ᠬᠦᠨᠳᠡᠯᠡᠨ ᠲᠣᠭᠤᠷᠢᠭ 6 ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ︽ᠬᠦᠷᠦᠯᠴᠡᠯ ᠥᠬᠡᠶ ᠪᠠᠷ ᠳᠣᠭᠢᠷᠠᠭᠤᠯᠤᠨ ᠬᠦᠷᠭᠡᠬᠦ︾ ᠦᠶᠯᠡᠴᠢᠯᠡᠭᠡᠨ ᠤ ᠵᠠᠭᠪᠤᠷ ᠢ ᠡᠬᠢᠯᠡᠭᠦᠯᠵᠦ ᠬᠤᠲᠠ ᠶᠢᠨ ᠠᠷᠠᠳ ᠤᠨ ᠠᠮᠢᠳᠤᠷᠠᠯ ᠤᠨ ᠡᠳ᠋ ᠪᠣᠳᠠᠰ ᠭᠦᠶᠴᠡᠳ ᠪᠠᠶᠢᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2022/6/20
     4 ᠰᠠᠷ᠎ᠠ ᠶᠢᠨ 26 ᠤ ᠡᠳᠦᠷ ᠠᠴᠠ ᠡᠬᠢᠯᠡᠨ᠂ ᠬᠥᠨᠳᠡᠯᠡᠨ ᠲᠣᠭᠤᠷᠢᠭ ᠤᠨ ᠬᠢᠨ 6 ᠴᠠᠬᠢᠯᠭᠠᠨ ᠬᠡᠷᠡᠭᠰᠡᠯ ᠤᠨ ᠬᠤᠳᠠᠯᠳᠤᠭᠠᠨ ᠤ ᠠᠵᠤ ᠠᠬᠤᠶᠢᠯᠠᠯ ᠪᠠ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠲᠠᠪᠴᠠᠩ ᠤᠨ ᠳᠠᠪᠠᠭᠤᠯᠢᠭ ᠢᠶᠠᠨ ᠪᠠᠳᠠᠷᠠᠭᠤᠯᠵᠤ᠂ ︽ᠬᠦᠷᠦᠯᠴᠡᠬᠦ ᠥᠬᠡᠶ ᠪᠠᠷ ᠳᠣᠭᠢᠷᠠᠭᠤᠯᠤᠨ ᠬᠦᠷᠭᠡᠬᠦ︾ ᠦᠢᠯᠡᠴᠢᠯᠡᠭᠡᠨ ᠤ ᠵᠠᠭᠪᠤᠷ ᠢ ᠡᠬᠢᠯᠡᠨ ᠬᠡᠷᠡᠭᠵᠢᠭᠦᠯᠵᠦ᠂ ᠥᠷᠭᠡᠨ ᠣᠯᠠᠨ ᠬᠤᠲᠠ ᠶᠢᠨ ᠠᠷᠠᠳ ᠲᠤ ᠨᠠᠩ ᠳᠥᠭᠦᠮ ᠳᠥᠲᠡ᠂ ᠠᠮᠤᠷ ᠲᠦᠪᠰᠢᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠬᠠᠩᠭᠠᠪᠠ᠃ ᠰᠠᠭᠤᠭᠠᠯᠢ ᠠᠷᠠᠳ ᠫᠷᠦᠭᠷᠡᠮ ᠪᠠ ᠬᠤᠶᠠᠷ ᠬᠡᠮᠵᠢᠯᠳᠦ ᠺᠣᠳ᠋ ᠢᠶᠠᠷ ᠳᠠᠮᠵᠢᠨ ᠥᠪᠥᠷ ᠮᠣᠩᠭᠤᠯ ᠤᠨ ᠾᠦᠢ ᠼᠠᠢ ᠪᠦᠷᠢᠨ ᠪᠠᠷᠠᠭᠠᠲᠣ ᠬᠢᠵᠠᠭᠠᠷᠲᠤ ᠺᠣᠮᠫᠠᠨᠢ᠂ ᠰᠦ ᠨᠢᠩ ᠢ ᠭᠧᠦ᠂ ᠪᠤᠭᠤᠲᠤ ᠬᠤᠲᠠ ᠶᠢᠨ ᠪᠦᠦ ᠯᠢᠩ ᠰᠢᠨ᠎ᠡ ᠰᠣᠷᠭᠤᠭ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠸᠠᠩ ᠹᠦ᠋ ᠵᠢᠩ ᠲᠡᠷᠢᠭᠦᠨ ᠤ ᠬᠡᠲᠦ ᠳᠡᠯᠭᠡᠭᠦᠷ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠶᠦᠩ ᠬᠤᠶ ᠬᠡᠲᠦ ᠳᠡᠯᠭᠡᠭᠦᠷ ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠾᠦᠢ ᠨᠦᠩ ᠵᠢᠶ ᠼᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠰᠢᠭᠤᠳ ᠵᠠᠬᠢᠶᠠᠯᠠᠭ᠎ᠠ ᠬᠢᠵᠦ ᠪᠣᠯᠤᠨ᠎ᠠ᠃︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号