4 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨᠠᠬᠢ 15 ᠴᠠᠭ ᠪᠣᠯᠲᠠᠯ᠎ᠠ᠂ ᠬᠦᠨᠳᠡᠯᠡᠨ | ᠲᠣᠭᠤᠷᠢᠭ ᠲᠤ ᠨᠡᠶᠢᠲᠡ 25 ᠲᠤᠰᠠᠭᠠᠷᠯᠠᠬᠤ ᠪᠠᠭᠤᠳᠠᠯ ᠪᠡᠯᠡᠳᠬᠡᠵᠦ᠂ ᠲᠤᠰᠠᠭᠠᠷᠯᠠᠬᠤ ᠥᠷᠥᠭᠡ ᠨᠡᠶᠢᠲᠡ 3151 | ᠲᠠᠰᠤᠯᠭ᠎ᠠ ᠪᠠᠶᠢᠪᠠ᠃ ᠡᠭᠦᠨ ᠳᠤ ᠨᠢᠭᠡᠨᠲᠡ 3 ᠲᠤᠰᠠᠭᠠᠷᠯᠠᠬᠤ ᠪᠠᠭᠤᠳᠠᠯ᠂ 400 ᠲᠠᠰᠤᠯᠭ᠎ᠠ ᠲᠤᠰᠠᠭᠠᠷᠯᠠᠬᠤ | ᠥᠷᠥᠭᠡ ᠶᠢ ᠡᠬᠢᠯᠡᠨ ᠬᠡᠷᠡᠭᠯᠡᠵᠦ᠂ 414 ᠬᠥᠮᠦᠨ ᠢ ᠲᠥᠪᠯᠡᠷᠡᠭᠦᠯᠦᠨ ᠲᠤᠰᠠᠭᠠᠷᠯᠠᠵᠠᠶ᠃ ᠬᠡᠷᠡᠭᠯᠡᠬᠦ ᠨᠥᠬᠦᠴᠡᠯ ᠲᠠᠢ | ᠲᠤᠰᠠᠭᠠᠷᠯᠠᠬᠤ ᠪᠠᠭᠤᠳᠠᠯ 9᠂ ᠲᠤᠰᠠᠭᠠᠷᠯᠠᠬᠤ ᠥᠷᠥᠭᠡ 1071 ᠲᠠᠰᠤᠯᠭ᠎ᠠ︔ ᠶᠠᠭ ᠰᠠᠶᠢᠬᠠᠨ ᠥᠭᠡᠷᠡᠴᠢᠯᠡᠵᠤ | ᠪᠠᠶᠢᠭ᠎ᠠ ᠲᠤᠰᠠᠭᠠᠷᠯᠠᠬᠤ ᠪᠠᠭᠤᠳᠠᠯ 6 ᠪᠠᠶᠢᠵᠦ᠂ 964 ᠲᠠᠰᠤᠯᠭ᠎ᠠ ᠲᠤᠰᠠᠭᠠᠷᠯᠠᠬᠤ ᠥᠷᠥᠭᠡ ᠪᠠᠶᠢᠨ᠎ᠠ᠃ ᠪᠡᠯᠡᠳᠭᠡᠯ | ᠲᠤᠰᠠᠭᠠᠷᠯᠠᠬᠤ ᠪᠠᠭᠤᠳᠠᠯ 1 ᠪᠠᠶᠢᠵᠦ᠂ 1116 ᠲᠠᠰᠤᠯᠭ᠎ᠠ ᠲᠤᠰᠠᠭᠠᠷᠯᠠᠬᠤ ᠥᠷᠥᠭᠡ ᠪᠠᠶᠢᠨ᠎ᠠ᠃ ᠬᠢᠵᠢᠭ ᠤᠨ | ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ︽ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ︾ ᠵᠡᠷᠭᠡ | ᠬᠤᠯᠪᠣᠭᠳᠠᠯ ᠪᠦᠬᠦᠢ ᠲᠥᠬᠦᠭᠡᠷᠦᠮᠵᠢ ᠶᠢ ᠥᠭᠡᠷᠡᠴᠢᠯᠡᠨ᠎ᠠ᠃ | ︵ᠲᠤᠰ ᠰᠡᠳᠬᠦᠯ︶ |