ᠬᠦᠨᠳᠡᠯᠡᠨ ᠲᠣᠭᠤᠷᠢᠭ ᠪᠦᠬᠦ ᠬᠦᠴᠦᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠦᠳᠲᠡᠷ ᠲᠦᠷᠭᠡᠨ ᠪᠠᠶᠢᠷᠢᠯᠠᠭᠤᠯᠤᠠ ᠪᠠᠲᠣᠲᠠᠢ ᠠᠬᠢᠭᠤᠯᠣᠨ᠎ᠠ
ᠨᠡᠶᠢᠲᠡᠯᠡᠭᠰᠡᠨ ᠴᠠᠭ᠄
2022/6/20
    ᠨᠢᠭᠡ ᠳᠤ᠂ ︽ᠭᠠᠳᠠᠨ᠎ᠠ ᠠᠴᠠ ᠬᠠᠯᠳᠠᠪᠣᠷᠢᠯᠠᠨ ᠣᠷᠣᠵᠦ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠬᠤᠷᠢᠭᠯᠡᠬᠤ︾ ᠶᠡᠷᠦᠩᠬᠡᠶ ᠠᠷᠭ᠎ᠠ ᠪᠣᠳᠣᠯᠭ᠎ᠠ ᠪᠠ ︽ᠬᠥᠳᠡᠯᠦᠩᠭᠦᠶ ᠦᠭᠡᠶᠢᠰᠬᠡᠬᠦ︾ ᠶᠡᠷᠦᠩᠬᠡᠶ ᠴᠢᠭᠯᠡᠯᠲᠡ ᠶᠢ ᠪᠠᠷᠢᠮᠲᠠᠯᠠᠨ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮᠵᠢ ᠶᠢ ᠳᠠᠷᠤᠶ ᠲᠦᠷᠭᠡᠨ ᠡᠬᠢᠯᠡᠭᠦᠯᠵᠦ᠂ ᠡᠩ ᠤᠨ ᠦᠶ᠎ᠡ ᠪᠠ ᠲᠡᠶᠢᠨ ᠤ ᠦᠶ᠎ᠡ ᠶᠢᠨ ᠬᠤᠪᠢᠷᠠᠭᠤᠯᠤᠯᠲᠠ ᠶᠢ ᠲᠦᠷᠭᠡᠨ ᠪᠡᠶᠡᠯᠡᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠬᠤᠶᠠᠷ ᠲᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠴᠢᠳᠠᠪᠤᠷᠢ᠂ ᠠᠵᠢᠯᠲᠠᠨ ᠤ ᠪᠡᠯᠡᠳᠬᠡᠯ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠬᠤ ᠵᠡᠷᠭᠡ ᠡᠯ᠎ᠡ ᠭᠤᠭᠴᠣᠭᠠᠨ ᠤ ᠠᠵᠢᠯ ᠢ ᠰᠠᠶᠢᠲᠤᠷ ᠬᠢᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠤᠨ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ ᠬᠡᠷᠡᠭᠲᠡᠶ᠃ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠯ᠎ᠡ ᠨᠡᠶᠢᠭᠡᠮ ᠲᠣᠭᠤᠷᠢᠭ ᠲᠤ ᠪᠢᠲᠡᠭᠦᠮᠵᠢᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠂ ᠤᠰᠤ᠂ ᠴᠠᠬᠢᠯᠭᠠᠨ᠂ ᠬᠡᠶ ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠥᠷᠥᠯ ᠤᠨ ᠪᠠᠲᠤᠯᠠᠭ᠎ᠠ ᠶᠢᠨ ᠬᠥᠮᠦᠰ ᠢ ᠭᠠᠷᠭᠠᠪᠠᠯ᠂ ᠴᠢᠬᠤᠯᠠ ᠥᠬᠡᠶ ᠪᠣᠯ ᠰᠢᠯᠵᠢᠬᠦ ᠥᠬᠡᠶ ᠪᠠᠶᠢᠬᠤ ᠶᠢ ᠪᠠᠲᠣᠯᠠᠵᠦ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠡᠴᠢᠶᠡᠯᠯᠡᠭᠡ ᠶᠢ ᠲᠦᠷ ᠴᠠᠭ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠪᠣᠯᠭᠠᠨ ᠬᠤᠪᠢᠷᠠᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠪᠥᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠡᠯᠡᠳᠬᠡᠯ ᠢ ᠰᠠᠶᠢᠲᠤᠷ ᠬᠢᠨ᠎ᠠ᠃ ᠭᠤᠷᠪᠠ ᠳᠤ᠂ ︽ᠭᠤᠷᠪᠠᠨ ᠠᠯᠪᠠᠨ ︵ᠠᠵᠤ ᠦᠢᠯᠡᠳᠪᠦᠷᠢ︶ ᠤ ᠬᠠᠮᠵᠢᠯᠴᠠᠭ᠎ᠠ︾᠂ ︽ᠭᠤᠷᠪᠠᠨ ᠲᠠᠯ᠎ᠠ ᠶᠢᠨ ᠬᠠᠮᠲᠤᠷᠠᠯᠴᠠᠭ᠎ᠠ︾ ᠶᠢ ᠴᠢᠩᠭᠠᠳᠬᠠᠵᠤ᠂ ᠡᠬᠢ ᠡᠭᠦᠰᠦᠯ ᠢ ᠨᠢ ᠲᠣᠳᠣᠯᠠᠵᠦ᠂ ᠨᠢᠬᠳᠠ ᠤᠶᠢᠷᠠᠳᠤᠬᠰᠠᠳ᠂ ᠨᠢᠬᠳᠠ ᠤᠶᠢᠷᠠᠳᠤᠬᠰᠠᠳ ᠲᠠᠢ ᠤᠶᠢᠷᠠᠳᠤᠬᠰᠠᠳ ᠶᠢᠨ ᠠᠵᠢᠯᠯᠠᠭᠠᠨ ᠤ ᠵᠠᠮ ᠮᠥᠷ ᠪᠣᠯᠤᠨ ᠬᠦᠷᠦᠯᠴᠡᠭᠰᠡᠨ ᠬᠥᠮᠦᠰ ᠢ ᠬᠠᠮᠤᠭ ᠤᠨ ᠲᠦᠷᠦᠭᠦᠨ ᠳᠤ ᠬᠢᠨᠠᠨ ᠪᠠᠶᠢᠴᠠᠭᠠᠵᠤ᠂ ᠸᠢᠷᠦ᠋ᠰ ᠤᠨ ᠬᠠᠯᠳᠠᠪᠤᠷᠢᠯᠠᠯ ᠤᠨ ᠬᠡᠯᠬᠢᠶ᠎ᠡ ᠶᠢ ᠲᠠᠰᠤᠯᠤᠨ᠎ᠠ᠃ ᠳᠥᠷᠪᠡ ᠳᠤ ᠲᠥᠪᠯᠡᠷᠡᠭᠦᠯᠦᠨ ᠲᠤᠰᠠᠭᠠᠷᠯᠠᠬᠤ ᠭᠠᠵᠠᠷ ᠢ ᠭᠦᠢᠴᠡᠳ ᠪᠡᠯᠡᠳᠬᠡᠵᠦ᠂ ᠲᠤᠰᠠᠭᠠᠷᠯᠠᠬᠤ ᠬᠥᠮᠦᠰ ᠵᠢᠴᠢ ᠬᠠᠮᠢᠶ᠎ᠠ ᠪᠥᠬᠦᠶ ᠠᠵᠢᠯᠲᠠᠨ ᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰᠠᠭᠠᠷᠯᠠᠬᠤ ᠭᠠᠵᠠᠷ ᠤᠨ ᠠᠮᠤᠷ ᠲᠦᠪᠰᠢᠨ ᠪᠥᠭᠡᠳ ᠵᠢᠷᠤᠮᠵᠢᠯ ᠲᠠᠢ ᠠᠵᠢᠯᠯᠠᠬᠤ ᠶᠢ ᠪᠠᠲᠤᠯᠠᠨ᠎ᠠ᠃ ᠲᠠᠪᠤ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠣᠳᠠᠰ ᠢ ᠪᠦᠷᠢᠳᠬᠡᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠬᠠᠳᠠᠭᠠᠯᠠᠬᠤ ᠪᠠ ᠲᠠᠷᠬᠠᠭᠠᠬᠤ ᠠᠵᠢᠯ ᠢ ᠨᠢᠭᠡᠳᠦᠯᠲᠡᠶ ᠲᠥᠯᠥᠪᠯᠡᠨ᠎ᠡ᠃ ᠣᠬᠠᠭᠤᠯᠭ᠎ᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠣᠨᠣᠪᠴᠢᠲᠠᠶ ᠬᠠᠷᠢᠭᠤᠯᠲᠠ ᠥᠭᠴᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠢᠳᠡᠪᠬᠢᠲᠡᠶ ᠬᠠᠮᠵᠢᠯᠴᠠᠭᠤᠯᠤᠨ᠎ᠠ᠃ ᠵᠢᠷᠭᠤᠭ᠎ᠠ ᠳᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠵᠡᠭᠡᠯᠢ ᠪᠠᠯᠭᠠᠰᠤ᠂ ᠨᠡᠶᠢᠭᠡᠮ ᠲᠣᠭᠤᠷᠢᠭ᠂ ᠲᠣᠰᠬᠤᠨ ︵ᠭᠠᠴᠠᠭ᠎ᠠ︶ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠦᠮᠦᠰ ᠤᠨ ᠨᠠᠰᠢ ᠴᠠᠰᠢ ᠶᠠᠪᠤᠬᠤ ᠠᠵᠢᠯᠯᠠᠭᠠᠨ ᠤ ᠵᠠᠮ ᠮᠥᠷ ᠢ ᠬᠢᠨᠠᠨ ᠪᠠᠶᠢᠴᠠᠭᠠᠬᠤ ᠵᠡᠷᠭᠡ ᠠᠵᠢᠯ ᠢ ᠬᠢᠨᠠᠮᠠᠭᠠᠶ ᠬᠢᠬᠦ ᠬᠡᠷᠡᠭᠲᠡᠶ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠯ᠎ᠡ ᠵᠠᠬ᠎ᠠ ᠳᠡᠯᠭᠡᠭᠦᠷ ᠤᠨ ᠭᠤᠤᠯ ᠴᠣᠭᠴᠠ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠡᠯ᠎ᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ ᠵᠢᠯᠣᠭᠤᠳᠤᠨ᠎ᠠ᠃ ᠪᠠᠶᠢᠴᠠᠭᠠᠵᠤ ᠬᠢᠨᠠᠨ ᠵᠢᠯᠣᠭᠤᠳᠬᠤ ᠠᠵᠢᠯ ᠢ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠵᠠᠰᠠᠨ ᠰᠠᠶᠢᠵᠢᠷᠠᠭᠤᠯᠵᠤ᠂ ᠵᠠᠰᠠᠨ ᠰᠠᠶᠢᠵᠢᠷᠠᠭᠤᠯᠤᠭᠰᠠᠨ ᠨᠢ ᠬᠦᠢᠴᠡᠳ ᠥᠬᠡᠶ᠂ ᠨᠠᠶᠢᠳᠠᠪᠤᠷᠢᠵᠢᠭᠤᠯᠤᠭᠰᠠᠨ ᠨᠢ ᠬᠦᠷᠦᠯᠴᠡᠬᠦ ᠥᠬᠡᠶ ᠠᠴᠠ ᠪᠣᠯᠤᠭᠰᠠᠨ ᠬᠦᠨᠳᠦ ᠨᠣᠴᠢᠲᠠᠶ ᠦᠷ᠎ᠡ ᠳ᠋ᠦᠩ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号