳᠠᠪᠣᠷᠢ ᠶᠢᠨ ᠲᠠᠪᠴᠢᠩ ᠤᠨ ᠠᠴᠢᠶᠠᠯᠠᠪᠣᠷᠢ ᠢ ᠡᠭᠦᠳᠦᠨ ᠪᠠᠶᠢᠭᠤᠯᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ + ᠠᠵᠤ ᠦᠢᠯᠡᠰ︾ ᠢᠶᠠᠷ ᠵᠢᠯᠣᠭᠤᠳᠣᠯᠭ᠎ᠠ ᠪᠣᠯᠭᠠᠵᠤ᠂ ︽ᠤᠷᠤᠯᠳᠤᠭᠠᠨ ᠢᠶᠠᠷ ᠲᠠᠮᠵᠢᠨ ᠴᠢᠳᠠᠪᠤᠷᠢᠲᠠᠨ ᠢ ᠲᠠᠲᠠᠬᠤ᠂ ᠬᠥᠷᠥᠩᠭᠡ ᠪᠠᠷ ᠲᠡᠮᠵᠢᠬᠦ᠂ ᠭᠦᠨᠵᠡᠭᠡᠶ ᠨᠡᠪᠴᠢᠭᠦᠯᠬᠦ᠂ ᠪᠣᠲᠠᠲᠠᠢ ᠦᠢᠯᠡᠴᠢᠯᠡᠬᠦ᠂ ᠠᠵᠤ ᠦᠢᠯᠡᠰ ᠢ ᠠᠭᠤᠰᠤᠯᠴᠠᠭᠤᠯᠤᠨ ᠴᠢᠳᠠᠪᠤᠷᠢ ᠪᠠᠨ ᠨᠡᠮᠡᠭᠳᠡᠭᠦᠯᠬᠦ︾ ᠰᠢᠨ᠎ᠡ ᠶᠢ ᠡᠭᠦᠳᠴᠦ ᠦᠢᠯᠡᠰ ᠪᠣᠰᠬᠠᠬᠤ ᠪᠥᠬᠦ ᠠᠮᠢ ᠠᠬᠤᠶ ᠶᠢᠨ ᠬᠡᠯᠬᠢᠶᠡᠵᠢᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠬᠠᠮᠲᠤᠷᠠᠯᠴᠠᠭᠠᠨ ᠤ ᠬᠤᠭᠤᠴᠠᠭᠠᠨ ᠳᠤ᠂ ᠰᠠᠢ ᠴᠤᠸᠠᠩ ᠸᠧᠢ ᠯᠠᠢ ᠺᠣᠮᠫᠠᠨᠢ ᠵᠢᠯ ᠪᠦᠷᠢ ᠨᠢᠭᠡ ᠬᠤᠭᠤᠴᠠᠭᠠᠨ ᠤ ᠳᠤᠮᠳᠠᠳᠤ ᠤᠯᠤᠰ ᠤᠨ ᠪᠤᠭᠤᠲᠤ ᠶᠢᠨ ᠬᠥᠨᠳᠡᠯᠡᠨ ᠲᠣᠭᠤᠷᠢᠭ ᠤᠨ ᠪᠦᠬᠦ ᠪᠥᠮᠪᠥᠷᠴᠡᠭ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠤᠷᠤᠯᠳᠤᠭᠠᠨ ᠢ ᠶᠠᠪᠤᠭᠳᠠᠭᠤᠯᠤᠨ᠎ᠠ︔ ᠲᠦᠷᠦᠭᠦᠤ ᠭᠤᠷᠪᠠᠨ ᠵᠢᠯ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠤᠨ ᠴᠢᠳᠠᠪᠤᠷᠢᠲᠠᠨ ᠤ ᠦᠢᠯᠡᠰ ᠪᠣᠰᠬᠠᠬᠤ 17 ᠲᠥᠷᠥᠯ ᠵᠦᠢᠯ ᠢ ᠣᠷᠣᠭᠤᠯᠤᠨ ᠠᠪᠴᠢᠷᠠᠵᠤ᠂ ᠳᠡᠭᠡᠳᠦ ᠰᠢᠨ᠎ᠡ ᠮᠡᠷᠭᠡᠵᠢᠯ ᠤᠨ 3 ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 14 ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢᠨ ᠬᠠᠮᠲᠤ ᠪᠤᠶᠢᠵᠢᠭᠤᠯᠵᠤ᠂ ᠣᠷᠣᠭᠤᠯᠤᠨ ᠠᠪᠴᠢᠷᠠᠭᠰᠠᠨ ᠲᠥᠷᠥᠯ ᠵᠦᠢᠯ ᠢᠶᠠᠷ ᠠᠵᠢᠯ ᠣᠯᠭᠤᠯᠲᠠ ᠶᠢ ᠳᠠᠶᠢᠴᠢᠯᠠᠭᠰᠠᠨ ᠬᠥᠮᠦᠨ ᠤ ᠲᠤᠭ᠎ᠠ ᠶᠢ 100 ᠬᠥᠮᠦᠨ ᠠᠴᠠ ᠳᠣᠷᠣᠭᠰᠢ ᠪᠠᠶᠢᠯᠭᠠᠬᠤ ᠦᠭᠡᠢ ᠪᠠᠶᠢᠪᠠ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号